ᠯᠢ ᠵᠦᠩ ᠯᠢᠨ ᠦᠤᠰᠢᠨᠵᠤᠤ ᠪᠠᠯᠭᠠᠰᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠯᠳᠠ ᠬᠢᠨᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2022/9/29
      9 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠦᠩ ᠯᠢᠨ ᠪᠦᠯᠬᠦᠮ ᠳᠠᠭᠠᠭᠤᠯᠤᠨ ᠦᠦᠰᠢᠨᠵᠤᠤ ᠪᠠᠯᠭᠠᠰᠤᠨ ᠳᠤ ᠬᠦᠷᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ᠂ ᠠᠶᠤᠯᠭᠦᠢ ᠦᠢᠯᠡᠳᠪᠤᠷᠢᠯᠡᠯ ᠵᠡᠷᠭᠡ ᠠᠵᠢᠯ ᠳᠤ ᠪᠠᠶᠢᠴᠠᠭᠠᠯᠳᠠ ᠬᠢᠨᠠᠨ ᠵᠢᠯᠤᠭᠤᠳᠤᠯᠭ᠎ᠠ ᠭᠢᠭᠦ ᠶᠢᠨ ᠬᠠᠮᠲᠤ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ᠂ ᠠᠶᠢᠯ ᠡᠷᠣᠬᠡ ᠶᠢᠨ ᠵᠣᠷᠯᠣᠩ ᠢ ᠥᠭᠡᠷᠡᠴᠢᠯᠡᠬᠦ᠂ ᠲᠠᠯᠠᠪᠤᠷ ᠭᠠᠵᠠᠷ ᠤᠨ ᠺᠤᠳ᠋ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠯᠳᠠ ᠳᠤ ᠤᠷᠤᠯᠴᠠᠪᠠ᠃       ᠯᠢ ᠵᠦᠩ ᠯᠢᠨ ᠨᠠᠷ ᠤᠷᠢᠳ ᠬᠤᠵᠢᠳ ᠦᠦᠰᠢᠨᠵᠤᠤ ᠪᠠᠯᠭᠠᠰᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠬᠤᠯᠪᠤᠭᠠᠯᠵᠢ ᠲᠣᠰᠬᠤᠨ᠂ ᠸᠧᠨ ᠰᠢᠨ ᠲᠤᠯᠠᠭᠠᠯᠠᠭ᠎ᠠ ᠬᠠᠩᠭᠠᠬᠤ ᠺᠣᠮᠫᠠᠨᠢ᠂ ᠵᠦᠩ ᠮᠧᠢ ᠮᠧᠩ ᠳ᠋ᠡ ᠶᠢᠨ ᠰᠢᠨ᠎ᠡ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠠᠭᠠᠨᠠᠭᠤᠷ ᠲᠣᠰᠬᠤᠨ ᠳᠤ ᠭᠦᠷᠴᠦ᠂ ︽ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠤᠯᠭᠠᠵᠤ ᠥᠨᠳᠥᠷ ᠪᠦᠲᠦᠮᠵᠢᠲᠡᠶ ᠬᠠᠮᠵᠢᠯᠴᠠᠭᠰᠠᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ︾᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠢᠯᠴᠢ ᠬᠠᠩᠭᠠᠬᠤ ᠺᠣᠮᠫᠠᠨᠢ ᠶᠢᠨ ᠴᠡᠪᠠᠷᠰᠢᠭᠦᠯᠭᠦ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃
1.jpg
2.jpg
      ᠪᠠᠶᠢᠴᠠᠭᠠᠨ ᠰᠤᠳᠤᠯᠤᠯᠲᠠ ᠶᠢᠨ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠵᠢᠭᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠪᠣᠯ ᠣᠳᠣᠬᠠᠨ ᠤ ᠬᠠᠮᠤᠭ ᠤᠨ ᠴᠢᠬᠤᠯᠠ ᠶᠡᠭᠡ ᠶᠠᠪᠤᠳᠠᠯ ᠮᠥᠨ᠂ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ ᠬᠠᠷᠢᠭᠤᠴᠠᠯᠭ᠎ᠠ  ᠶᠢ ᠪᠣᠳᠠᠲᠠᠶᠢᠵᠢᠭᠤᠯᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠣᠷᠣᠨ ᠨᠤᠲᠤᠭ ᠤᠨ ᠠᠮᠤᠷ ᠲᠣᠭᠲᠠᠭᠤᠨ ᠢᠶᠠᠷ ᠪᠥᠬᠦ ᠬᠤᠰᠢᠭᠤᠨ ᠤ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠠᠷᠠᠳ ᠲᠦᠮᠡᠨ ᠤ ᠵᠣᠭᠰᠣᠯᠲᠠ ᠶᠢ ᠪᠠᠲᠤᠳᠬᠠᠨ ᠤᠯᠠᠨ ᠲᠦᠮᠡᠨᠴᠢ ᠱᠤᠭᠤᠮ ᠢᠶᠠᠷ ᠶᠠᠪᠤᠵᠤ ᠤᠯᠠᠨ ᠲᠦᠮᠡᠨ ᠤ ᠶᠠᠪᠤᠳᠠᠯ ᠢ ᠬᠠᠮᠤᠭ ᠤᠨ ᠴᠢᠬᠤᠯᠠ ᠶᠠᠪᠤᠳᠠᠯ ᠪᠣᠯᠭᠠᠨ ᠠᠬᠢᠭᠤᠯᠵᠤ ᠵᠥᠷᠢᠴᠡᠯ ᠢ ᠪᠠᠭ᠎ᠠ ᠳᠡᠭᠡᠷ᠎ᠡ ᠨᠢ ᠦᠨᠳᠦᠰᠦᠨ ᠱᠠᠲᠤᠨ ᠳᠤ ᠨᠠᠮᠳᠠᠭᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠳᠦᠷᠢᠮ ᠢ ᠰᠠᠶᠢᠲᠤᠷ ᠬᠢᠬᠦ ᠶᠢ ᠪᠠᠷᠢᠮᠲᠠᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃
4.jpg
4.jpg
      ᠬᠤᠷᠠᠯ ᠠᠴᠠ ᠴᠢᠬᠤᠯᠠᠴᠢᠯᠠᠬᠤ ᠳᠠᠭᠠᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠮᠠᠯᠴᠢᠨ ᠲᠠᠷᠢᠶᠠᠴᠢᠳ ᠢ ᠬᠥᠲᠥᠯᠥᠨ ᠳᠠᠭᠠᠭᠤᠯᠵᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠃ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠰᠢᠨ᠎ᠡ ᠵᠠᠮ ᠢ ᠢᠳᠡᠪᠬᠢᠲᠡᠢ ᠰᠦᠪᠡᠭᠴᠢᠯᠡᠨ ᠵᠠᠮᠨᠠᠵᠤ ᠦᠵᠡᠯ ᠰᠠᠨᠠᠭ᠎ᠠ ᠪᠠᠨ ᠴᠢᠯᠦᠭᠡᠯᠡᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠭᠠᠴᠠᠭ᠎ᠠ ᠲᠣᠰᠬᠤᠨ ᠤ ᠪᠣᠳᠠᠲᠠᠢ ᠳᠤ ᠰᠠᠭᠤᠷᠢᠯᠠᠨ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ‍ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠨ ᠬᠡᠷᠡᠭᠵᠢᠭᠦᠯᠵᠦ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠮᠳᠠᠬᠢ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ ᠰᠠᠭᠤᠭ᠎ᠠ ᠭᠠᠵᠠᠷ ᠤᠨ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠠᠵᠤ ᠠᠬᠤᠶᠢᠯᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠳᠤ ᠪᠦᠬᠦ ᠲᠠᠯ᠎ᠠ ᠪᠠᠷ ᠣᠷᠣᠯᠴᠠᠭᠤᠯᠵᠤ ᠤᠯᠠᠨ ᠡᠰᠢᠵᠢᠭᠰᠡᠨ ᠬᠥᠭᠵᠢᠯᠲᠡ ᠶᠢᠨ ᠰᠡᠳᠬᠢᠴᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠢ ᠬᠡᠵᠡᠢ᠃      ᠬᠤᠷᠠᠯ ᠳᠡᠭᠡᠷ᠎ᠡ ᠪᠠᠰᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ᠂ ᠠᠶᠢᠯ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠲᠠᠯᠠᠪᠤᠷ ᠭᠠᠵᠠᠷ ᠤᠨ ᠺᠤᠳ᠋ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃                                   ᠰᠤᠷᠪᠤᠯᠵᠢᠯᠬᠠᠴᠢ᠄ ᠯᠤᠨᠳᠤᠨᠬᠤᠸᠠᠷ    ᠸᠠᠩ ᠨᠠ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ