ᠵᠢᠱᠢᠭᠰᠡᠨ ᠢᠶᠠᠷ 8 ᠰᠠᠷ᠎ᠠ ᠶᠢᠨ 17 ᠤ ᠡᠳᠦᠷ ᠤᠨ 20 ᠴᠠᠭ ᠠᠴᠠ 8 ᠰᠠᠷ᠎ᠠ ᠶᠢᠨ 18 ᠤ ᠡᠳᠦᠷ ᠤᠨ 14 ᠴᠠᠭ ᠪᠤᠯᠳᠠᠯ᠎ᠠ᠂ ᠤᠷᠳᠤᠰ ᠬᠤᠲᠠ | ᠶᠢᠨ ᠶᠡᠬᠡᠩᠬᠢ ᠭᠠᠵᠠᠷ ᠲᠤ ᠠᠶᠤᠩᠭᠠᠲᠤ ᠪᠤᠷᠤᠭᠠᠨ ᠲᠠᠢ᠃ ᠲᠤᠮᠳᠠ ᠵᠡᠭᠦᠨ ᠪᠡᠶ᠎ᠡ ᠶᠢᠨ ᠭᠠᠵᠠᠷ ᠤᠷᠤᠨ ᠳᠤ ᠤᠬᠤᠷ ᠴᠠᠭ ᠤᠨ ᠠᠭᠠᠳᠠᠷ ᠪᠤᠷᠤᠭᠠᠨ ᠤᠷᠤᠬᠤ | ᠪᠤᠯᠤᠮᠵᠢ ᠨᠡᠯᠢᠶᠡᠳ ᠶᠡᠭᠡ᠂ ᠴᠠᠭ ᠪᠦᠷᠢ ᠶᠢᠨ ᠪᠤᠷᠤᠭᠠᠨ ᠤ ᠬᠡᠮᠵᠢᠶ᠎ᠡ ᠬᠠᠮᠤᠭ ᠤᠨ ᠶᠡᠭᠡ ᠳᠤ ᠪᠠᠨ 20 ~ 30 ᠮᠢᠯᠢᠮᠧᠲᠷ ᠲᠤ ᠬᠦᠷᠦᠨ᠎ᠠ᠃ | | ᠰᠡᠷᠭᠡᠶᠢᠯᠡᠬᠦ ᠵᠢᠯᠤᠭᠤᠳᠤᠮᠵᠢ᠄ | 1. ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠬᠤᠷ ᠴᠠᠭ ᠤᠨ ᠠᠭᠠᠳᠠᠷ ᠪᠤᠷᠤᠭᠠᠨ᠂ ᠠᠶᠤᠩᠭ᠎ᠠ᠂ ᠶᠡᠭᠡ ᠰᠠᠯᠬᠢ ᠶᠢ | ᠰᠡᠷᠭᠡᠶᠢᠯᠡᠬᠦ ᠠᠵᠢᠯ ᠢ ᠰᠠᠶᠢᠲᠤᠷ ᠬᠢᠵᠤ᠂ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠬᠦᠮᠦᠨ ᠤ ᠬᠦᠴᠦ ᠪᠠᠷ ᠮᠦᠨᠳᠦᠷ ᠰᠡᠷᠭᠡᠶᠢᠯᠡᠬᠦ ᠠᠵᠢᠯ ᠢ ᠰᠠᠶᠢᠲᠤᠷ | ᠬᠢᠭᠡᠷᠠᠢ︕ | 2. ᠶᠠᠪᠠᠭᠠᠨ ᠬᠦᠮᠦᠨ ᠪᠠ ᠠᠵᠢᠯᠲᠠᠨ ᠭᠡᠷ ᠤᠨ ᠭᠠᠳᠠᠨᠠᠬᠢ ᠠᠵᠢᠯᠯᠠᠭ᠎ᠠ ᠪᠠᠨ ᠴᠦᠭᠡᠳᠬᠡᠵᠤ᠂ ᠬᠠᠰᠢᠶ᠎ᠠ ᠰᠠᠷᠠᠪᠴᠢ᠂ ᠵᠠᠷ ᠮᠡᠳᠡᠭᠡᠨ ᠤ ᠫᠠᠶᠢᠰᠠ ᠵᠡᠷᠭᠡ | ᠠᠴᠠ ᠬᠤᠯᠠᠬᠠᠨ ᠶᠠᠪᠤᠭᠠᠷᠠᠢ︕ | 3. ᠡᠭᠦᠳᠡ ᠴᠤᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠬᠦᠯᠡᠮᠵᠢ ᠪᠠᠨ ᠰᠠᠶᠢᠨ ᠪᠠᠬᠢᠯᠡᠭᠡᠷᠡᠢ︕ | 4. ᠨᠢᠰᠬᠡᠯ ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ ᠪᠤᠯᠤᠨ ᠤᠰᠤᠨ ᠲᠡᠭᠡᠷᠡᠬᠢ ᠵᠠᠮ ᠬᠠᠷᠢᠯᠴᠠᠭ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠢᠨ | ᠠᠶᠠᠯᠠᠬᠤ ᠬᠤᠷᠳᠤᠴᠠ ᠶᠢ ᠬᠢᠵᠠᠭᠠᠷᠯᠠᠬᠤ ᠪᠤᠶᠤ ᠲᠦᠷ ᠬᠠᠭᠠᠬᠤ ᠵᠡᠷᠭᠡ ᠠᠷᠭ᠎ᠠ ᠬᠡᠮᠵᠢᠶ᠎ᠡ ᠠᠪᠴᠦ᠂ ᠠᠮᠤᠷ ᠲᠦᠪᠰᠢᠨ ᠢ ᠪᠠᠲᠤᠯᠠᠭᠠᠷᠠᠢ︕ | 5. ᠬᠤᠲᠠ᠂ ᠲᠠᠷᠢᠶᠠᠨ ᠭᠠᠵᠠᠷ ᠵᠡᠷᠭᠡ ᠶᠢᠨ ᠤᠰᠤ ᠭᠠᠳᠠᠭᠰᠢᠯᠠᠭᠤᠯᠬᠤ ᠰᠢᠰᠲ᠋ᠧᠮ ᠢ ᠪᠠᠶᠢᠴᠠᠭᠠᠵᠤ᠂ ᠠᠭᠤᠯᠠᠨ ᠦᠶᠡᠷ᠂ ᠶᠡᠭᠦᠷᠡᠯ᠂ ᠰᠢᠪᠡᠷ ᠴᠢᠯᠠᠭᠤᠨ | ᠤᠷᠤᠰᠬᠠᠯ ᠵᠡᠷᠭᠡ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠠᠢ︕ |