ᠦᠦᠰᠢᠨ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠵᠠᠷᠯᠠᠯ
ᠨᠡᠶᠢᠲᠡᠯᠡᠭᠰᠡᠨ ᠴᠠᠭ᠄
2022/9/15
      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠲᠥᠬᠦᠭᠡᠷᠦᠮᠵᠢ ᠶᠢᠨ ᠴᠢᠳᠠᠮᠵᠢ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠪᠥᠬᠦ ᠬᠤᠰᠢᠭᠤᠨ ᠤ ᠠᠷᠠᠳ ᠢᠷᠭᠡᠳ ᠲᠤ ᠤᠯᠤᠰ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠲᠣᠭᠲᠠᠭᠠᠯ ᠢ ᠣᠶᠢᠯᠠᠭᠠᠭᠤᠯᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠭᠠᠷ ᠤᠨ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ  ᠶᠢᠨ ᠳᠤᠰᠠᠳᠠ 2022 ᠣᠨ ᠤ 9 ᠰᠠᠷ᠎ᠠ ᠶᠢᠨ 18 ᠤ ᠡᠳᠦᠷ ᠪᠥᠬᠦ ᠬᠤᠰᠢᠭᠤᠨ ᠳᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠳᠤᠤᠭᠠᠷᠭᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠴᠠᠭ      2022 ᠤᠨ ᠤ 9 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ ᠶᠢᠨ 9 ᠴᠠᠭ ᠠᠴᠠ 11 ᠴᠠᠭ ᠪᠤᠯᠲᠠᠯ᠎ᠠ᠃      ᠬᠤᠶᠠᠷ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠡᠪᠴᠢᠶ᠎ᠡ      ᠭᠠᠯᠠᠭᠤᠲᠤ ᠪᠠᠯᠭᠠᠰᠤ᠂ ᠤᠯᠠᠭᠠᠨᠲᠣᠯᠤᠭᠠᠢ ᠪᠠᠯᠭᠠᠰᠤ ᠂ ᠦᠦᠰᠢᠨᠵᠤᠤ ᠪᠠᠯᠭᠠᠰᠤ᠂ ᠲᠤᠭ ᠪᠠᠯᠭᠠᠰᠤ᠂ ᠰᠢᠷᠬᠤᠰᠤᠨ ᠪᠠᠯᠭᠠᠰᠤ᠂ ᠰᠦᠯᠳᠡ ᠰᠤᠮᠤ᠂ ᠲᠤᠭ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠃      ᠭᠤᠷᠪᠠ᠂ ᠰᠡᠷᠡᠮᠵᠢ ᠶᠢᠨ ᠳᠣᠬᠢᠶ᠎ᠠ ᠶᠢᠨ ᠲᠤᠭᠲᠠᠭᠠᠯ      ︵ᠨᠢᠭᠡ︶ ᠪᠡᠯᠡᠳᠬᠡᠯ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠭᠠᠨ 24 ᠰᠧᠺᠦ᠋ᠨ᠋ᠳ᠋ ᠵᠣᠭᠰᠣᠭᠠᠵᠤ᠂ 3 ᠤᠳᠠᠭ᠎ᠠ ᠳᠠᠪᠲᠠᠨ ᠳᠤᠤᠭᠠᠷᠭᠠᠬᠤ ᠪᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠨ 3 ᠮᠢᠨᠦ᠋ᠲ ᠦᠷᠭᠦᠯᠵᠢᠯᠡᠭᠦᠯᠦᠨ᠎ᠡ᠃       ︵ᠬᠤᠶᠠᠷ︶ ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠳᠤᠤᠭᠠᠷᠭᠠᠨ 6 ᠰᠧᠺᠦ᠋ᠨ᠋ᠳ᠋ ᠵᠣᠭᠰᠣᠭᠠᠵᠤ᠂ 15 ᠤᠳᠠᠭ᠎ᠠ ᠳᠠᠪᠲᠠᠨ ᠳᠤᠤᠭᠠᠷᠭᠠᠬᠤ ᠪᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠨ 3 ᠮᠢᠨᠦ᠋ᠲ ᠦᠷᠭᠦᠯᠵᠢᠯᠡᠭᠦᠯᠦᠨ᠎ᠡ᠃       ︵ᠭᠤᠷᠪᠠ︶ ᠬᠦᠴᠦᠨ ᠦᠭᠡᠢ ᠪᠤᠯᠭᠠᠬᠤ ᠰᠡᠷᠡᠮᠵᠢ ᠶᠢᠨ ᠳᠣᠬᠢᠶ᠎ᠠ᠄ ᠨᠢᠭᠡ ᠲᠠᠭᠤᠨ ᠢ ᠵᠣᠭᠰᠣᠯ ᠦᠭᠡᠢ 3 ᠮᠢᠨᠦ᠋ᠲ ᠦᠷᠭᠦᠯᠵᠢᠯᠡᠭᠦᠯᠦᠨ᠎ᠡ᠃        ᠪᠦᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ ᠪᠠ ᠢᠷᠡᠵᠤ ᠪᠤᠴᠠᠬᠤ ᠵᠢᠭᠤᠯᠴᠢᠯᠠᠭᠰᠠᠳ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠤᠭᠤᠴᠠᠭᠠᠨ ᠳᠤ ᠬᠡᠪ ᠤᠨ ᠦᠢᠯᠡᠳᠪᠦᠷᠢᠯᠡᠯ᠂ ᠠᠮᠢᠳᠤᠷᠠᠯ ᠪᠠ ᠠᠵᠢᠯ ᠢᠶᠠᠨ ᠪᠠᠲᠤᠯᠠᠭᠠᠷᠠᠢ᠃ᠣᠨᠴᠠᠭᠠᠶᠢᠯᠠᠨ ᠵᠠᠷᠯᠠᠨ ᠮᠡᠳᠡᠭᠳᠡᠪᠡ᠃                              ᠦᠦᠰᠢᠨ ᠬᠤᠰᠢᠭᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ                         ᠪᠠᠶᠢᠭᠤᠯᠤᠯᠲᠠ ᠶᠢᠨ ᠲᠤᠪᠴᠢᠶ᠎ᠠ  ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶                                       2020 ᠣᠨ ᠤ 9 ᠰᠠᠷ᠎ᠠ ᠶᠢᠨ 13 ᠤ ᠡᠳᠦᠷ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ