ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠤᠯᠤᠭᠠᠳ᠂ ᠡᠳᠦᠭᠡ ︽ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠬᠦᠯᠬᠦ ᠶᠢ ᠲᠡᠳᠬᠦᠨ | ᠳᠡᠮᠵᠢᠵᠦ ᠱᠠᠩᠨᠠᠨ ᠬᠦᠬᠢᠬᠦᠯᠬᠦ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 8 ᠰᠠᠷ᠎ᠠ ᠶᠢᠨ 17 ᠤ ᠡᠳᠦᠷ | | | | | | | | | | ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠬᠦᠯᠬᠦ ᠶᠢ ᠲᠡᠳᠬᠦᠨ ᠳᠡᠮᠵᠢᠵᠦ ᠱᠠᠩᠨᠠᠨ ᠬᠦᠬᠢᠬᠦᠯᠬᠦ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠲᠤᠯᠭᠠᠭᠤᠷᠢ ᠠᠵᠤ ᠦᠢᠯᠡᠰ ᠪᠣᠯᠭᠠᠨ | ᠬᠦᠭᠵᠢᠬᠦᠯᠬᠦ ᠶᠢ ᠲᠦᠷᠭᠡᠳᠬᠡᠵᠤ᠂ ᠵᠢᠭᠤᠯᠴᠢᠯᠠᠭᠰᠠᠳ ᠤᠨ ᠠᠩᠬᠠᠷᠤᠯ ᠢ ᠳᠠᠳᠠᠨ ᠬᠤᠰᠢᠭᠤᠨ ᠳᠤ ᠢᠷᠡᠭᠦᠯᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠬᠡ᠂ ︽ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠣᠷᠳᠣᠰ ᠵᠠᠰᠠᠭ ᠲᠠᠷᠬᠠᠭᠠᠬᠤ ﹇2021﹈ 52 ᠳ᠋ᠤᠭᠠᠷ ᠲᠣᠭᠠᠲᠤ︶᠂ ︽ᠣᠷᠳᠣᠰ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ ᠵᠢᠭᠤᠯᠴᠢᠯᠠᠯ ᠢ ᠰᠡᠷᠭᠦᠭᠡᠨ ᠬᠥᠭᠵᠢᠭᠦᠯᠬᠦ ᠶᠢ ᠲᠦᠷᠭᠡᠳᠬᠡᠬᠦ | ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠣᠷᠳᠣᠰ ᠵᠠᠰᠠᠭ ᠲᠠᠷᠬᠠᠭᠠᠬᠤ ﹇2022﹈ 90 ᠳ᠋ᠤᠭᠡᠷ ᠲᠣᠭᠠᠲᠤ︶᠂ ︽ᠦᠦᠰᠢᠨ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠦᠦᠰᠢᠨ ᠨᠠᠮ ᠳᠠᠷᠬᠠᠭᠠᠬᠤ | ﹇2022﹈ 4 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠰᠣᠶᠣᠯ ᠵᠢᠭᠤᠯᠴᠢᠯᠠᠯ ᠢ ᠲᠡᠳᠬᠦᠨ ᠳᠡᠮᠵᠢᠵᠦ ᠱᠠᠩᠨᠠᠨ ᠬᠦᠬᠢᠬᠦᠯᠬᠦ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠬᠥᠭᠵᠢᠬᠦᠯᠦᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠠᠷᠭ᠎ᠠ ᠵᠠᠮ ᠢ | ᠰᠠᠮᠠᠭᠤᠷᠠᠭᠤᠯᠬᠤ ᠦᠭᠡᠢ᠂ ᠬᠡᠷᠡᠭᠴᠡᠭᠡ ᠶᠢ ᠬᠤᠪᠢᠷᠠᠭᠤᠯᠬᠤ ᠦᠭᠡᠢ᠂ ᠰᠢᠰᠲ᠋ᠧᠮᠵᠢᠭᠦᠯᠦᠨ ᠬᠠᠮᠢᠶᠠᠷᠬᠤ︾ ᠪᠠ ︽ᠢᠯᠡ ᠲᠤᠲᠤ᠂ ᠲᠥᠪ ᠭᠤᠥᠯᠴᠢ᠂ ᠡᠷᠬᠡ | ᠲᠡᠭᠰᠢ︾ ᠪᠠᠶᠢᠬᠤ ᠵᠠᠷᠴᠢᠮ ᠢ ᠪᠠᠷᠢᠮᠲᠠᠯᠠᠨ ᠪᠡᠯᠡ ᠮᠥᠩᠭᠦ ᠶᠢ ᠬᠠᠤᠯᠢ ᠶᠣᠰᠣᠭᠠᠷ᠂ ᠵᠢᠷᠤᠮᠵᠢᠯ ᠲᠠᠢ᠂ ᠠᠮᠤᠷ ᠲᠦᠪᠰᠢᠨ ᠪᠠ ᠥᠨᠳᠥᠷ ᠦᠷ᠎ᠡ ᠪᠦᠲᠦᠮᠵᠢᠲᠡᠶ ᠪᠠᠷ | ᠬᠡᠷᠡᠭᠯᠡᠬᠦ ᠶᠢ ᠦᠨᠡᠨᠬᠦ ᠪᠠᠲᠤᠯᠠᠨ᠎ᠠ᠃ | ᠭᠤᠷᠪᠠᠳᠤᠭᠠᠷ ᠵᠦᠢᠯ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠳᠬᠦᠨ ᠳᠡᠮᠵᠢᠵᠤ ᠱᠠᠩᠨᠠᠨ ᠬᠦᠬᠢᠬᠦᠯᠬᠦ ᠪᠡᠯᠡ | ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠪᠡᠯᠡ ᠮᠥᠩᠭᠦ ᠶᠢᠨ ᠲᠥᠰᠥᠪ ᠢ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠳᠬᠦᠨ ᠱᠠᠩᠨᠠᠬᠤ ᠪᠡᠯᠡ | ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠰᠣᠶᠣᠯ ᠵᠢᠭᠤᠯᠴᠢᠯᠠᠯ ᠢ ᠲᠡᠳᠬᠦᠨ ᠳᠡᠮᠵᠢᠵᠤ ᠱᠠᠩᠨᠠᠨ ᠬᠦᠬᠢᠬᠦᠯᠬᠦ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠬᠢᠨᠠᠨ ᠬᠠᠷᠭᠤᠭᠤᠯᠬᠤ᠂ ᠪᠡᠯᠡ ᠮᠥᠩᠭᠦ ᠶᠢ ᠬᠡᠷᠡᠭᠯᠡᠬᠦ ᠪᠠ ᠬᠤᠪᠢᠶᠠᠷᠢᠯᠠᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ | ᠃ | | ᠬᠤᠶᠠᠳᠤᠭᠠᠷ ᠪᠦᠯᠦᠭ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠳᠥᠷᠪᠡᠳᠦᠭᠡᠷ ᠵᠦᠢᠯ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠃ ᠰᠢᠨ᠎ᠡ ᠪᠠᠷ ᠦᠨᠡᠯᠡᠭᠳᠡᠭᠰᠡᠨ 5A ᠲᠠᠰ ᠤᠨ ᠦᠵᠡᠮᠵᠢ ᠶᠢᠨ ᠣᠷᠣᠨ ᠢ | ᠨᠢᠬᠡ ᠯᠠ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ 4A ᠲᠠᠰ ᠤᠨ ᠦᠵᠡᠮᠵᠢ ᠶᠢᠨ ᠣᠷᠣᠨ ᠢ ᠨᠢᠬᠡ ᠯᠠ | ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ 3A ᠲᠠᠰ ᠤᠨ ᠦᠵᠡᠮᠵᠢ ᠶᠢᠨ ᠣᠷᠣᠨ ᠢ ᠨᠢᠬᠡ ᠯᠠ ᠤᠳᠠᠭ᠎ᠠ ᠳᠤ | 50 ᠲᠦᠮᠡᠨ ᠲᠥᠭᠦᠷᠢᠭ ᠢᠶᠠᠷ ᠱᠠᠩᠨᠠᠨ᠎ᠠ᠃ | ᠲᠠᠪᠤᠳᠤᠭᠠᠷ ᠵᠦᠢᠯ ᠣᠳᠣᠨ ᠲᠠᠰ ᠤᠨ ᠵᠤᠴᠢᠳ ᠤᠨ ᠪᠠᠭᠤᠳᠠᠯ ᠢ ᠡᠭᠦᠳᠦᠨ ᠪᠠᠶᠢᠭᠤᠯᠬᠤ᠃ ᠰᠢᠨ᠎ᠡ ᠪᠠᠷ ᠦᠨᠡᠯᠡᠭᠳᠡᠭᠰᠡᠨ ᠲᠠᠪᠤᠨ ᠣᠳᠣᠨ ᠲᠠᠰ ᠤᠨ | ᠵᠣᠴᠢᠳ ᠤᠨ ᠪᠠᠭᠤᠳᠠᠯ ᠢ ᠨᠢᠬᠡ ᠯᠠ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ ᠳᠥᠷᠪᠡᠨ ᠣᠳᠣᠨ ᠲᠠᠰ ᠤᠨ | ᠵᠣᠴᠢᠳ ᠤᠨ ᠪᠠᠭᠤᠳᠠᠯ ᠢ ᠨᠢᠬᠡ ᠯᠠ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ ᠭᠤᠷᠪᠠᠨ ᠣᠳᠣᠨ ᠲᠠᠰ ᠤᠨ | ᠵᠣᠴᠢᠳ ᠤᠨ ᠪᠠᠭᠤᠳᠠᠯ ᠢ ᠨᠢᠬᠡ ᠯᠠ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ ᠠᠯᠲᠠᠨ ᠨᠠᠪᠴᠢ᠂ ᠮᠦᠩᠭᠦᠨ | ᠨᠠᠪᠴᠢ ᠲᠠᠰ ᠤᠨ ︽ᠪᠣᠬᠢᠷᠳᠤᠯ ᠦᠭᠡᠢ ᠵᠣᠴᠢᠳ ᠤᠨ ᠪᠠᠭᠤᠳᠠᠯ︾ ᠢ ᠨᠢᠬᠡ ᠯᠠ ᠤᠳᠠᠭ᠎ᠠ ᠳᠤ ᠲᠣᠰ ᠲᠣᠰ 10 ᠲᠦᠮᠡᠨ ᠲᠥᠭᠦᠷᠢᠭ ᠪᠠ 5 ᠲᠦᠮᠡᠨ | ᠲᠥᠭᠦᠷᠢᠭ ᠢᠶᠠᠷ ᠱᠠᠩᠨᠠᠨ᠎ᠠ᠃ | ᠵᠢᠷᠭᠤᠳᠤᠭᠠᠷ ᠵᠦᠢᠯ ᠦᠦᠰᠢᠨ ᠬᠤᠰᠢᠭᠤᠨ ᠤ ᠬᠡᠪᠴᠢᠶᠡᠨ ᠳᠤ ᠳᠠᠩᠰᠠᠯᠠᠭᠤᠯᠤᠭᠰᠠᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ᠃ ᠰᠢᠨ᠎ᠡ ᠪᠠᠷ | ᠦᠨᠡᠯᠡᠭᠳᠡᠭᠰᠡᠨ 3A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠨᠢᠬᠡ ᠯᠠ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠦᠨᠡᠯᠡᠭᠳᠡᠭᠰᠡᠨ 2A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠨᠢᠬᠡ ᠯᠠ ᠤᠳᠠᠭ᠎ᠠ ᠳᠤ 3 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠦᠨᠡᠯᠡᠭᠳᠡᠭᠰᠡᠨ A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠨᠢᠬᠡ ᠯᠠ ᠤᠳᠠᠭ᠎ᠠ ᠳᠤ 1 ᠲᠦᠮᠡᠨ ᠲᠥᠭᠦᠷᠢᠭ ᠢᠶᠠᠷ ᠱᠠᠩᠨᠠᠨ᠎ᠠ᠃ | | ᠭᠤᠷᠪᠠᠳᠤᠭᠠᠷ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠳᠣᠯᠣᠳᠤᠭᠠᠷ ᠵᠦᠢᠯ 1000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠮᠠᠨ ᠤ ᠬᠤᠰᠢᠭᠤᠨ ᠤ | ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠲᠠᠩ ᠭᠠᠭᠴᠠ ᠲᠥᠷᠥᠯ ᠵᠦᠢᠯ ᠳᠤ 100 ᠲᠦᠮᠡᠨ ᠲᠥᠭᠦᠷᠢᠭ ᠠᠴᠠ ᠬᠡᠲᠦᠷᠡᠬᠦᠯᠬᠦ ᠦᠬᠡᠢ | ᠨᠦᠬᠦᠪᠦᠷᠢ ᠤᠯᠭᠤᠨ᠎ᠠ︔ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠳᠤ 50 ᠲᠦᠮᠡᠨ ᠲᠥᠭᠦᠷᠢᠭ ᠠᠴᠠ ᠬᠡᠲᠦᠷᠡᠬᠦᠯᠬᠦ ᠦᠬᠡᠢ | ᠨᠦᠬᠦᠪᠦᠷᠢ ᠤᠯᠭᠤᠨ᠎ᠠ᠃ | ᠨᠠᠢᠮᠠᠳᠤᠭᠠᠷ ᠵᠦᠢᠯ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ᠂ ᠭᠤᠣᠯᠳᠠᠯᠭ᠎ᠠ ᠲᠠᠢ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ︵ᠭᠠᠴᠠᠭ᠎ᠠ︶᠂ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠵᠤᠴᠢᠯᠠᠭ᠎ᠠ ᠶᠢᠨ ᠡᠷᠦᠬᠡ ᠬᠠᠷᠢᠶᠠᠲᠤ | ᠣᠷᠣᠨ ᠤ ᠳᠣᠲᠣᠷᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠰᠠᠭᠤᠷᠢ ᠲᠦᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠦ᠂ ᠬᠢᠨᠠᠨ | ᠲᠣᠭᠲᠠᠭᠠᠬᠤ ᠪᠠᠷ ᠳᠡᠮᠵᠢᠨ ᠬᠢᠷᠢ ᠲᠡᠩᠴᠡᠭᠰᠡᠨ ᠤ ᠳᠠᠷᠠᠭ᠎ᠠ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠥᠬᠦᠪᠦᠷᠢ ᠣᠯᠭᠤᠵᠤ ᠲᠠᠩ ᠭᠠᠭᠴᠠ | ᠲᠥᠷᠥᠯ ᠵᠦᠢᠯ ᠢ 50 ᠲᠦᠮᠡᠨ ᠲᠥᠭᠦᠷᠢᠭ ᠠᠴᠠ ᠬᠡᠲᠦᠷᠡᠬᠦᠯᠬᠦ ᠦᠬᠡᠢ᠃ | | ᠳᠥᠷᠪᠡᠳᠦᠭᠡᠷ ᠪᠦᠯᠦᠭ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠪᠤᠢ ᠪᠤᠯᠭᠠᠬᠤ ᠶᠢ ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠶᠢᠰᠦᠳᠦᠭᠡᠷ ᠵᠦᠢᠯ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠵᠣᠷᠢᠭᠵᠢᠭᠤᠯᠤᠨ᠎ᠠ᠃ ᠵᠢᠭᠤᠯᠴᠢᠯᠠᠯ ᠤᠨ | ︽ᠵᠢᠷᠭᠤᠭᠠᠨ ᠬᠦᠴᠦᠨ ᠵᠦᠢᠯ︾ ᠪᠠ ︽ᠵᠢᠭᠤᠯᠴᠢᠯᠠᠯ +︾ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠬᠤᠪᠢ ᠶᠢᠨ ᠮᠠᠰᠢᠨ ᠢᠶᠠᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠭᠠᠵᠠᠷ᠂ ᠮᠠᠶᠢᠬᠠᠨ ᠪᠠᠭᠤᠴᠠ᠂ | ᠳᠣᠣᠷ᠎ᠠ ᠠᠭᠠᠷ ᠳᠠᠬᠢ ᠵᠢᠭᠤᠯᠴᠢᠯᠠᠯ᠂ ᠵᠢᠭᠤᠯᠴᠢᠯᠠᠨ ᠰᠠᠭᠤᠵᠤ ᠰᠡᠯᠡᠬᠦᠴᠡᠨ ᠠᠮᠠᠷᠠᠵᠤ ᠪᠡᠶ᠎ᠡ ᠪᠠᠨ ᠰᠤᠪᠢᠯᠠᠬᠤ᠂ ᠡᠷᠡᠭᠦᠯ ᠮᠡᠨᠳᠦ ᠪᠡᠶ᠎ᠡ ᠰᠤᠪᠢᠯᠠᠯᠲᠠ᠂ | ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠬᠤᠪᠢᠰᠬᠠᠯ ᠤᠨ ᠵᠢᠭᠤᠯᠴᠢᠯᠠᠯ ᠵᠢᠴᠢ ᠪᠤᠰᠤᠳ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠵᠢᠭᠤᠯᠴᠢᠯᠠᠯ ᠤᠨ | ᠲᠥᠷᠥᠯ ᠵᠦᠢᠯ ᠳᠤ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠬᠡᠪᠴᠢᠶᠡᠵᠢᠯ᠂ ᠨᠥᠯᠥᠭᠡᠯᠡᠬᠦ ᠬᠦᠴᠦᠨ ᠵᠡᠷᠭᠡ ᠲᠠᠯ᠎ᠠ ᠪᠠᠷ ᠬᠢᠨᠠᠨ ᠲᠤᠭᠲᠠᠭᠠᠵᠤ ᠬᠢᠷᠢ | ᠲᠡᠩᠴᠡᠭᠰᠡᠨ ᠤ ᠳᠠᠷᠠᠭ᠎ᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠥᠬᠦᠪᠦᠷᠢ ᠣᠯᠭᠤᠵᠤ ᠲᠠᠩ ᠭᠠᠭᠴᠠ ᠲᠥᠷᠥᠯ | ᠵᠦᠢᠯ ᠢ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠠᠷᠪᠠᠳᠤᠭᠠᠷ ᠵᠦᠢᠯ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠪᠠ ᠤᠬᠠᠭᠤᠯᠤᠨ ᠳᠡᠯᠭᠡᠷᠡᠭᠦᠯᠬᠦ ᠶᠢ ᠵᠣᠷᠢᠭᠵᠢᠭᠤᠯᠤᠨ᠎ᠠ᠃ ᠦᠦᠰᠢᠨ | ᠰᠣᠶᠣᠯ ᠤᠨ ᠦᠪᠡᠷᠮᠢᠴᠡ ᠣᠨᠴᠠᠯᠢᠭ ᠢ ᠢᠯᠡᠷᠡᠭᠦᠯᠬᠦ ᠪᠠᠷ ᠭᠤᠣᠯ ᠴᠣᠭᠴᠠ ᠪᠣᠯᠭᠠᠨ ᠰᠣᠶᠣᠯ ᠤᠨ ᠪᠦᠲᠦᠭᠡᠯᠳᠡ ᠦᠢᠯᠡᠳᠬᠦᠨ ᠪᠠ ᠵᠢᠭᠤᠯᠴᠢᠯᠠᠯ ᠤᠨ ᠲᠠᠸᠠᠷ ᠢ | ᠰᠤᠳᠤᠯᠤᠨ ᠨᠡᠭᠡᠭᠡᠭᠰᠡᠨ ᠮᠥᠷᠲᠡᠭᠡᠨ ᠪᠥᠭᠡᠮ ᠢᠶᠠᠷ ᠦᠢᠯᠡᠳᠪᠦᠷᠢᠯᠡᠬᠦ ᠶᠢᠨ ᠬᠠᠮᠲᠤ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠤᠭᠰᠠᠨ ᠠᠵᠤ ᠠᠬᠤᠶᠢᠯᠠᠯ ᠳᠤ | ᠨᠢᠬᠡ ᠯᠠ ᠤᠳᠠᠭ᠎ᠠ ᠳᠡᠭᠡᠷ᠎ᠡ 10 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠰᠣᠶᠣᠯ ᠵᠢᠭᠤᠯᠴᠢᠯᠠᠯ ᠤᠨ ᠲᠠᠸᠠᠷ ᠤᠨ ᠰᠣᠶᠣᠯ ᠵᠢᠭᠤᠯᠴᠢᠯᠠᠯ ᠤᠨ | ᠠᠵᠢᠯ ᠲᠥᠷᠥᠯ ᠤᠨ ᠳᠣᠲᠣᠭᠠᠳᠤ ᠶᠢᠨ ᠦᠵᠡᠰᠬᠦᠯᠡᠩ ᠤᠷᠤᠯᠳᠤᠭᠠᠨ ᠳᠤ ᠣᠷᠤᠯᠴᠠᠬᠤ ᠶᠢ ᠵᠣᠷᠢᠭᠵᠢᠭᠤᠯᠵᠤ᠂ ᠠᠳᠠᠯᠢ ᠨᠢᠭᠡ ᠦᠢᠯᠡᠳᠬᠦᠨ ᠳᠤ ᠵᠦᠪᠬᠡᠨ ᠨᠢᠬᠡ | ᠯᠠ ᠤᠳᠠᠭ᠎ᠠ ᠱᠠᠩᠨᠠᠯ ᠬᠦᠷᠲᠡᠭᠡᠨ᠎ᠡ᠃ ᠲᠤᠬᠠᠢ ᠶᠢᠨ ᠵᠢᠯ ᠳᠤ ᠬᠤᠲᠠ ᠶᠢᠨ ᠲᠠᠰ ᠠᠴᠠ ᠳᠡᠭᠡᠭᠰᠢᠬᠢ ᠤᠷᠤᠯᠳᠤᠭᠠᠨ ᠤ ᠱᠠᠩᠨᠠᠯ ᠢ ᠣᠯᠣᠭᠰᠠᠨ ᠪᠠᠶᠢᠪᠠᠯ 3 ︱ | 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ ︵ᠳᠠᠭᠠᠯᠳᠤᠭᠤᠯᠤᠯ ᠬᠦᠰᠦᠨᠦᠭᠲᠤ 1 ᠶᠢ ᠦᠵᠡᠭᠡᠷᠡᠢ︶᠃ | ᠠᠷᠪᠠᠨ ᠨᠢᠭᠡᠳᠦᠭᠡᠷ ᠵᠦᠢᠯ ᠰᠣᠶᠣᠯ ᠵᠢᠭᠤᠯᠴᠢᠯᠠᠯ ᠤᠨ ᠦᠪᠡᠷᠮᠢᠴᠡ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ᠂ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠪᠠᠶᠢᠳᠠᠯ ᠢ ᠦᠵᠡᠵᠦ ᠪᠠᠶᠢᠭᠠᠳ ᠶᠡᠷᠦᠩᠬᠡᠶᠢᠯᠡᠨ | ᠬᠢᠨᠠᠨ ᠲᠣᠭᠲᠠᠭᠠᠬᠤ ᠪᠠᠷ ᠳᠠᠮᠵᠢᠨ᠂ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠳᠤ 50 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ ᠨᠦᠬᠦᠪᠦᠷᠢ ᠣᠯᠭᠤᠵᠤ | ᠂ ᠣᠨᠴᠠᠯᠢᠭᠲᠤ ᠵᠡᠭᠡᠯᠢ ᠲᠣᠭᠤᠷᠢᠭ ᠤᠨ ᠰᠣᠶᠣᠯ ᠵᠢᠭᠤᠯᠴᠢᠯᠠᠯ ᠤᠨ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠬᠦ ᠵᠢᠴᠢ ᠤᠷᠴᠢᠨ | ᠠᠬᠤᠢ ᠶᠢ ᠪᠤᠢ ᠪᠣᠯᠭᠠᠬᠤ ᠳᠤ ᠬᠡᠷᠡᠭᠯᠡᠨ᠎ᠡ᠃ | ᠠᠷᠪᠠᠨ ᠬᠤᠶᠠᠳᠤᠭᠠᠷ ᠵᠦᠢᠯ ᠨᠡᠶᠢᠭᠡᠮ ᠤᠨ ᠬᠦᠴᠦᠨ ᠢ ᠵᠤᠷᠢᠭᠵᠢᠭᠤᠯᠵᠦ ᠮᠦᠽᠧᠢ ᠪᠠ ᠣᠨᠴᠠᠯᠢᠭᠲᠤ ᠦᠵᠡᠰᠬᠦᠯᠡᠩ ᠤᠨ ᠣᠷᠳᠣᠨ ᠢ ᠰᠢᠨ᠎ᠡ ᠪᠠᠷ | ᠪᠠᠶᠢᠭᠤᠯᠤᠨ᠎ᠠ᠃ ᠡᠷᠬᠡᠪᠰᠢ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠬᠦᠯᠤᠭ᠍ᠰᠡᠨ ᠪᠦᠬᠡᠳ ᠳᠠᠩᠰᠠᠯᠠᠭᠤᠯᠤᠭᠰᠠᠨ | ᠲᠠᠯᠠᠪᠠᠶ ᠣᠷᠳᠣᠨ ᠪᠠᠶᠢᠵᠤ᠂ ᠪᠦᠲᠦᠭᠡᠨ ᠪᠠᠶᠢᠭᠤᠯᠬᠤ ᠬᠡᠪᠴᠢᠶᠡᠵᠢᠯ ᠪᠠ ᠳᠡᠯᠭᠡᠨ ᠦᠵᠡᠭᠦᠯᠬᠦ ᠠᠭᠤᠯᠭ᠎ᠠ ᠶᠢ ᠦᠨᠳᠦᠰᠦᠯᠡᠨ᠂ ᠳᠡᠯᠭᠡᠨ ᠦᠵᠡᠭᠦᠯᠬᠦ ᠪᠡᠯᠡ | ᠣᠷᠣᠭᠤᠯᠤᠯᠲᠠ ᠶᠢᠨ ᠲᠤᠭ᠎ᠠ ᠶᠢᠨ 30% ᠪᠠᠷ ᠱᠠᠩᠨᠠᠵᠤ᠂ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠤᠤᠯ ᠤᠨ ᠪᠠᠶᠢᠭᠰᠠᠨ ᠲᠠᠯᠠᠪᠠᠶ | ᠣᠷᠳᠣᠨ ᠢ ᠥᠭᠡᠷᠡᠴᠢᠯᠡᠨ ᠰᠠᠶᠢᠵᠢᠷᠠᠭᠤᠯᠵᠤ ᠦᠢᠯᠡᠴᠢᠯᠡᠭᠡᠨ ᠤ ᠴᠢᠳᠠᠮᠵᠢ ᠶᠢᠨ ᠲᠥᠷᠥᠯ ᠵᠦᠢᠯ ᠢ ᠨᠡᠮᠡᠭᠳᠡᠭᠦᠯᠦᠭᠰᠡᠨ ᠪᠠᠶᠢᠪᠠᠯ ᠪᠡᠯᠡ ᠣᠷᠣᠭᠤᠯᠤᠯᠲᠠ ᠶᠢᠨ | ᠵᠣᠭᠤᠰ ᠤᠨ ᠲᠤᠭ᠎ᠠ ᠶᠢᠨ 20% ᠪᠠᠷ ᠱᠠᠩᠨᠠᠵᠦ᠂ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠠᠷᠪᠠᠨ ᠭᠤᠷᠪᠠᠳᠤᠭᠠᠷ ᠵᠦᠢᠯ ᠲᠤᠬᠠᠢ ᠶᠢᠨ ᠵᠢᠯ ᠳᠤ ᠬᠤᠰᠢᠭᠤᠨ ᠤ ᠲᠠᠰ᠂ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ | ᠤᠯᠤᠰ ᠤᠨ ᠲᠠᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠲᠣᠰ | ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠠᠷᠪᠠᠨ ᠳᠥᠷᠪᠡᠳᠦᠭᠡᠷ ᠵᠦᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠪᠠᠶᠢᠭᠤᠯᠬᠤ ᠪᠠ ᠲᠤᠭᠯᠠᠯᠲᠠ ᠶᠢᠨ ᠪᠦᠯᠬᠦᠮ ᠢ ᠬᠦᠮᠦᠵᠢᠬᠦᠯᠬᠦ ᠶᠢ | ᠵᠤᠷᠢᠭᠵᠢᠭᠤᠯᠵᠤ᠂ ︽ᠬᠤᠶᠠᠷ ᠢ ᠡᠭᠦᠳᠦᠨ ᠪᠦᠲᠦᠭᠡᠬᠦ︾ ᠶᠢᠨ ᠲᠣᠭᠤᠷᠢᠨ ᠳᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠠᠶᠢᠷᠠᠭᠤᠯᠤᠨ ᠵᠤᠬᠢᠶᠠᠵᠤ ᠡᠯ᠎ᠡ | ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠡᠷᠭᠢᠯᠡᠨ᠎ᠡ᠃ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ ᠵᠤᠬᠢᠶᠠᠵᠤ᠂ | ᠲᠠᠯᠠᠪᠠᠶ ᠳᠤ ᠰᠠᠭᠤᠵᠤ ᠲᠣᠭᠯᠠᠯᠲᠠ ᠭᠠᠷᠭᠠᠳᠠᠭ ᠤᠷᠠᠯᠢᠭ ᠤᠨ ᠪᠦᠯᠬᠦᠮ ᠢ ᠪᠠᠶᠢᠭᠤᠯᠬᠤ ᠪᠦᠷᠢ ᠳᠤ ᠬᠡᠪᠴᠢᠶᠡᠵᠢᠯ ᠢ ᠨᠢ ᠦᠨᠳᠦᠰᠦᠯᠡᠨ 5 ︱ 10 ᠲᠦᠮᠡᠨ | ᠲᠥᠭᠦᠷᠢᠭ ᠤᠨ ᠱᠠᠩᠨᠠᠯ ᠣᠯᠭᠤᠨ᠎ᠠ ︵ᠳᠠᠭᠠᠯᠳᠤᠭᠤᠯᠤᠯ ᠬᠦᠰᠦᠨᠦᠭᠲᠤ 1 ᠶᠢ ᠦᠵᠡᠭᠡᠷᠡᠢ︶︔ ᠣᠷᠣᠨ ᠪᠦᠰᠡ ᠶᠢᠨ ᠦᠪᠡᠷᠮᠢᠴᠡ ᠣᠨᠴᠠᠯᠢᠭᠲᠤ ᠰᠣᠶᠣᠯ ᠢ | ᠲᠤᠰᠬᠠᠭᠰᠠᠨ᠂ ᠣᠷᠣᠨ ᠨᠤᠲᠤᠭ ᠢᠶᠠᠨ ᠤᠬᠠᠭᠤᠯᠤᠭᠰᠠᠨ ᠳᠠᠭᠤᠯᠠᠯᠲᠤ ᠵᠦᠴᠦᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠦᠷᠢ ᠳᠤ᠂ ᠲᠣᠭᠯᠠᠯᠲᠠ ᠶᠢᠨ | ᠬᠥᠮᠥᠨ ᠤ ᠲᠤᠭ᠎ᠠ᠂ ᠲᠣᠭᠯᠠᠯᠲᠠ ᠶᠢᠨ ᠲᠠᠯᠠᠪᠠᠶ ᠤᠳᠠᠭ᠎ᠠ ᠵᠢᠴᠢ ᠪᠡᠯᠡ ᠣᠷᠣᠭᠤᠯᠤᠯᠲᠠ ᠶᠢᠨ ᠲᠤᠭ᠎ᠠ ᠵᠡᠷᠭᠡ ᠲᠠᠯ᠎ᠠ ᠪᠠᠷ ᠶᠡᠷᠦᠩᠬᠡᠶᠢᠯᠡᠨ ᠦᠨᠡᠯᠡᠨ ᠲᠣᠭᠲᠠᠭᠠᠵᠤ | ᠂ ᠤᠯᠭᠤᠬᠤ ᠱᠠᠩᠨᠠᠯ ᠤᠨ ᠮᠦᠩᠭᠦ ᠶᠢ 5 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠃ ᠠᠷᠠᠳ ᠤᠨ ᠤᠳᠬ᠎ᠠ ᠤᠷᠠᠯᠢᠭ ᠤᠨ ᠪᠦᠯᠬᠦᠮ ᠦᠵᠡᠮᠵᠢ ᠶᠢᠨ | ᠣᠷᠣᠨ ᠳᠤ ᠬᠦᠷᠴᠤ 10 ᠤᠳᠠᠭ᠎ᠠ ᠠᠴᠠ ᠳᠡᠭᠡᠭᠰᠢ ︵10 ᠤᠳᠠᠭ᠎ᠠ ᠶᠢ ᠪᠠᠭᠲᠠᠭᠠᠨ᠎ᠠ︶ ᠲᠣᠭᠯᠠᠯᠲᠠ ᠭᠠᠷᠭᠠᠪᠠᠯ 2 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠᠨ ᠲᠠᠪᠤᠳᠤᠭᠠᠷ ᠵᠦᠢᠯ ᠲᠤᠬᠠᠢ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ ᠪᠦᠭᠡᠳ ᠡᠵᠡᠩᠨᠡᠭᠰᠡᠨ ᠵᠢᠭᠤᠯᠴᠢᠯᠠᠯ ᠤᠨ ᠲᠡᠭᠡᠭᠡᠪᠦᠷᠢ ᠶᠢᠨ | ᠺᠣᠮᠫᠠᠨᠢ ᠶᠢ ᠨᠢᠬᠡ ᠯᠠ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠᠨ ᠵᠢᠷᠭᠤᠳᠤᠭᠠᠷ ᠵᠦᠢᠯ ᠲᠤᠬᠠᠢ ᠶᠢᠨ ᠵᠢᠯ ᠳᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠡᠷᠭᠢᠯᠡᠭᠰᠡᠨ ᠵᠢᠭᠤᠯᠴᠢᠯᠠᠯ ᠤᠨ ᠠᠵᠤ | ᠠᠬᠤᠶᠢᠯᠠᠯ ᠢ ᠬᠡᠪᠴᠢᠶᠡᠵᠢᠯ ᠤᠨ ᠶᠡᠭᠡ ᠪᠠᠭ᠎ᠠ ᠶᠢ ᠨᠢ ᠦᠵᠡᠵᠦ ᠪᠠᠶᠢᠭᠠᠳ ᠨᠢᠬᠡ ᠯᠠ ᠤᠳᠠᠭ᠎ᠠ ᠳᠤ 5 ︱ 10 ᠲᠦᠮᠡᠨ ᠲᠥᠭᠦᠷᠢᠭ ᠢᠶᠠᠷ ᠱᠠᠩᠨᠠᠨ᠎ᠠ᠃ | | ᠲᠠᠪᠤᠳᠤᠭᠠᠷ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠠᠷᠪᠠᠨ ᠳᠣᠯᠣᠳᠤᠭᠠᠷ ᠵᠦᠢᠯ ᠲᠤᠬᠠᠢ ᠶᠢᠨ ᠵᠢᠯ ᠳᠤ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠤᠨ ᠰᠣᠶᠣᠯ | ᠵᠢᠭᠤᠯᠴᠢᠯᠠᠯ ᠤᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠮᠲᠤᠷᠠᠨ ᠦᠨᠡᠯᠡᠨ ᠲᠣᠭᠲᠠᠭᠠᠵᠦ ᠢᠷᠠᠭᠤ ᠠᠯᠳᠠᠷ ᠤᠨ ᠴᠣᠯᠠ | ᠣᠯᠭᠤᠬᠰᠠᠨ ᠭᠤᠣᠯᠳᠠᠯᠭ᠎ᠠ ᠲᠠᠢ ᠵᠢᠱᠢᠶᠡᠴᠢ ᠲᠣᠰᠬᠤᠨ ᠳᠤ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ | ᠱᠠᠩᠨᠠᠯ ᠣᠯᠭᠤᠨ᠎ᠠ᠃ | ᠠᠷᠪᠠᠨ ᠨᠠᠢᠮᠠᠳᠤᠭᠠᠷ ᠵᠦᠢᠯ ᠲᠤᠬᠠᠢ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ ᠤᠨ ᠲᠠᠷᠢᠶᠠᠴᠢᠨ ︵ᠮᠠᠯᠴᠢᠨ︶ | ᠠᠶᠢᠯ ᠤᠨ ᠵᠤᠴᠢᠯᠠᠭ᠎ᠠ ᠶᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠪᠠᠶᠢᠪᠠᠯ 6 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠳᠥᠷᠪᠡᠨ ᠣᠳᠣᠨ ᠲᠠᠰ ᠤᠨ | ᠲᠠᠷᠢᠶᠠᠴᠢᠨ ︵ᠮᠠᠯᠴᠢᠨ︶ ᠠᠶᠢᠯ ᠤᠨ ᠵᠤᠴᠢᠯᠠᠭ᠎ᠠ ᠶᠢᠨ ᠭᠠᠵᠠᠷ ᠢᠶᠠᠷ ᠦᠨᠡᠯᠡᠨ ᠲᠤᠬᠲᠠᠭᠠᠬᠰᠠᠨ ᠪᠠᠶᠢᠪᠠᠯ 4 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠠᠷᠪᠠ ᠶᠢᠰᠦᠳᠦᠭᠡᠷ ᠵᠦᠢᠯ ᠠᠷᠠᠳ ᠤᠨ ᠪᠠᠭᠤᠳᠠᠯ ᠢ ᠡᠭᠦᠳᠦᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠶᠢᠨ | ᠬᠠᠮᠲᠤ ᠤᠯᠤᠰ ᠤᠨ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ ᠲᠤᠭᠲᠠᠭᠠᠭᠰᠠᠨ ᠪᠠᠶᠢᠪᠠᠯ ᠨᠢᠭᠡ ᠤᠳᠠᠭ᠎ᠠ ᠳᠤ 15 ᠲᠦᠮᠡᠨ ᠲᠥᠭᠦᠷᠢᠭ ᠢᠶᠠᠷ ᠱᠠᠩᠨᠠᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ ᠲᠤᠬᠲᠠᠭᠠᠬᠰᠠᠨ ᠪᠠᠶᠢᠪᠠᠯ ᠨᠢᠬᠡ ᠯᠠ ᠤᠳᠠᠭ᠎ᠠ ᠳᠤ 10 ᠲᠦᠮᠡᠨ | ᠲᠥᠭᠦᠷᠢᠭ ᠢᠶᠠᠷ ᠱᠠᠩᠨᠠᠵᠤ᠂ ᠬᠤᠲᠠ ᠶᠢᠨ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ ᠲᠤᠬᠲᠠᠭᠠᠭᠰᠠᠨ ᠪᠠᠶᠢᠪᠠᠯ ᠨᠢᠭᠡ ᠯᠠ ᠤᠳᠠᠭ᠎ᠠ ᠳᠤ 5 ᠲᠦᠮᠡᠨ | ᠲᠥᠭᠦᠷᠢᠭ ᠢᠶᠠᠷ ᠱᠠᠩᠨᠠᠨ᠎ᠠ᠃ | | ᠵᠢᠷᠭᠤᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠬᠥᠭᠵᠢᠯᠲᠡ ᠶᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠰᠤᠷᠤᠯᠴᠠᠬᠤ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠪᠣᠳᠠᠰ ᠤᠨ | ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠤᠯᠠᠮᠵᠢᠯᠠᠨ ᠰᠤᠷᠤᠯᠴᠠᠬᠤ ᠭᠠᠵᠠᠷ ᠪᠠᠶᠢᠭᠤᠯᠬᠤ ᠶᠢ ᠲᠡᠳᠬᠦᠨ ᠳᠡᠮᠵᠢᠵᠦ ᠬᠢᠨᠠᠨ ᠲᠤᠬᠲᠠᠭᠠᠭᠠᠳ ᠬᠢᠷᠢ | ᠲᠡᠩᠴᠡᠭᠰᠡᠨ ᠤ ᠬᠠᠮᠲᠤ ᠨᠡᠶᠢᠲᠡᠯᠡᠭᠰᠡᠨ ᠤ ᠳᠠᠷᠠᠭ᠎ᠠ ᠨᠢᠭᠡ ᠯᠠ ᠤᠳᠠᠭ᠎ᠠ ᠳᠤ 3 ︱ 5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ︵ᠳᠠᠭᠠᠯᠳᠤᠭᠤᠯᠤᠯ | ᠬᠦᠰᠦᠨᠦᠭᠲᠦ 2 ᠢ ᠦᠵᠡᠭᠡᠷᠡᠢ︶᠃ | ᠬᠤᠷᠢᠨ ᠨᠢᠭᠡᠳᠦᠭᠡᠷ ᠵᠦᠢᠯ ᠰᠣᠶᠣᠯ ᠤᠨ ᠵᠢᠱᠢᠶᠡᠴᠢ ᠡᠷᠦᠬᠡ ᠶᠢᠨ ᠪᠠᠷᠢᠮᠵᠢᠶ᠎ᠠ ᠶᠣᠰᠣᠭᠠᠷ ᠲᠣᠰ ᠭᠠᠵᠠᠷ ᠣᠷᠣᠨ ᠤ ᠬᠤᠶᠠᠷ ᠪᠣᠯᠪᠠᠰᠤᠨ ᠤ | ᠪᠠᠶᠢᠭᠤᠯᠤᠯᠲᠠ ᠶᠢᠨ ᠳᠤᠮᠳᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠭᠰᠠᠨ ᠵᠢᠴᠢ ᠵᠣᠬᠢᠬᠤ ᠵᠣᠬᠢᠶᠠᠨ ᠪᠠᠶᠢᠭᠤᠯᠬᠤ ᠴᠢᠳᠠᠪᠤᠷᠢ ᠲᠠᠢ᠂ ᠡᠯ᠎ᠡ | ᠲᠥᠷᠥᠯ ᠤᠨ ᠰᠣᠶᠣᠯ ᠤᠨ ᠠᠵᠢᠯᠯᠠᠭ᠎ᠠ ᠶᠢ ᠥᠷᠨᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠶᠢ ᠬᠢᠨᠠᠨ ᠲᠤᠬᠲᠠᠭᠠᠭᠠᠳ ᠬᠢᠷᠢ ᠲᠡᠩᠴᠡᠭᠰᠡᠨ ᠤ ᠬᠠᠮᠲᠤ | ᠨᠡᠶᠢᠲᠡᠯᠡᠭᠰᠡᠨ ᠤ ᠳᠠᠷᠠᠭ᠎ᠠ ᠡᠷᠦᠬᠡ ᠪᠦᠷᠢ ᠳᠤ ᠨᠢᠭᠡ ᠯᠠ ᠤᠳᠠᠭ᠎ᠠ ᠶᠢᠨ ᠴᠢᠨᠠᠷᠲᠠᠢ ᠪᠠᠷ 2 ︱ 3 ᠲᠦᠮᠡᠨ ᠲᠥᠭᠦᠷᠢᠭ ᠤᠨ ᠱᠠᠩᠨᠠᠯ ᠣᠯᠭᠤᠨ᠎ᠠ ︵ | ᠳᠠᠭᠠᠯᠳᠤᠭᠤᠯᠤᠯ ᠬᠦᠰᠦᠨᠦᠭᠲᠦ 2 ᠢ ᠦᠵᠡᠭᠡᠷᠡᠢ︶᠃ | ᠬᠤᠷᠢᠨ ᠬᠤᠶᠠᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠤᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ | ᠬᠥᠬᠢᠭᠦᠯᠦᠨ ᠱᠠᠩᠨᠠᠨ᠎ᠠ᠃ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ ᠳᠤ ᠲᠣᠪᠣᠶᠢᠮ᠎ᠠ | ᠬᠤᠪᠢ ᠨᠡᠮᠡᠷᠢ ᠦᠵᠡᠭᠦᠯᠦᠭᠰᠡᠨ ᠤᠯᠠᠮᠵᠢᠯᠠᠨ ᠵᠠᠯᠭᠠᠮᠵᠢᠯᠠᠭᠴᠢ ︵ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠳᠤ ᠬᠢᠵᠠᠭᠠᠷᠯᠠᠭᠳᠠᠬᠤ ᠦᠭᠡᠢ︶ ᠨᠢ | ᠵᠢᠯ ᠳᠤ ᠰᠤᠷᠭᠠᠭᠤᠯᠢ᠂ ᠭᠠᠴᠠᠭ᠎ᠠ ᠲᠣᠰᠬᠤᠨ᠂ ᠦᠵᠡᠮᠵᠢ ᠶᠢᠨ ᠣᠷᠣᠨ᠂ ᠨᠡᠶᠢᠭᠡᠮ ᠲᠣᠭᠤᠷᠢᠭ ᠲᠤ ᠣᠷᠤᠵᠦ ᠪᠣᠯᠪᠠᠰᠤᠷᠠᠯ ᠬᠦᠷᠲᠡᠭᠡᠬᠦ ᠵᠢᠴᠢ ᠳᠡᠯᠭᠡᠨ | ᠦᠵᠡᠭᠦᠯᠵᠦ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ 6 ᠤᠳᠠᠭ᠎ᠠ ᠠᠴᠠ ᠳᠡᠭᠡᠭᠰᠢ ᠥᠷᠨᠢᠭᠦᠯᠤᠭ᠍ᠰᠡᠨ ᠪᠠᠶᠢᠪᠠᠯ ᠬᠢᠨᠠᠨ ᠲᠤᠬᠲᠠᠭᠠᠭᠠᠳ ᠬᠢᠷᠢ ᠲᠡᠩᠴᠡᠭᠰᠡᠨ | ᠪᠥᠭᠡᠳ ᠨᠡᠶᠢᠲᠡᠯᠡᠭᠰᠡᠨ ᠤ ᠳᠠᠷᠠᠭ᠎ᠠ ᠨᠢᠭᠡ ᠯᠠ ᠤᠳᠠᠭ᠎ᠠ ᠳᠤ 1 ᠲᠦᠮᠡᠨ ᠲᠥᠭᠦᠷᠢᠭ ᠢᠶᠠᠷ ᠱᠠᠩᠨᠠᠨ᠎ᠠ᠃ | | ᠳᠣᠯᠣᠳᠤᠭᠠᠷ ᠪᠦᠯᠦᠭ ᠣᠶᠤᠨᠴᠢ ᠰᠣᠶᠣᠯ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠨ ᠭᠤᠷᠪᠠᠳᠤᠭᠠᠷ ᠵᠦᠢᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠮᠦᠽᠧᠢ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶᠡᠴᠢ | ᠲᠣᠰᠬᠤᠨ ︵ᠭᠠᠴᠠᠭ᠎ᠠ︶ ᠵᠡᠷᠭᠡ ᠳᠤ 5G ᠮᠡᠷᠭᠡᠵᠢᠯ᠂ AR/VR ᠬᠡᠶᠢᠰᠪᠤᠷᠢ ᠠᠬᠤᠢ ᠶᠢᠨ ᠮᠡᠷᠭᠡᠵᠢᠯ ᠢ ᠣᠷᠣᠭᠤᠯᠤᠨ ᠠᠪᠴᠢᠷᠠᠵᠤ ᠣᠶᠤᠨᠴᠢ ᠵᠠᠮᠴᠢᠯᠠᠭᠤᠷ | ᠂ ᠣᠶᠤᠨᠴᠢ ᠪᠤᠷᠤᠯᠠᠭᠤᠯᠤᠬᠴᠢ᠂ ᠡᠯᠧᠺᠲᠷᠣᠨ ᠲᠤᠭᠠᠴᠠᠭ᠎ᠠ ᠬᠢᠬᠦ ᠬᠠᠷᠢᠯᠴᠠᠨ ᠦᠢᠯᠡᠳᠦᠯᠴᠡᠬᠦ ᠨᠡᠶᠢᠭᠡᠮ ᠤᠨ ᠬᠠᠷᠢᠯᠴᠠᠭᠠᠨ ᠤ ᠦᠢᠯᠡᠴᠢᠯᠡᠭᠡ᠂ ᠲᠣᠮᠣ | ᠳ᠋ᠠᠶᠢᠲ᠋ᠠ ᠶᠢᠨ ᠵᠠᠳᠠᠯᠤᠯᠲᠠ ᠵᠡᠷᠭᠡ ᠣᠶᠤᠨᠴᠢ ᠪᠠᠷ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠦᠭᠰᠡᠨ ᠠᠵᠤ | ᠠᠬᠤᠶᠢᠯᠠᠯ ᠪᠦᠬᠦᠨ ᠳᠤ ᠪᠡᠯᠡ ᠣᠷᠣᠭᠤᠯᠤᠭᠰᠠᠨ ᠲᠤᠭ᠎ᠠ ᠶᠢᠨ 30% ᠪᠠᠷ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠢ 10 ᠲᠦᠮᠡᠨ | ᠲᠥᠭᠦᠷᠢᠭ ᠠᠴᠠ ᠭᠡᠲᠤᠷᠡᠭᠦᠯᠬᠦ ᠦᠭᠡᠢ᠃ | | ᠨᠠᠢᠮᠠᠳᠤᠭᠠᠷ ᠪᠦᠯᠦᠭ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠨ ᠳᠥᠷᠪᠡᠳᠦᠭᠡᠷ ᠵᠦᠢᠯ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠣᠷᠢᠭᠵᠢᠭᠤᠯᠤᠨ ᠮᠠᠨ ᠤ ᠬᠤᠰᠢᠭᠤᠨ ᠳᠤ ᠡᠯ᠎ᠡ ᠵᠦᠢᠯ ᠤᠨ ᠰᠣᠶᠣᠯ ᠵᠢᠭᠤᠯᠴᠢᠯᠠᠯ ᠤᠨ | ᠠᠵᠢᠯᠯᠠᠭ᠎ᠠ᠂ ᠴᠤᠭᠯᠠᠭᠠᠨ ᠦᠵᠡᠰᠬᠦᠯᠡᠩ ᠢ ᠡᠷᠭᠢᠯᠠᠭᠦ ᠪᠤᠶᠤ ᠣᠷᠣᠭᠤᠯᠵᠤ ᠠᠪᠴᠢᠷᠠᠪᠠᠯ ᠠᠵᠢᠯᠯᠠᠭ᠎ᠠ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 30% ᠪᠠᠷ | ᠨᠥᠬᠦᠪᠦᠷᠢ ᠣᠯᠭᠤᠵᠤ ᠠᠵᠢᠯᠯᠠᠭ᠎ᠠ ᠨᠢᠭᠡᠪᠦᠷᠢ ᠶᠢ ᠬᠠᠮᠤᠭ ᠥᠨᠳᠥᠷ ᠲᠡᠭᠡᠨ 5 ᠲᠦᠮᠡᠨ ᠲᠥᠭᠦᠷᠢᠭ ᠠᠴᠠ ᠬᠡᠲᠦᠷᠡᠭᠦᠯᠬᠦ ᠦᠬᠡᠢ᠂ ᠨᠢᠭᠡᠴᠢ ᠨᠢᠭᠡᠪᠦᠷᠢ ᠶᠢ ᠵᠢᠯ | ᠪᠦᠷᠢ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠬᠡᠢ᠃ ᠡᠷᠬᠢᠨ ᠲᠣᠭᠤᠷᠢᠨ ᠤ ᠮᠤᠵᠢ ᠬᠤᠲᠠ ᠳᠤ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ | ᠡᠵᠡᠩᠨᠡᠨ ᠪᠣᠷᠣᠯᠠᠭᠤᠯᠬᠤ ᠲᠥᠪ ᠪᠠᠶᠢᠭᠤᠯᠵᠤ᠂ ᠲᠣᠰ ᠭᠠᠵᠠᠷ ᠣᠷᠣᠨ ᠤ ᠰᠣᠶᠣᠯ ᠵᠢᠭᠤᠯᠴᠢᠯᠠᠯ ᠢ ᠳᠡᠯᠭᠡᠷᠡᠭᠦᠯᠦᠨ ᠤᠬᠠᠭᠤᠯᠬᠤ ᠳᠤ ︽ᠵᠢᠭᠤᠯᠴᠢᠯᠠᠬᠰᠠᠳ ᠤᠨ | ᠠᠩᠬᠠᠷᠤᠯ ᠢ ᠳᠠᠳᠠᠨ ᠬᠤᠰᠢᠭᠤᠨ ᠳᠤ ᠢᠷᠡᠭᠦᠯᠬᠦ︾ ᠦᠷ᠎ᠡ ᠪᠦᠲᠦᠮᠵᠢ ᠭᠠᠷᠭᠠᠪᠠᠯ ᠨᠢᠭᠡ ᠯᠠ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ᠃ | ᠬᠤᠷᠢᠨ ᠲᠠᠪᠤᠳᠤᠭᠠᠷ ᠵᠦᠢᠯ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠤᠰᠢᠭᠤᠨ ᠤ ᠭᠠᠳᠠᠨᠠᠬᠢ ᠵᠢᠭᠤᠯᠴᠢᠯᠠᠬᠰᠠᠳ ᠢ ᠢᠳᠡᠪᠬᠢᠲᠡᠢ ᠪᠠᠷ | ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠵᠢᠭᠤᠯᠴᠢᠯᠠᠭᠤᠯᠬᠤ ᠶᠢ ᠵᠣᠷᠢᠭᠵᠢᠭᠤᠯᠵᠤ ᠪᠥᠬᠦ ᠵᠢᠯ ᠳᠤ ᠬᠤᠨᠤᠬᠯᠠᠬᠰᠠᠨ ᠵᠢᠭᠤᠯᠴᠢᠯᠠᠬᠰᠠᠳ ᠢ ᠨᠡᠶᠢᠲᠡ 500 | ᠬᠥᠮᠥᠨ ᠤᠳᠠᠭ᠎ᠠ ︵ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠵᠦ ᠨᠠᠭᠠᠲᠤ ᠵᠠᠬ᠎ᠠ ᠳᠠᠭᠠᠨ ᠬᠤᠶᠠᠷ 4A ᠲᠠᠰ ᠠᠴᠠ ᠳᠡᠭᠡᠭᠰᠢᠬᠢ ᠵᠢᠭᠤᠯᠴᠢᠯᠠᠯ ᠤᠨ | ᠦᠵᠡᠮᠵᠢ ᠶᠢᠨ ᠣᠷᠣᠨ ᠢᠶᠠᠷ ᠲᠣᠭᠤᠷᠢᠨ ᠵᠢᠭᠤᠯᠴᠢᠯᠠᠬᠰᠠᠨ ᠪᠥᠭᠡᠳ ᠬᠤᠰᠢᠭᠤᠨ ᠤ ᠳᠣᠲᠣᠷᠠᠬᠢ ᠵᠢᠭᠤᠯᠴᠢᠯᠠᠯ ᠤᠨ ᠪᠠᠭᠤᠳᠠᠯ ᠳᠤ ᠪᠦᠬᠦᠯᠢ 1 ᠰᠥᠨᠢ | ᠬᠤᠨᠣᠭᠰᠠᠨ ᠪᠠᠶᠢᠪᠠᠯ ᠵᠢᠭᠤᠯᠴᠢᠯᠠᠬᠰᠠᠳ ᠤᠨ ᠲᠤᠭ᠎ᠠ ᠪᠠᠷ ᠮᠠᠨ ᠤ ᠬᠤᠲᠠ ᠳᠠᠬᠢ ᠰᠥᠨᠢ ᠪᠦᠷᠢ ᠶᠢ ᠬᠥᠮᠥᠨ ᠪᠤᠯᠭᠠᠨ 30 ᠲᠥᠭᠦᠷᠢᠭ ᠤᠨ ᠪᠠᠷᠢᠮᠵᠢᠶ᠎ᠠ ᠪᠠᠷ | ᠱᠠᠩᠨᠠᠨ᠎ᠠ︔ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ︽ᠦᠦᠰᠢᠨ ᠬᠤᠰᠢᠭᠤᠨ ᠤ ᠬᠦᠮᠦᠨ ᠥᠥᠰᠢᠨ ᠬᠤᠰᠢᠭᠤ ᠪᠠᠷ | ᠵᠢᠭᠤᠯᠴᠢᠯᠠᠬᠤ︾ ᠶᠢ ᠵᠣᠬᠢᠶᠠᠨ ᠪᠠᠶᠢᠭᠤᠯᠤᠭᠰᠠᠨ ᠢ ᠬᠥᠮᠥᠨ ᠤᠳᠠᠭ᠎ᠠ ᠪᠠᠷ ᠱᠠᠩᠨᠠᠵᠤ᠂ ᠨᠡᠶᠢᠲᠡ 2000 ᠬᠥᠮᠥᠨ ᠤᠳᠠᠭ᠎ᠠ ᠳᠤ ᠬᠦᠷᠦᠭᠰᠡᠨ ᠪᠠᠶᠢᠪᠠᠯ 1 | ᠲᠦᠮᠡᠨ ᠲᠥᠭᠦᠷᠢᠭ ᠢᠶᠠᠷ ᠱᠠᠩᠨᠠᠵᠤ᠂ 3 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | | ᠶᠢᠰᠦᠳᠦᠭᠡᠷ ᠪᠦᠯᠦᠭ ᠰᠣᠶᠣᠯ ᠵᠢᠭᠤᠯᠴᠢᠯᠠᠯ ᠤᠨ ᠤᠬᠠᠭᠤᠯᠭ᠎ᠠ ᠪᠣᠷᠤᠯᠠᠭᠤᠯᠭ᠎ᠠ ᠶᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠨ ᠵᠢᠷᠭᠤᠳᠤᠭᠠᠷ ᠵᠦᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠵᠣᠬᠢᠶᠠᠨ ᠪᠠᠶᠢᠭᠤᠯᠵᠤ ᠡᠷᠬᠢᠯᠡᠭᠰᠡᠨ ᠡᠯ᠎ᠡ ᠲᠦᠷᠦᠯ ᠤᠨ ᠰᠣᠶᠣᠯ ᠪᠠ ᠵᠢᠭᠤᠯᠴᠢᠯᠠᠯ | ᠤᠨ ᠳᠡᠯᠭᠡᠨ ᠦᠵᠡᠭᠦᠯᠬᠦ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠦᠪᠡᠷᠮᠢᠴᠡ | ᠤᠨᠴᠠᠯᠢᠭ ᠲᠠᠢ ᠨᠠᠷᠠᠲᠤ ᠲᠡᠮᠳᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠵᠢᠴᠢ ᠬᠤᠪᠢ ᠬᠥᠮᠥᠨ ᠤ ᠰᠢᠨ᠎ᠡ ᠵᠠᠭᠤᠴᠢᠯᠠᠭᠤᠷ ᠤᠨ ᠮᠡᠷᠭᠡᠵᠢᠯ ᠢ ᠠᠰᠢᠭᠯᠠᠨ ᠪᠢᠴᠢᠯ ᠺᠢᠨᠣ᠋᠂ ᠣᠬᠤᠷ ᠸᠢᠳᠢᠤ᠋᠂ ᠠᠩᠬ᠎ᠠ ᠵᠤᠬᠢᠶᠠᠨ ᠪᠦᠲᠦᠭᠡᠭᠰᠡᠨ | ᠤᠷᠠᠨ ᠵᠣᠬᠢᠶᠠᠯ᠂ ᠬᠡᠷᠡᠯ ᠵᠢᠷᠤᠭ᠂ ᠳᠠᠭᠤᠤ ᠬᠥᠭᠵᠢᠮ ᠵᠡᠷᠭᠡ ᠪᠠᠷ ᠠᠴᠢᠶᠠᠯᠠᠪᠤᠷᠢ ᠪᠣᠯᠭᠠᠵᠤ ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠢᠶᠠᠷ | ᠰᠡᠳᠦᠪᠯᠡᠭᠰᠡᠨ ᠪᠤᠶᠤ ᠠᠷᠤ ᠦᠵᠡᠭᠳᠡᠯ ᠪᠣᠯᠭᠠᠭᠰᠠᠨ ᠪᠦᠲᠦᠭᠡᠯ ᠢ ᠵᠣᠬᠢᠶᠠᠨ ᠪᠦᠲᠦᠭᠡᠬᠦ ᠶᠢᠨ ᠬᠠᠮᠲᠤ ᠥᠷᠭᠡᠨ ᠢᠶᠠᠷ ᠤᠯᠠᠮᠵᠢᠯᠠᠨ ᠳᠡᠯᠭᠡᠷᠡᠭᠦᠯᠬᠦ ᠶᠢ | ᠵᠣᠷᠢᠭᠵᠢᠭᠤᠯᠵᠤ ᠤᠯᠠᠮᠵᠢᠯᠠᠨ ᠳᠠᠮᠵᠢᠭᠤᠯᠬᠤ ᠦᠢᠯᠡᠳᠦᠯ ᠪᠠ ᠨᠥᠯᠥᠭᠡᠯᠡᠬᠦ ᠬᠦᠴᠦᠨ ᠢ ᠦᠨᠳᠦᠰᠦᠯᠡᠨ ᠪᠣᠳᠠᠲᠠᠢ ᠪᠡᠯᠡ ᠣᠷᠣᠭᠤᠯᠤᠯᠲᠠ ᠶᠢᠨ 30% ᠪᠠᠷ | ᠪᠡᠯᠡ ᠮᠥᠩᠭᠦ ᠶᠢᠨ ᠱᠠᠩᠨᠠᠯ ᠣᠯᠭᠤᠵᠤ ᠬᠠᠮᠤᠭ ᠤᠨ ᠥᠨᠳᠥᠷ ᠲᠡᠭᠡᠨ 5 ︱ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ︵ᠳᠠᠭᠠᠯᠳᠤᠭᠤᠯᠤᠯ | ᠬᠦᠰᠦᠨᠦᠭᠲᠦ 3 ᠶᠢ ᠦᠵᠡᠭᠡᠷᠡᠢ︶᠃ | | ᠠᠷᠪᠠᠳᠤᠭᠠᠷ ᠪᠦᠯᠦᠭ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠨ ᠳᠣᠯᠣᠳᠤᠭᠠᠷ ᠵᠦᠢᠯ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠵᠣᠷᠢᠭᠵᠢᠭᠤᠯᠤᠨ᠎ᠠ᠃ ᠲᠤᠬᠠᠢ ᠶᠢᠨ ᠵᠢᠯ ᠳᠤ ᠰᠣᠶᠣᠯ ᠵᠢᠭᠤᠯᠴᠢᠯᠠᠯ ᠤᠨ | ᠦᠢᠯᠡᠰ ᠢ ᠬᠥᠭᠵᠢᠭᠦᠯᠬᠦ ᠳᠤᠮᠳᠠ ᠬᠤᠲᠠ ᠶᠢᠨ ᠲᠠᠰ ᠠᠴᠠ ᠳᠡᠭᠡᠭᠰᠢᠬᠢ ᠢᠷᠠᠭᠤ ᠠᠯᠳᠠᠷ ᠭᠥᠷᠳᠡᠭᠰᠡᠨ ᠬᠤᠪᠢ ᠬᠥᠮᠥᠨ ᠳᠤ ᠲᠣᠰ ᠲᠣᠰ ᠬᠤᠲᠠ ᠶᠢᠨ | ᠲᠠᠰ ᠤᠨ ᠱᠠᠩᠨᠠᠯ ᠳᠤ 2 ᠲᠦᠮᠡᠨ ᠲᠥᠭᠦᠷᠢᠭ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠱᠠᠩᠨᠠᠯ ᠳᠤ 5 ᠲᠦᠮᠡᠨ ᠲᠥᠭᠦᠷᠢᠭ ᠣᠯᠭᠤᠵᠤ᠂ | ᠤᠯᠤᠰ ᠤᠨ ᠲᠠᠰ ᠤᠨ ᠱᠠᠩᠨᠠᠯ ᠳᠤ 10 ᠲᠦᠮᠡᠨ ᠲᠥᠭᠦᠷᠢᠭ ᠣᠯᠭᠤᠨ᠎ᠠ᠃ | ᠬᠤᠷᠢᠨ ᠨᠠᠢᠮᠠᠳᠤᠭᠠᠷ ᠵᠦᠢᠯ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ᠮᠠᠨ ᠤ ᠬᠤᠰᠢᠭᠤᠨ ᠳᠤ ᠠᠵᠢᠯᠯᠠᠵᠤ ᠪᠠᠶᠢᠭ᠎ᠠ ︵ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠰᠠᠨ ᠪᠠᠶᠢᠬᠤ︶ ᠮᠥᠷᠲᠡᠭᠡᠨ ᠲᠤᠬᠠᠢ ᠶᠢᠨ | ᠵᠢᠯ ᠳᠤ ᠵᠢᠭᠤᠯᠴᠢᠯᠠᠯ ᠤᠨ ᠬᠥᠲᠥᠴᠢ ᠶᠢᠨ ᠦᠨᠡᠮᠯᠡᠯ ᠣᠯᠣᠭᠰᠠᠨ ᠵᠢᠴᠢ ᠵᠢᠭᠤᠯᠴᠢᠯᠠᠯ ᠤᠨ ᠬᠥᠲᠥᠴᠢ ᠶᠢᠨ ᠲᠠᠰ ᠳᠡᠪᠰᠢᠭᠰᠡᠨ ᠬᠥᠮᠥᠰ ᠲᠤ ᠨᠢᠭᠡ ᠯᠠ ᠤᠳᠠᠭ᠎ᠠ | ᠳᠤ 1 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠲᠤᠬᠠᠢ ᠶᠢᠨ ᠵᠢᠯ ᠳᠤ ᠬᠤᠲᠠ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ ᠱᠠᠩᠨᠠᠯ ᠭᠥᠷᠳᠡᠭᠰᠡᠨ ᠬᠥᠮᠥᠰ ᠲᠤ ᠨᠢᠭᠡ ᠯᠠ ᠤᠳᠠᠭ᠎ᠠ ᠳᠤ 1 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | | ᠠᠷᠪᠠᠨ ᠨᠢᠭᠡᠳᠦᠭᠡᠷ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ | ᠬᠤᠷᠢ ᠶᠢᠰᠦᠳᠦᠭᠡᠷ ᠵᠦᠢᠯ ︽ᠦᠦᠰᠢᠨ ᠬᠤᠰᠢᠭᠤᠨ ᠤ ᠬᠤᠨ ᠭᠠᠯᠠᠭᠤ ᠤᠳᠬ᠎ᠠ ᠤᠷᠠᠯᠢᠭ ᠤᠨ ᠲᠡᠳᠬᠦᠯᠲᠡ ᠶᠢᠨ ᠠᠷᠭ᠎ᠠ︾ ︵ᠦᠦᠰᠢᠨ ᠵᠠᠰᠠᠭ | ᠠᠯᠪᠠᠨ ᠲᠠᠷᠬᠠᠭᠠᠬᠤ ﹇2022﹈ 44 ᠳ᠋ᠦ᠋ᠬᠡᠷ ᠲᠣᠭᠠᠲᠤ︶ ᠪᠠᠷ ᠯᠠᠪᠯᠠᠯᠲᠠ ᠪᠣᠯᠭᠠᠵᠤ ᠨᠥᠬᠦᠪᠦᠷᠢ ᠥᠭᠴᠦ ᠱᠠᠩᠨᠠᠨ᠎ᠠ᠃ | | ᠠᠷᠪᠠᠨ ᠬᠤᠶᠠᠳᠤᠭᠠᠷ ᠪᠦᠯᠦᠭ ᠳᠠᠭᠠᠯᠳᠤᠭᠤᠯᠤᠬᠰᠠᠨ ᠳᠦᠷᠢᠮ | ᠭᠤᠴᠢᠳᠤᠭᠠᠷ ᠵᠦᠢᠯ ᠬᠤᠰᠢᠭᠤ ᠡᠳ᠋ ᠤᠨ ᠵᠠᠰᠠᠭ ᠠᠴᠠ ᠵᠢᠯ ᠪᠦᠷᠢ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ | 1000 ᠲᠦᠮᠡᠨ ᠲᠥᠭᠦᠷᠢᠭ ᠲᠣᠬᠢᠷᠠᠭᠤᠯᠬᠤ ᠶᠢᠨ ᠬᠠᠮᠲᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | ᠭᠤᠴᠢᠨ ᠨᠢᠭᠡᠳᠦᠭᠡᠷ ᠵᠦᠢᠯ ᠳᠡᠭᠡᠷᠡᠬᠢ ᠱᠠᠩᠨᠠᠨ ᠬᠥᠬᠢᠭᠦᠯᠬᠦ ︵ᠨᠦᠬᠦᠪᠦᠷᠢ ᠣᠯᠭᠤᠬᠤ︶ ᠳᠤ ᠬᠤᠯᠪᠣᠭᠳᠠᠬᠤ ᠠᠷᠭ᠎ᠠ ᠬᠡᠮᠵᠢᠶ᠎ᠡ ᠳᠤ ᠭᠤᠶᠤᠴᠢᠯᠠᠨ | ᠮᠡᠳᠡᠭᠦᠯᠬᠦ ᠳᠦᠷᠢᠮ ᠢ ᠬᠡᠷᠡᠭᠵᠢᠭᠦᠯᠵᠦ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ ᠶᠢᠨ ᠲᠤᠰᠬᠠᠢ ᠬᠢᠨᠠᠨ ᠬᠠᠷᠭᠤᠭᠤᠯᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠵᠠᠷᠯᠠᠨ | ᠨᠡᠶᠢᠲᠡᠯᠡᠭᠰᠡᠨ ᠤ ᠳᠠᠷᠠᠭ᠎ᠠ ᠱᠠᠩᠨᠠᠯ ᠬᠦᠬᠢᠬᠦᠯᠦᠯ ᠢ ᠨᠢ ᠤᠯᠭᠤᠵᠦ᠂ ᠤᠯᠭᠤᠬᠤ ᠪᠡᠯᠡ ᠮᠥᠩᠭᠦ ᠶᠢ ᠬᠤᠰᠢᠭᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ | ᠪᠤᠳᠤᠵᠤ ᠬᠢᠨᠠᠯᠲᠠ ᠲᠠᠯᠪᠢᠨ᠎ᠠ᠃ | ᠭᠤᠴᠢᠨ ᠬᠤᠶᠠᠳᠤᠭᠠᠷ ᠵᠦᠢᠯ ᠠᠳᠠᠯᠢ ᠨᠢᠭᠡᠨ ᠠᠵᠤ ᠠᠬᠤᠶᠢᠯᠠᠯ ︵ᠪᠠᠶᠢᠭᠤᠯᠭ᠎ᠠ ᠨᠢᠭᠡᠴᠢ︶ ᠤᠨ ᠠᠳᠠᠯᠢ ᠨᠢᠭᠡᠨ ᠲᠥᠷᠥᠯ ᠵᠦᠢᠯ ᠨᠢ ᠲᠤᠰ ᠠᠷᠭ᠎ᠠ | ᠬᠡᠮᠵᠢᠶ᠎ᠡ ᠶᠢᠨ ᠤᠯᠠᠨ ᠵᠦᠢᠯ ᠤᠨ ᠱᠠᠩᠨᠠᠨ ᠬᠥᠬᠢᠭᠦᠯᠬᠦ ︵ᠨᠦᠬᠦᠪᠦᠷᠢ ᠣᠯᠭᠤᠬᠤ︶ ᠨᠥᠬᠦᠴᠡᠯ ᠳᠤ ᠨᠡᠶᠢᠴᠡᠵᠦ ᠪᠠᠶᠢᠪᠠᠯ ᠲᠠᠪᠬᠤᠷ ᠱᠠᠩᠨᠠᠨ ᠭᠦᠬᠢᠬᠦᠯᠬᠦ ︵ | ᠨᠦᠬᠦᠪᠦᠷᠢ ᠣᠯᠭᠤᠬᠤ︶ ᠦᠭᠡᠢ᠂ ᠥᠨᠳᠥᠷ ᠱᠠᠩᠨᠠᠯ ᠢ ᠨᠢ ᠤᠯᠭᠤᠬᠤ ᠵᠠᠷᠴᠢᠮ ᠤᠨ ᠶᠣᠰᠣᠭᠠᠷ ᠣᠯᠭᠤᠵᠦ ᠪᠣᠯᠣᠨ᠎ᠠ᠃ ᠠᠳᠠᠯᠢ ᠨᠢᠭᠡᠨ ᠠᠵᠤ ᠠᠬᠤᠶᠢᠯᠠᠯ ︵ | ᠪᠠᠶᠢᠭᠤᠯᠭ᠎ᠠ ᠨᠢᠭᠡᠴᠢ︶ ᠤᠨ ᠠᠳᠠᠯᠢ ᠨᠢᠭᠡᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠱᠠᠲᠤᠨ ᠤ ᠡᠯ᠎ᠡ ᠵᠦᠢᠯ ᠤᠨ ᠡᠳ᠋ ᠤᠨ | ᠵᠠᠰᠠᠭ ᠤᠨ ᠱᠠᠩᠨᠠᠯ᠂ ᠨᠥᠬᠦᠪᠦᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠪᠬᠤᠷ ᠬᠦᠷᠲᠡᠵᠦ ᠪᠣᠯᠬᠤ ᠦᠭᠡᠢ᠂ ᠥᠨᠳᠥᠷ ᠱᠠᠩᠨᠠᠯ ᠢ ᠨᠢ | ᠤᠯᠭᠤᠬᠤ ᠵᠠᠷᠴᠢᠮ ᠢᠶᠠᠷ ᠤᠯᠭᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠨᠢ ᠪᠠᠶᠢᠴᠠᠭᠠᠨ ᠰᠢᠢᠳᠪᠦᠷᠢᠯᠡᠭᠳᠡᠭᠰᠡᠨ᠂ | ᠵᠢᠭᠤᠯᠴᠢᠯᠠᠯ ᠤᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠬᠦᠨᠳᠦ ᠶᠡᠭᠡ ᠠᠮᠤᠷ | ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ᠂ ᠬᠦᠨᠳᠦ ᠶᠡᠭᠡ ᠵᠢᠭᠤᠯᠴᠢᠯᠠᠯ ᠤᠨ ᠵᠠᠭᠠᠯᠳᠤᠯᠭ᠎ᠠ ᠭᠠᠷᠭᠠᠭᠰᠠᠨ ᠠᠴᠠ ᠪᠣᠯᠵᠤ ᠨᠡᠯᠢᠶᠡᠳ ᠶᠡᠭᠡ ᠨᠠᠵᠠᠭᠠᠢ | ᠨᠥᠯᠥᠭᠡ ᠭᠠᠷᠭᠠᠭᠰᠠᠨ᠂ ᠲᠤᠭ᠎ᠠ ᠪᠠᠷᠢᠮᠲᠠ ᠶᠢ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠮᠡᠳᠡᠭᠦᠯᠦᠭᠰᠡᠨ ᠪᠠᠶᠢᠪᠠᠯ ᠴᠥᠮ ᠲᠣᠰ ᠠᠷᠭ᠎ᠠ ᠬᠡᠮᠵᠢᠶ᠎ᠡ ᠶᠢ ᠬᠦᠷᠲᠡᠵᠦ | ᠪᠣᠯᠬᠤ ᠦᠭᠡᠢ᠃ ᠨᠢᠭᠡ ᠤᠴᠢᠷ ᠶᠠᠪᠤᠳᠠᠯ ᠢ ᠨᠢᠭᠡ ᠵᠥᠪᠯᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠭᠰᠡᠨ ᠠᠵᠤ ᠠᠬᠤᠶᠢᠯᠠᠯ ᠤᠳ ᠲᠣᠰ ᠠᠷᠭ᠎ᠠ | ᠬᠡᠮᠵᠢᠶ᠎ᠡ ᠶᠢ ᠳᠠᠭᠢᠵᠤ ᠭᠥᠷᠳᠡᠬᠦ ᠦᠭᠡᠢ᠃ | ᠭᠤᠴᠢᠨ ᠭᠤᠷᠪᠠᠳᠤᠭᠠᠷ ᠵᠦᠢᠯ ᠲᠣᠰ ᠠᠷᠭ᠎ᠠ ᠳᠤ ᠭᠤᠶᠤᠴᠢᠯᠠᠨ ᠮᠡᠳᠡᠭᠦᠯᠬᠦ ᠨᠠᠷᠢᠨ ᠳᠦᠷᠢᠮ ᠢ ᠢᠵᠢ ᠪᠦᠷᠢᠳᠦᠭᠦᠯᠦᠨ ᠳᠠᠷᠤᠮᠠᠯᠯᠠᠨ ᠲᠠᠷᠬᠠᠭᠠᠨ᠎ᠠ᠂ | ᠡᠭᠦᠨ ᠳᠤ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠨᠥᠬᠦᠴᠡᠯ ᠵᠢᠴᠢ ᠬᠡᠷᠡᠭᠰᠡᠬᠦ ᠮᠠᠲ᠋ᠧᠷᠢᠶᠠᠯ ᠵᠡᠷᠭᠡ ᠶᠢ ᠪᠠᠭᠲᠠᠭᠠᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠣᠰ ᠠᠷᠭ᠎ᠠ ᠶᠢ ᠦᠦᠰᠢᠨ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | | | | | | | | | | | | | | | | | |