ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/2
      7 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠭᠤᠯᠤᠯᠳᠠ  ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ ᠪᠣᠯᠣᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ᠂ ᠪᠥᠬᠦ ᠬᠤᠰᠢᠭᠤᠨ ᠤ ︽ᠲᠦᠷᠪᠡᠨ ᠬᠦᠢᠴᠡᠳᠬᠡᠬᠦ︾ ᠪᠣᠯᠤᠨ ᠵᠠᠭᠠᠯᠳᠤᠯᠭ᠎ᠠ ᠶᠢ ᠭᠥᠯᠢᠶᠡᠨ ᠠᠪᠤᠪᠠᠯ ᠲᠠᠷᠤᠢ ᠳᠤ ᠨᠢ ᠰᠢᠢᠳᠪᠤᠷᠢᠯᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠥᠨᠳᠥᠷ ᠪᠦᠲᠦᠮᠵᠢᠲᠡᠶ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠤᠷᠢᠨ ᠳᠤ ᠶᠠᠷᠢᠶ᠎ᠠ ᠲᠠᠯᠪᠢᠬᠤ ᠶᠢᠨ ᠬᠠᠮᠲᠤ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠪᠠᠶᠢᠷᠢᠯᠠᠭᠤᠯᠤᠯᠲᠠ ᠬᠢᠪᠡ᠃
1.jpg
2.jpg
       ᠸᠠᠩ ᠵᠢᠶᠠᠨ ᠶᠠᠷᠢᠶᠠᠨ ᠳᠤ ᠪᠠᠨ᠂ ᠠᠮᠵᠢᠯᠲᠠ ᠪᠦᠲᠦᠮᠵᠢ ᠪᠠᠨ ᠨᠤᠲᠠᠯᠠᠵᠤ ᠠᠰᠠᠭᠤᠳᠠᠯ ᠳᠤ ᠵᠥᠪ ᠢᠶᠠᠷ ᠬᠠᠨᠳᠤᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ ᠤᠯᠠᠮ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠭᠡᠷᠡᠴᠢᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠦᠷᠭᠦᠯᠵᠢᠯᠡᠨ ᠰᠢᠯᠢᠳᠡᠭᠵᠢᠭᠦᠯᠵᠦ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ ᠦᠢᠯᠡᠳᠪᠦᠷᠢᠯᠡᠯ ᠤᠨ ᠬᠦᠴᠦᠨ ᠢ ᠦᠨᠡᠨ ᠬᠦ ᠴᠢᠯᠥᠭᠡᠯᠡᠵᠦ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠸᠠᠩ ᠵᠢᠶᠠᠨ ᠬᠡᠯᠡᠬᠦ ᠳᠤ ᠪᠠᠨ᠂ ᠪᠠᠰᠠ ᠵᠠᠩᠭᠢᠯᠠᠭ᠎ᠠ ᠶᠢ ᠠᠳᠬᠤᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠬᠦᠴᠢᠷᠳᠡᠯ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ ᠵᠠᠰᠠᠭ ᠤᠨ ᠶᠠᠪᠤᠳᠠᠯ ᠤᠨ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠤᠷᠤᠯᠠᠭᠤᠯᠵᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠲᠡᠭᠡᠲᠦ ᠱᠠᠲᠤᠨ ᠤ ᠬᠤᠲᠠᠯᠲᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤ ᠨᠢ ᠰᠢᠢᠳᠪᠤᠷᠢᠯᠡᠬᠦ︾ ᠠᠵᠢᠯ ᠢ ᠬᠢᠨᠠᠮᠠᠭᠠᠶ ᠰᠠᠶᠢᠲᠤᠷ ᠠᠳᠬᠤᠨ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ ᠴᠠᠭ ᠲᠤᠬᠠᠶ ᠳᠤᠨᠢ ᠮᠥᠷᠳᠡᠨ ᠳᠠᠭᠠᠵᠤ ᠬᠦᠢᠴᠡᠳᠭᠡᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤᠤᠷ᠎ᠠ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ ᠬᠠᠮᠢᠶ᠎ᠠ ᠪᠥᠬᠦᠶ ᠬᠠᠷᠢᠭᠤᠴᠠᠯᠭᠠᠲᠠᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ ᠬᠠᠮᠲᠤ ᠪᠠᠷ ᠬᠠᠮᠢᠶᠠᠷᠬᠤ᠂ ᠬᠤᠯᠪᠣᠭᠠᠯᠠᠨ ᠬᠥᠳᠡᠯᠦᠯᠴᠡᠬᠦ ᠠᠵᠢᠯ ᠢ ᠦᠨᠡᠨ ᠬᠦ ᠪᠠᠶᠠᠯᠡᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠴᠢᠨᠠᠷ ᠰᠠᠶᠢᠲᠠᠶ ᠨᠤᠮᠢᠨ ᠲᠠᠩᠰᠤᠭ ᠦᠦᠰᠢᠨ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠠᠢ᠃                                   ᠰᠤᠷᠪᠤᠯᠵᠢᠯᠠᠭᠴᠢ᠄ ᠯᠤᠨᠲᠤᠨᠬᠤᠸᠠᠷ   ᠪᠠᠶᠠᠨᠳᠠᠯᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ