ᠠᠯᠲᠠᠨ ᠨᠠᠮᠣᠷ ᠤᠨ ᠡᠯᠪᠡᠭ ᠬᠤᠷᠢᠶᠠᠯᠲᠠ ᠶᠢᠨ ᠣᠯᠡᠷᠢᠯ ᠭᠦᠷᠴᠣ ᠢᠷᠡᠬᠦ ᠪᠠᠷ᠂ ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ | ᠬᠤᠨᠵᠢᠨᠴᠠᠶᠢᠳᠠᠮ ᠲᠣᠰᠬᠤᠨ ᠤ ᠡᠨᠡ ᠵᠢᠯ ᠤᠨ ᠲᠠᠷᠢᠭᠰᠠᠨ 3000 ᠭᠠᠷᠤᠢ ᠮᠦ ᠲᠠᠷᠪᠤᠰ ᠡᠯᠪᠡᠭ ᠬᠤᠷᠢᠶᠠᠯᠲᠠ ᠣᠯᠵᠤ᠂ ᠣᠳᠣᠬᠠᠨ ᠤ ᠵᠠᠬ᠎ᠠ ᠳᠡᠯᠭᠡᠭᠦᠷ ᠤᠨ | ᠬᠡᠷᠡᠭᠴᠡᠭᠡ ᠶᠢ ᠬᠠᠩᠭᠠᠵᠥ ᠳᠠᠶᠢᠯᠬᠦ ᠦᠬᠡᠢ ᠪᠣᠷᠣᠯᠠᠭᠤᠯᠭ᠎ᠠ ᠭᠦᠭᠵᠢᠶᠡᠨ ᠲᠠᠢ ᠪᠠᠶᠢᠨ᠎ᠠ᠃ | ᠰᠢᠷᠬᠤᠰᠤᠨ ᠪᠠᠯᠭᠠᠰᠤᠨ ᠤ ᠬᠤᠨᠵᠢᠨᠴᠠᠶᠢᠳᠠᠮ ᠲᠣᠰᠬᠤᠨ ᠤ ᠲᠠᠷᠢᠶᠠᠴᠢᠨ ᠦ᠋ ᠭᠦᠸᠧ ᠳ᠋ᠦᠩ ᠤᠨ ᠲᠠᠷᠪᠤᠰ ᠤᠨ ᠲᠠᠷᠢᠶᠠᠨ ᠳᠤ ᠲᠣᠰᠬᠤᠨ ᠤ | ᠠᠷᠠᠳ ᠲᠠᠷᠪᠤᠰ ᠢᠶᠠᠨ ᠶᠠᠭᠠᠷᠠᠯᠲᠠᠢ ᠲᠡᠭᠦᠵᠦ ᠲᠡᠷᠭᠡᠨ ᠳᠤ ᠰᠠᠪᠠᠯᠠᠵᠤ ᠪᠠᠶᠢᠯ᠎ᠠ᠃ ᠦ᠋ ᠭᠦᠸᠧ ᠳ᠋ᠦᠩ ᠰᠤᠷᠪᠤᠯᠵᠢᠯᠠᠭᠴᠢ ᠳᠤ᠄ ︽ᠡᠨᠡ ᠵᠢᠯ ᠤᠨ ᠲᠦᠷᠦᠭᠦᠤ | ᠬᠠᠭᠠᠰ ᠵᠢᠯ ᠳᠤ ᠬᠤᠷ᠎ᠠ ᠲᠣᠨᠣᠳᠠᠰᠤ ᠪᠠᠭ᠎ᠠ᠂ ᠨᠡᠷᠡᠨ ᠤ ᠲᠤᠰᠤᠯᠲᠠ ᠭᠥᠢᠴᠡᠳ ᠪᠠᠶᠢᠭᠰᠠᠨ ᠢᠶᠠᠷ ᠮᠠᠨ ᠤ ᠳᠠᠷᠢᠭᠰᠠᠨ 12 ᠮᠥ ᠡᠯᠡᠰᠦᠨ ᠲᠠᠷᠪᠤᠰ ᠤᠨ | ᠠᠮᠲᠠ ᠨᠢ ᠰᠠᠶᠢᠬᠠᠨ ᠪᠤᠯᠵᠤ᠂ ᠣᠲᠣ ᠨᠢᠭᠡᠨᠲᠡ 7 ᠲᠦᠮᠡ ᠭᠠᠷᠤᠶ ᠵᠢᠩ ᠲᠡᠭᠦᠵᠦ ᠪᠣᠷᠣᠯᠠᠭᠤᠯᠤᠭᠠᠳ 7 ᠲᠦᠮᠡᠨ ᠲᠥᠭᠦᠷᠢᠭ ᠢ ᠲᠠᠪᠠᠵᠤ᠂ ᠮᠥ ᠪᠦᠷᠢ ᠶᠢᠨ | ᠤᠨᠠᠯᠲᠠ ᠨᠢ 6000 ᠲᠥᠭᠦᠷᠢᠭ ᠣᠷᠴᠢᠮ ᠪᠤᠯᠤᠭᠰᠠᠨ︾ ᠬᠡᠵᠤ ᠪᠠᠶᠢᠯ᠎ᠠ᠃ | ᠬᠤᠨᠵᠢᠨᠴᠠᠶᠢᠳᠠᠮ ᠲᠣᠰᠬᠤᠨ ᠤ ᠰᠢᠯᠢᠳᠡᠭ ᠴᠢᠨᠠᠷ ᠤᠨ ᠲᠠᠷᠪᠤᠰ ᠨᠢ ᠠᠷᠠᠯᠵᠢᠶᠠᠴᠢᠳ ᠤᠨ ᠠᠩᠬᠠᠷᠤᠯ ᠢ ᠲᠠᠲᠠᠵᠤ ᠬᠤᠨᠵᠢᠨᠴᠠᠶᠢᠳᠠᠮ ᠲᠣᠰᠬᠤᠨ ᠤ | ᠲᠠᠷᠪᠤᠰ ᠢ ᠲᠥᠪᠯᠡᠷᠡᠭᠦᠯᠵᠦ ᠲᠠᠷᠬᠠᠭᠠᠬᠤ ᠲᠥᠪ ᠲᠤ᠂ ᠲᠠᠷᠢᠶᠠᠴᠢᠳ ᠲᠠᠷᠪᠤᠰ ᠢᠶᠠᠨ ᠠᠳᠡ ᠠᠪᠴᠢᠷᠠᠵᠤ ᠪᠣᠷᠣᠯᠠᠭᠤᠯᠤᠨ ᠦᠨ᠎ᠡ ᠬᠠᠩᠰᠢ ᠶᠢ ᠨᠢ ᠵᠥᠪᠳᠡᠯᠴᠡᠵᠤ | ᠲᠡᠷᠭᠡᠨ ᠳᠤ ᠰᠠᠪᠠᠯᠠᠨ ᠡᠯᠪᠡᠭ ᠬᠤᠷᠢᠶᠠᠯᠲᠠ ᠶᠢᠨ ᠪᠠᠶᠢᠳᠠᠯ ᠢᠯᠠᠷᠭᠡᠢ ᠬᠠᠷᠠᠭᠳᠠᠵᠤ ᠪᠠᠶᠢᠯ᠎ᠠ᠃ ᠲᠠᠷᠪᠤᠰ ᠤᠨ ᠬᠤᠳᠠᠯᠳᠤᠭᠠᠴᠢᠨ ᠯᠢ ᠬᠤᠩ ᠵᠢᠶᠦ᠋ᠨ᠄ ︽ᠡᠨᠡ | ᠵᠢᠯ ᠤᠨ ᠬᠤᠷᠢᠶᠠᠯᠲᠠ ᠨᠢᠳᠤᠨᠤᠨ ᠤ ᠬᠢ ᠠᠴᠠ ᠰᠠᠶᠢᠨ ᠪᠣᠯᠵᠠᠶ᠂ ᠡᠮᠦᠨᠡᠲᠦ ᠣᠷᠣᠨ ᠳᠤ ᠥᠨᠳᠥᠷ ᠬᠠᠯᠠᠭᠤᠨ ᠪᠤᠯᠤᠭᠰᠠᠨ ᠢᠶᠠᠷ ᠭᠤᠸ᠎ᠠ ᠲᠤᠳᠠᠭᠳᠠᠵᠤ᠂ ᠦᠨ᠎ᠡ | ᠬᠠᠩᠰᠢ ᠪᠠᠰᠠ ᠥᠰᠴᠤ ᠪᠠᠷᠤᠭ ᠵᠢᠩ ᠪᠦᠷᠢ ᠨᠢᠭᠡ ᠲᠥᠭᠦᠷᠢᠭ ᠤᠷᠴᠢᠮ ᠪᠤᠯᠵᠪ᠂ ᠨᠢᠳᠤᠨᠤᠨ ᠬᠤᠶᠠᠷ ᠭᠤᠷᠪᠠᠨ ᠵᠢᠶᠤᠤ ᠪᠠᠶᠢᠭᠰᠠᠨ︾ ᠭᠡᠯ᠎ᠠ᠃ | ᠣᠶᠢᠷ᠎ᠠ ᠶᠢᠨ ᠵᠢᠯ ᠠᠴᠠ ᠨᠠᠰᠢ᠂ ᠲᠠᠷᠪᠤᠰ ᠤᠨ ᠠᠵᠤ ᠥᠢᠯᠡᠰ ᠢ ᠲᠥᠷᠭᠡᠨ ᠭᠦᠭᠵᠢᠭᠦᠯᠵᠥ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ | ᠲᠡᠮᠲᠡᠭ ᠢ ᠡᠭᠦᠳᠬᠦ ᠶᠢᠨ ᠲᠥᠯᠥᠭᠡ᠂ ᠬᠤᠨᠵᠢᠨᠴᠠᠶᠢᠳᠠᠮ ᠲᠣᠰᠬᠤᠨ ᠨᠢ ᠭᠠᠵᠠᠷ ᠰᠢᠷᠣᠶ ᠶᠢᠨ ᠡᠷᠭᠢᠯᠲᠡ ᠶᠢ ᠲᠦᠷᠭᠡᠳᠬᠡᠬᠦ ᠶᠢ ᠢᠳᠡᠪᠬᠢᠲᠡᠶ ᠠᠭᠢᠭᠤᠯᠤᠨ | ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠡᠭᠦᠯᠳᠡᠷ ᠣᠷᠣᠭᠤᠯᠵᠤ᠂ ᠪᠤᠭᠢᠷᠳᠤᠯ ᠥᠬᠡᠶ ᠪᠠᠷ ᠳᠠᠷᠢᠵᠤ ᠪᠤᠶᠢᠵᠢᠭᠤᠯᠬᠤ᠂ | ᠪᠠᠷᠢᠮᠵᠢᠶᠠᠵᠢᠭᠤᠯᠤᠨ ᠬᠠᠮᠢᠶᠠᠷᠬᠤ ᠶᠢ ᠬᠡᠷᠡᠭᠵᠢᠭᠦᠯᠦᠭᠰᠡᠨ ᠤ ᠬᠠᠮᠲᠤ ᠲᠠᠷᠪᠤᠰ ᠤᠨ ᠲᠠᠷᠢᠶᠠᠴᠢᠳ ᠲᠠᠢ ᠬᠤᠯᠪᠣᠭᠠᠯᠠᠨ ᠲᠠᠷᠪᠤᠰ ᠤᠨ ᠲᠠᠷᠢᠮᠠᠯ ᠤᠨ ᠨᠡᠶᠢᠭᠡᠮᠯᠢᠭ ᠢ | ᠪᠠᠶᠢᠭᠤᠯᠵᠤ ᠲᠠᠷᠪᠤᠰ ᠤᠨ ᠠᠵᠤ ᠥᠢᠯᠡᠰ ᠢ ᠲᠦᠷᠭᠡᠨ ᠬᠥᠭᠵᠢᠭᠦᠯᠵᠦ ᠮᠠᠯᠴᠢᠨ ᠲᠠᠷᠢᠶᠠᠴᠢᠨ ᠤ ᠪᠠᠶᠠᠵᠢᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠶ | ᠳᠠᠶᠢᠴᠢᠯᠠᠭᠰᠠᠨ ᠪᠠᠶᠢᠨ᠎ᠠ᠃ | ᠣᠳᠣᠬᠠᠨ ᠳᠤ᠂ ᠬᠤᠨᠵᠢᠨᠴᠠᠶᠢᠳᠠᠮ ᠲᠣᠰᠬᠤᠨ ᠨᠢᠭᠡᠨᠲᠡ 3000 ᠮᠦ ᠶᠢᠨ ᠰᠢᠯᠢᠳᠡᠭ ᠲᠠᠷᠪᠤᠰ ᠤᠨ ᠰᠠᠭᠤᠷᠢᠨ ᠢ ᠬᠥᠭᠵᠢᠭᠦᠯᠵᠦ᠂ ᠵᠢᠯ ᠳᠤ 1 | ᠲᠦᠮᠡ ᠭᠠᠷᠤᠢ ᠲᠣᠨ ᠲᠠᠷᠪᠤᠰ ᠤᠨ ᠭᠠᠷᠤᠯᠲᠠ ᠲᠠᠢ ᠪᠤᠯᠵᠤ ᠵᠠᠬ᠎ᠠ ᠳᠡᠯᠭᠡᠭᠦᠷ ᠤᠨ ᠠᠷᠠᠯᠵᠢᠶᠠᠨ ᠤ ᠭᠡᠮᠵᠢᠶ᠎ᠠ 1800 ᠭᠠᠷᠤᠢ ᠲᠦᠮᠡᠨ ᠲᠥᠭᠦᠷᠢᠭ ᠲᠤ | ᠬᠦᠷᠴᠦ ᠬᠤᠯᠠ ᠤᠢᠢᠷ᠎ᠠ ᠳᠤ ᠠᠯᠳᠠᠷᠰᠢᠭᠰᠠᠨ ᠲᠠᠷᠪᠤᠰ ᠲᠠᠷᠢᠬᠤ ᠲᠤᠰᠬᠠᠢ ᠲᠣᠰᠬᠤᠨ ᠪᠣᠯᠵᠠᠢ᠃ | | | ᠰᠤᠷᠪᠤᠯᠵᠢᠯᠠᠭᠴᠢ᠄ ᠤᠶᠤᠨᠴᠢᠮᠡᠭ ᠨᠠᠷᠠᠰᠤ |