ᠪᠠᠶᠠᠨᠲᠣᠯᠤᠭᠠᠢ ᠭᠠᠴᠠᠭ᠎ᠠ ᠨᠠᠰᠤᠲᠠᠶᠢᠴᠤᠤᠯ ᠡᠮᠡᠭᠲᠡᠶᠢᠴᠦᠳ ᠢ ᠬᠠᠮᠠᠯᠵᠢᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/9/28
      ᠣᠶᠢᠷ᠎ᠠ ᠶᠢᠨ ᠡᠳᠦᠷ᠂ ᠦᠦᠰᠢᠨᠵᠤᠤ ᠪᠠᠯᠭᠠᠰᠤᠨ ᠤ ᠪᠠᠶᠠᠨᠲᠣᠯᠤᠭᠠᠢ ᠭᠠᠴᠠᠭ᠎ᠠ᠂ ᠨᠤᠲᠤᠭ ᠣᠰᠣᠨ ᠤ ᠪᠠᠨ ᠠᠵᠤ ᠠᠬᠤᠶᠢᠯᠠᠯᠲᠠᠨ ᠪᠣᠯᠣᠨ ᠰᠡᠬᠡᠭᠡᠲᠡᠳ  ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠭᠠᠴᠠᠭᠠᠨ ᠤ 4 ᠡᠨᠡᠷᠢᠯᠲᠦ ᠡᠵᠢ᠂ 1 ᠰᠤᠷᠤᠯᠴᠠᠬᠤ ᠳᠠᠭᠤᠷᠢᠶᠠᠯ ᠡᠵᠢ᠂ 6 ᠰᠠᠶᠢᠨ ᠳᠤᠷᠠᠴᠤᠳ ᠤᠨ ᠵᠢᠱᠢᠶᠡᠴᠢ᠂ 25 ᠠᠯᠳᠠᠨ ᠤᠷᠤᠭ ᠤᠨ ᠭᠡᠷ ᠪᠦᠯᠢ᠂ 4 ᠡᠷᠡᠭᠦᠯ ᠴᠢᠭᠢᠷᠠᠭ ᠭᠡᠷ ᠪᠦᠯᠢ᠂ 4 ᠨᠣᠮᠢᠨ ᠳᠠᠩᠰᠤᠭ ᠭᠡᠷ ᠪᠦᠯᠢ᠂ 4 ᠭᠤᠶᠣᠮᠰᠤᠭ ᠭᠡᠷ ᠪᠦᠯᠢ ᠶᠢ ᠰᠠᠶᠢᠰᠢᠶᠠᠨ ᠬᠦᠬᠢᠬᠦᠯᠬᠦ ᠶᠢᠨ ᠳᠠᠭᠠᠤ ᠮᠠᠨ ᠤ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠨ᠂ ᠭᠠᠴᠠᠭᠠᠨ ᠤ ᠪᠠᠨ ᠡᠮᠡᠭᠲᠡᠶᠢᠴᠦᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠬᠢᠴᠢᠶᠡᠯ ᠣᠷᠣᠭᠤᠯᠵᠤ᠂ ᠤᠳᠬ᠎ᠠ ᠠᠭᠤᠯᠭ᠎ᠠ ᠲᠠᠢ ᠲᠣᠭᠯᠠᠭᠠᠮ ᠨᠠᠭᠠᠳᠤᠮ ᠥᠷᠨᠢᠭᠦᠯᠤᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃                                     ᠰᠣᠷᠪᠣᠯᠵᠢᠯᠠᠭᠴᠢ᠄ ᠠᠷᠢᠭᠤᠨ᠎ᠠ  ᠡᠷᠬᠡᠰ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ