ᠮᠠᠯ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠠᠭᠤᠷᠢᠶᠠᠯ ᠬᠤᠰᠢᠭᠤ ᠶᠢᠨ ᠦᠷ᠎ᠡ ᠪᠦᠲᠦᠭᠡᠯ | ᠢᠶᠠᠨ ᠪᠠᠲᠤᠳᠬᠠᠬᠤ ᠶᠢᠨ ᠲᠦᠯᠦᠭᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠵᠢᠯ ᠪᠦᠷᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠳᠤᠷᠠᠨ ᠦᠷ᠎ᠡ ᠬᠦᠷᠦᠩᠭᠡ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠡᠮ᠂ ᠲᠡᠵᠢᠭᠡᠯ ᠪᠤᠷᠳᠤᠭ᠎ᠠ᠂ ᠮᠠᠯ ᠤᠨ ᠡᠮ ᠵᠡᠷᠭᠡ ᠮᠠᠯ ᠲᠠᠷᠢᠶᠠᠯᠠᠩ ᠤᠨ | ᠬᠡᠷᠡᠭᠯᠡᠭᠡᠨ ᠤ ᠪᠤᠳᠠᠰ ᠲᠤ ᠲᠤᠰᠬᠠᠢ ᠪᠠᠶᠢᠴᠠᠭᠠᠯᠲᠠ ᠬᠢᠵᠤ᠂ ᠲᠠᠷᠢᠶᠠᠯᠠᠩ ᠤᠨ ᠪᠤᠳᠠᠰ ᠡᠵᠡᠩᠨᠡᠭᠴᠢ ᠶᠢᠨ ᠡᠵᠡᠩᠨᠡᠯᠲᠡ ᠶᠢᠨ ᠬᠢᠷᠢ ᠬᠡᠮ᠂ ᠡᠵᠡᠩᠨᠡᠯᠲᠡ ᠶᠢᠨ | ᠬᠦᠷᠢᠶ᠎ᠡ ᠬᠡᠪᠴᠢᠶ᠎ᠡ᠂ ᠦᠢᠯᠡᠳᠬᠦᠨ ᠤ ᠲᠠᠩᠰᠠᠯᠠᠯᠲᠠ ᠶᠢᠨ ᠦᠨᠡᠮᠯᠡᠯ᠂ ᠬᠤᠳᠠᠯᠳᠤᠭ᠎ᠠ᠂ ᠦᠢᠯᠡᠳᠬᠦᠨ ᠤ ᠬᠦᠴᠦᠨ ᠪᠦᠬᠦᠢ ᠠᠭᠤᠯᠤᠭᠳᠠᠴᠠ ᠵᠡᠷᠭᠡ ᠲᠤᠭᠳᠠᠭᠠᠯ | ᠢ ᠵᠦᠷᠢᠴᠡᠨ ᠦᠢᠯᠡᠳᠪᠦᠷᠢᠯᠡᠭᠰᠡᠨ ᠪᠠ ᠬᠤᠷᠢᠭ᠎ᠠ ᠴᠠᠭᠠᠵᠠ ᠲᠠᠢ ᠮᠠᠯ ᠤᠨ ᠡᠮ᠂ ᠦᠨᠳᠦᠷ ᠬᠤᠤᠷᠲᠤ ᠲᠠᠷᠢᠶᠠᠨ ᠡᠮ ᠵᠡᠷᠭᠡ ᠬᠠᠤᠯᠢ ᠪᠤᠰᠤ ᠡᠵᠡᠩᠨᠡᠯᠲᠡ ᠶᠢᠨ | ᠠᠵᠢᠯᠯᠠᠭ᠎ᠠ ᠶᠢ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠭᠤᠤᠯᠳᠠᠯᠭ᠎ᠠ ᠲᠠᠢ ᠪᠠᠶᠢᠴᠠᠭᠠᠵᠤ ᠪᠠᠶᠢᠨ᠎ᠠ᠃ ᠢᠳᠡᠰᠢᠨ ᠨᠤᠭᠤᠭᠠᠨ ᠤ ᠲᠠᠷᠢᠶᠠᠨ ᠡᠮ ᠤᠨ | ᠦᠯᠡᠳᠡᠪᠦᠷᠢ ᠶᠢᠨ ᠬᠢᠷᠢ ᠲᠡᠩᠴᠡᠭᠰᠡᠨ ᠨᠤᠷᠮ᠎ᠠ 98% ᠠᠴᠠ ᠲᠡᠭᠡᠭᠰᠢ᠂ ᠮᠠᠯ᠂ ᠤᠰᠤᠨ ᠭᠠᠷᠤᠯᠲᠠ ᠶᠢᠨ ᠪᠦᠲᠦᠭᠡᠭᠳᠡᠬᠦᠨ ᠤ ᠮᠠᠯ ᠤᠨ ᠡᠮ᠂ ᠵᠢᠭᠠᠰᠤᠨ ᠡᠮ | ᠤᠨ ᠦᠯᠡᠳᠡᠪᠦᠷᠢ ᠶᠢᠨ ᠬᠢᠷᠢ ᠲᠡᠩᠴᠡᠭᠰᠡᠨ ᠨᠤᠷᠮ᠎ᠠ 100%᠂ ᠲᠡᠵᠢᠭᠡᠪᠤᠷᠢ ᠶᠢᠨ ᠲᠠᠯᠠᠪᠠᠢ ᠶᠢᠨ ︽ᠬᠠᠷ᠎ᠠ ᠮᠢᠬᠠᠨ ᠤᠬᠢ︾ ᠶᠢᠨ ᠰᠤᠭᠤᠯᠤᠨ | ᠪᠠᠶᠢᠴᠠᠭᠠᠭᠰᠠᠨ ᠬᠢᠷᠢ ᠲᠡᠩᠴᠡᠭᠰᠡᠨ ᠨᠤᠷᠮ᠎ᠠ100% ᠳᠤ ᠬᠦᠷᠪᠡ᠃ ᠲᠡᠵᠢᠭᠡᠯ ᠪᠤᠷᠳᠤᠭᠠᠨ ᠤ ᠦᠢᠯᠡᠳᠬᠦᠨ ᠤ ᠤᠭᠤᠷᠠᠭ᠂ ᠺᠠᠯᠽᠢ ᠵᠡᠷᠭᠡ ᠲᠦᠷᠦᠯ ᠵᠦᠢᠯ | ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠤᠷᠮ᠎ᠠ 96% ᠳᠤ ᠬᠦᠷᠴᠦ᠂ 2 ᠵᠠᠭᠤᠨ ᠤ ᠬᠤᠪᠢ ᠶᠢᠨ ᠴᠡᠭ ᠨᠡᠮᠡᠭᠳᠡᠪᠡ᠃ ᠤᠰᠤᠨ ᠭᠠᠷᠤᠯᠲᠠ ᠶᠢᠨ | ᠬᠠᠮᠠᠭᠠᠯᠠᠯᠲᠠ ᠪᠠ ᠬᠢᠨᠠᠨ ᠬᠠᠮᠢᠶᠠᠷᠬᠤ ᠬᠦᠴᠦᠯᠡᠴᠡ ᠪᠠᠨ ᠨᠡᠮᠡᠭᠳᠡᠬᠦᠯᠵᠤ᠂ ᠵᠢᠯ ᠪᠦᠷᠢ 60 ᠲᠦᠮᠡᠨ ᠵᠢᠭᠠᠰᠤᠨ ᠤ ᠲᠦᠷᠦᠯ ᠢ ᠬᠦᠮᠦᠨ ᠤ ᠬᠦᠴᠦ ᠪᠠᠷ | ᠦᠷᠡᠵᠢᠬᠦᠯᠦᠨ ᠲᠠᠯᠪᠢᠬᠤ ᠠᠵᠢᠯᠯᠠᠭ᠎ᠠ ᠦᠷᠨᠢᠬᠦᠯᠵᠤ᠂ ᠤᠰᠤᠨ ᠭᠠᠷᠤᠯᠲᠠ ᠶᠢᠨ ᠬᠠᠤᠯᠢ ᠬᠦᠢᠴᠡᠳᠬᠡᠬᠦ ᠬᠤᠷᠳᠤᠨ ᠤᠩᠭᠤᠴᠠ ᠬᠤᠳᠠᠯᠳᠤᠨ ᠠᠪᠤᠭᠠᠳ᠂ | ᠤᠰᠤᠨ ᠭᠠᠷᠤᠯᠲᠠ ᠶᠢᠨ ᠲᠠᠪᠳᠠᠨ ᠪᠠᠶᠢᠴᠠᠭᠠᠯᠲᠠ ᠳᠤ ᠬᠢᠷᠢ ᠲᠡᠩᠴᠡᠯᠲᠡ ᠶᠢᠨ ᠨᠤᠷᠮ᠎ᠠ 100% ᠳᠤ ᠬᠦᠷᠪᠡ︔ ᠪᠦᠬᠦ ᠬᠤᠰᠢᠭᠤᠨ ᠤ 5 ᠪᠠᠶᠢᠩᠭᠤ ᠶᠢᠨ | ᠮᠠᠯ ᠵᠢᠭᠦᠷᠳᠡᠨ ᠨᠢᠳᠤᠯᠬᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠬᠢᠷᠢ ᠬᠡᠮ ᠤᠨ ᠪᠠᠶᠢᠳᠠᠯ᠂ ᠪᠡᠯᠡᠳᠬᠡᠮᠵᠢ ᠲᠦᠬᠦᠭᠡᠷᠦᠮᠵᠢ ᠶᠢᠨ ᠴᠢᠮᠡᠭᠡ ᠵᠠᠩᠭᠢ᠂ | ᠠᠵᠢᠯᠳᠠᠨ ᠤ ᠴᠢᠮᠡᠭᠡ ᠵᠠᠩᠭᠢ ᠵᠡᠷᠭᠡ ᠶᠢ ᠲᠠᠩᠰᠠ ᠪᠤᠰᠬᠠᠨ ᠺᠠᠷᠲ ᠭᠠᠷᠭᠠᠵᠤ᠂ ᠤᠤᠯ ᠤᠨ ᠠᠷᠠᠯᠵᠢᠶᠠᠴᠢᠨ ᠤ ᠶᠠᠪᠤᠳᠠᠯ ᠤᠨ ᠰᠠᠯᠠᠭ᠎ᠠ ᠮᠦᠴᠢᠷ ᠠᠴᠠ | ᠲᠠᠷᠬᠠᠭᠠᠭᠰᠠᠨ ᠮᠠᠯ ᠵᠢᠭᠦᠷᠳᠡᠨ ᠢ ᠲᠤᠭᠳᠠᠮᠠᠯ ᠴᠡᠭ ᠲᠤ ᠨᠢᠳᠤᠯᠬᠤ ᠵᠦᠪᠰᠢᠶᠡᠷᠡᠯ ᠤᠨ ᠦᠨᠡᠮᠯᠡᠯ ᠢ ᠨᠢᠭᠡᠳᠦᠯᠲᠠᠢ ᠰᠤᠯᠢᠭᠠᠳ᠂ A ᠦᠨᠡᠮᠯᠡᠯᠲᠤ ᠠᠵᠤ | ᠠᠬᠤᠶᠢᠯᠠᠯ 3᠂ B ᠦᠨᠡᠮᠯᠡᠯᠲᠤ ᠠᠵᠤ ᠠᠬᠤᠶᠢᠯᠠᠯ 2 ᠢ ᠲᠤᠰ ᠲᠤᠰ ᠭᠠᠷᠭᠠᠪᠠ᠃ | | | | | | | |