ᠮᠡᠶᠢᠷᠡᠨᠰᠦ᠋ᠮ᠎ᠡ ᠭᠠᠴᠠᠭ᠎ᠠ ᠠᠯᠳᠠᠨ ᠨᠠᠮᠤᠷ ᠤᠨ ᠰᠤᠷᠤᠯᠭ᠎ᠠ ᠳᠡᠳᠬᠦᠬᠦ ᠠᠵᠢᠯᠯᠠᠭ᠎ᠠ ᠪᠠᠨ ᠦᠷᠭᠦᠯᠵᠢᠯᠡᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2022/9/2
      ᠣᠶᠢᠷ᠎ᠠ ᠶᠢᠨ ᠡᠳᠦᠷ᠂ ᠳᠤᠭ ᠪᠠᠯᠭᠠᠰᠤᠨ ᠤ ᠮᠡᠶᠢᠷᠡᠨᠰᠦ᠋ᠮ᠎ᠡ ᠭᠠᠴᠠᠭ᠎ᠠ ᠡᠨᠡ ᠵᠢᠯ ᠤᠨ ᠨᠠᠮᠤᠷ ᠤᠨ ᠬᠤᠭᠤᠴᠠᠭ᠎ᠠ ᠰᠢᠨ᠎ᠡ ᠪᠠᠷ ᠶᠡᠭᠡ ᠰᠤᠷᠭᠠᠭᠤᠯᠢ ᠳᠤ ᠰᠢᠯᠭᠠᠭᠳᠠᠨ ᠤᠷᠤᠭᠰᠠᠨ ᠣᠶᠣᠳᠠᠳ ᠲᠤ ᠰᠣᠷᠣᠯᠭ᠎ᠠ ᠳᠠᠳᠭᠦᠬᠦ ᠵᠤᠷᠢᠭᠵᠢᠭᠤᠯᠤᠯ ᠤᠨ  ᠮᠦᠡᠭᠬᠦ ᠬᠠᠨᠳᠢᠪᠯᠠᠬᠤ ᠠᠵᠢᠯᠯᠠᠭ᠎ᠠ ᠦᠷᠨᠢᠬᠦᠯᠪᠡ᠃      ᠡᠨ᠋ᠨ ᠤᠳᠠᠭᠠᠨ ᠤ ᠠᠵᠢᠯᠯᠠᠭ᠎ᠠ ᠳᠤ ᠮᠡᠶᠢᠷᠡᠨᠰᠦ᠋ᠮ᠎ᠡ ᠭᠠᠴᠠᠭ᠎ᠠ ᠨᠢ 2022 ᠣᠨ ᠳᠤ ᠶᠡᠭᠡ ᠰᠤᠷᠭᠠᠭᠤᠯᠢ ᠳᠤ ᠰᠢᠯᠭᠠᠭᠳᠠᠨ ᠤᠷᠤᠭᠰᠠᠨ ᠨᠠᠢᠮᠠᠨ ᠣᠶᠣᠳᠠᠨ ᠳᠤ ᠳᠤᠰᠪᠤᠷᠢ 3000 ᠳᠦᠭᠦᠷᠢᠭ ᠤᠨ ᠰᠣᠷᠣᠯᠭ᠎ᠠ ᠳᠡᠳᠭᠦᠬᠦ ᠵᠤᠷᠢᠭᠵᠢᠭᠤᠯᠤᠯ ᠤᠨ ᠮᠦᠩᠭᠦ ᠭᠠᠷᠳᠠᠭᠤᠯᠵᠦ ᠠᠮᠢᠳᠣᠷᠠᠯ ᠰᠣᠷᠣᠯᠭ᠎ᠠ ᠶᠢ ᠨᠢ ᠳᠣᠰᠠᠯᠠᠨ ᠵᠣᠷᠢᠭᠵᠢᠭᠤᠯᠪᠠ᠃       ᠳᠤᠭ ᠪᠠᠯᠭᠠᠰᠤᠨ ᠤ ᠮᠡᠶᠢᠷᠡᠨᠰᠦ᠋ᠮ᠎ᠡ ᠭᠠᠴᠠᠭᠠᠨ ᠤ ᠬᠠᠳᠠᠭᠤ ᠮᠠᠯᠵᠢᠯ ᠤᠨ ᠬᠤᠷᠰᠢᠶᠠᠨ ᠤ ᠣᠶᠣᠳᠠᠨ ᠡᠷᠴᠢᠨ᠄ ︽ᠡᠨᠡᠬᠦ ᠳᠡᠳᠭᠦᠮᠵᠢ ᠶᠢᠨ ᠮᠦᠩᠭᠦ ᠶᠢ ᠤᠯᠤᠭᠠᠳ ᠪᠢ ᠮᠠᠰᠢ ᠶᠡᠭᠡ ᠪᠠᠶᠠᠷᠯᠠᠵᠤ ᠪᠠᠶᠢᠨ᠎ᠠ᠃ ᠵᠦᠪᠭᠡᠨ ᠮᠠᠨ ᠤ ᠭᠡᠷ ᠪᠦᠯᠢ ᠶᠢᠨ ᠬᠢᠨ ᠨᠠᠮ᠎ᠠ ᠶᠢ ᠳᠤᠰᠠᠯᠠᠨ ᠳᠡᠳᠬᠦᠵᠦ ᠪᠠᠶᠢᠭ᠎ᠠ ᠪᠢᠰᠢ᠂ ᠬᠠᠷᠢᠨ ᠮᠠᠨ ᠤ ᠪᠦᠬᠦ ᠨᠣᠳᠤᠭ ᠢᠶᠠᠷ ᠢᠶᠠᠨ ᠨᠡᠶᠢᠯᠡᠵᠦ ᠪᠠᠶᠢᠭᠠᠳ ᠨᠠᠮ᠎ᠠ ᠶᠢ ᠳᠡᠳᠭᠦᠨ ᠬᠠᠪᠰᠤᠷᠴᠤ ᠪᠠᠶᠢᠨ᠎ᠠ᠃ ᠶᠡᠭᠡ ᠰᠤᠷᠭᠠᠭᠤᠯᠢ ᠠᠴᠠ ᠪᠠᠨ ᠳᠡᠭᠦᠰᠤᠭᠡᠳ ᠨᠣᠳᠤᠭ  ᠲᠤ ᠪᠠᠨ ᠪᠤᠴᠠᠨ ᠢᠷᠡᠵᠦ ᠨᠤᠳᠤᠭ  ᠤᠰᠤ ᠪᠠᠨ ᠬᠦᠭᠵᠢᠬᠦᠯᠦᠨ᠎ᠡ ᠬᠡᠵᠦ ᠪᠤᠳᠤᠵᠦ ᠪᠠᠶᠢᠨ᠎ᠠ︾ ᠬᠡᠪᠡ᠃      ᠳᠤᠭ ᠪᠠᠯᠭᠠᠰᠤᠨ ᠤ ᠮᠡᠶᠢᠷᠡᠨᠰᠦ᠋ᠮ᠎ᠡ ᠭᠠᠴᠠᠭ᠎ᠠ ᠨᠢ 2012 ᠤᠨ ᠠᠴᠠ ᠡᠬᠢᠯᠡᠨ ᠭᠠᠴᠠᠭᠠᠨ ᠤ ᠪᠠᠨ ᠰᠢᠨ᠎ᠡ ᠪᠠᠷ ᠶᠡᠭᠡ ᠰᠤᠷᠭᠠᠭᠤᠯᠢ ᠳᠤ ᠤᠷᠤᠭᠰᠠᠨ ᠣᠶᠣᠳᠠᠨ ᠪᠦᠷᠢ ᠳᠤ ᠰᠣᠷᠣᠯᠭ᠎ᠠ ᠳᠡᠳᠭᠦᠬᠦ ᠵᠤᠷᠢᠭᠵᠢᠭᠤᠯᠤᠯ ᠤᠨ ᠮᠦᠩᠭᠦ ᠥᠭᠬᠦ ᠶᠢ ᠰᠠᠨᠠᠭᠠᠴᠢᠯᠠᠨ ᠬᠢᠭᠰᠡᠨ ᠠᠴᠠ ᠨᠠᠰᠢ ᠤᠳᠤᠬᠠᠨ ᠪᠤᠯᠳᠠᠯ᠎ᠠ ᠨᠡᠶᠢᠳᠡ 83 ᠨᠡᠷᠡᠰ ᠣᠶᠣᠳᠠᠨ ᠢ 229000 ᠳᠦᠭᠦᠷᠢᠭ ᠢᠶᠠᠷ ᠳᠤᠰᠠᠯᠠᠨ ᠳᠡᠳᠬᠦᠵᠦ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠭᠦᠷᠭᠡᠭᠰᠡᠨ ᠪᠠᠶᠢᠨ᠎ᠠ᠃ ᠤᠶᠢᠯᠠᠭᠠᠭᠰᠠᠨ ᠢᠶᠠᠷ᠂  ᠮᠡᠶᠢᠷᠡᠨᠰᠦ᠋ᠮ᠎ᠡ ᠭᠠᠴᠠᠭ᠎ᠠ ᠨᠢ ᠳᠠᠷᠠᠭᠠᠴᠢ ᠶᠢᠨ ᠠᠯᠬᠤᠮ ᠳᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠳᠠᠨ ᠤᠷᠤᠭᠰᠠᠨ ᠰᠤᠷᠤᠭᠴᠢᠳ ᠲᠤ ᠪᠠᠰᠠ ᠰᠣᠷᠣᠯᠭ᠎ᠠ ᠳᠡᠳᠭᠦᠬᠦ ᠵᠤᠷᠢᠭᠵᠢᠭᠤᠯᠤᠯ ᠤᠨ ᠮᠦᠩᠭᠦ ᠥᠭᠬᠦ ᠪᠠᠷ ᠳᠦᠯᠦᠪᠯᠡᠵᠦ ᠪᠠᠶᠢᠨ᠎ᠠ᠃                                      ᠰᠤᠷᠪᠤᠯᠵᠢᠯᠠᠭᠴᠢ᠄ ᠠᠷᠢᠭᠤᠨ᠎ᠠ  ᠡᠷᠬᠡᠰ  
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ