9 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠰᠦᠯᠳᠡ ᠰᠤᠮᠤᠨ ᠳᠤ ᠬᠦᠷᠴᠤ ᠠᠷᠠᠳ ᠤᠨ ᠠᠮᠢᠳᠤᠷᠠᠯ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ᠂ ᠠᠶᠤᠯᠭᠦᠢ ᠦᠢᠯᠡᠳᠪᠤᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠭᠢᠵᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠮᠠ ᠶᠠ ᠳ᠋ᠦᠩ ᠵᠢᠴᠢ ᠰᠦᠯᠳᠡ ᠰᠤᠮᠤᠨ | ᠤ ᠬᠤᠯᠪᠤᠬᠳᠠᠯ ᠪᠦᠭᠦᠢ ᠬᠠᠷᠢᠭᠤᠴᠠᠯᠭᠠᠳᠠᠨ ᠤᠷᠤᠯᠴᠠᠪᠠ᠃ | ᠸᠠᠩ ᠵᠢᠶᠠᠨ ᠤᠷᠢᠳ ᠬᠤᠵᠢᠳ ᠰᠦᠯᠳᠡ ᠰᠤᠮᠤᠨ ᠤ ᠠᠮᠢᠳᠤᠷᠠᠯ ᠤᠨ ᠬᠤᠭ ᠨᠤᠪᠰᠢ ᠶᠢ ᠪᠤᠬᠢᠷᠳᠦᠯ ᠦᠬᠡᠢ ᠰᠢᠢᠳᠪᠤᠷᠢᠯᠡᠭᠦ ᠦᠢᠯᠡᠳᠪᠤᠷᠢ᠂ ᠠᠭᠠᠷ | ᠤᠨ ᠡᠨᠧᠷᠬᠢ ᠪᠠᠷ ᠲᠤᠯᠠᠭᠠᠯᠠᠭ᠎ᠠ ᠬᠠᠩᠭᠠᠬᠤ ᠲᠦᠷᠦᠯ ᠵᠤᠶᠢᠯ᠂ ᠱᠠᠷᠯᠢᠭ ᠨᠠᠶᠢᠭᠡᠮ ᠲᠤᠭᠤᠷᠢᠭ ᠤᠨ ᠭᠠᠵᠠᠷ ᠲᠤᠤᠷᠠᠬᠢ ᠬᠤᠭᠤᠯᠠᠢ ᠲᠤᠤᠷ ᠤᠨ ᠪᠦᠳᠦᠭᠡᠨ | ᠪᠠᠶᠢᠭᠤᠯᠤᠯᠳᠡ ᠶᠢᠨ ᠲᠦᠷᠦᠯ ᠵᠤᠶᠢᠯ᠂ ᠱᠠᠷᠯᠢᠭ ᠭᠠᠴᠠᠭᠠᠨ ᠤ ᠲᠤᠯᠠᠭᠠᠯᠠᠭ᠎ᠠ ᠶᠢ ᠪᠠᠳᠤᠯᠠᠬᠤ ᠨᠠᠭᠦᠷᠠᠰᠦ ᠬᠤᠪᠢᠶᠠᠬᠤ ᠲᠤᠬᠠᠢ ᠶᠢᠨ ᠲᠠᠯᠠᠪᠠᠢ ᠳᠤ ᠭᠦᠷᠴᠦ | ᠮᠠᠯᠴᠢᠨ ᠲᠠᠷᠢᠶᠠᠴᠢᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠭᠦ᠂ ᠲᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠪᠤᠵᠠᠷ ᠤᠰᠤ ᠶᠢ | ᠰᠢᠢᠳᠪᠤᠷᠢᠯᠡᠭᠦ ᠵᠡᠷᠭᠡ ᠠᠷᠠᠳ ᠤᠨ ᠠᠮᠢᠳᠤᠷᠠᠯ ᠳᠤ ᠬᠤᠯᠪᠤᠬᠳᠠᠬᠰᠠᠨ ᠲᠦᠷᠦᠯ ᠵᠤᠶᠢᠯ ᠤᠨ ᠨᠠᠶᠢᠳᠠᠪᠤᠷᠢᠵᠢᠭᠤᠯᠤᠯᠳᠡ ᠶᠢᠨ ᠪᠠᠶᠢᠳᠠᠯ ᠢ ᠨᠠᠷᠢᠨ ᠤᠶᠢᠯᠡᠭᠠᠵᠤ | ᠲᠤᠬᠠᠢ ᠶᠢᠨ ᠭᠠᠵᠠᠷ ᠤᠨ ᠬᠠᠷᠢᠭᠤᠴᠠᠯᠭᠠᠳᠠᠨ ᠳᠤ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠠᠮᠵᠢᠯᠲᠠ ᠪᠠᠨ ᠪᠣᠯᠭᠠᠵᠤ | ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ | ᠪᠤᠳᠤᠨ ᠠᠷᠠᠳ ᠤᠨ ᠠᠮᠢᠳᠤᠷᠠᠯ ᠤᠨ ᠠᠵᠢᠯ ᠢ ᠬᠦᠴᠦ ᠲᠠᠯᠪᠢᠨ ᠰᠠᠶᠢᠲᠤᠷ ᠬᠢᠵᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠤᠯᠠᠭᠠᠯᠠᠭ᠎ᠠ | ᠬᠠᠩᠭᠠᠬᠤ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠤᠷᠢᠳᠴᠢᠯᠠᠨ ᠲᠥᠯᠥᠪᠵᠢᠭᠦᠯᠵᠦ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠳᠤᠯᠠᠭᠠᠯᠠᠭ᠎ᠠ ᠶᠢᠨ | ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ ᠠᠭᠤᠷ | ᠠᠮᠢᠰᠬᠤᠯ ᠢ ᠴᠠᠭ ᠲᠤᠬᠠᠢ ᠳᠤᠨᠢ ᠠᠩᠬᠠᠷᠤᠨ ᠲᠣᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠪᠠ | ᠬᠤᠭᠤᠯᠠᠢ ᠲᠣᠣᠷ ᠢ ᠪᠠᠶᠢᠴᠠᠭᠠᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ ᠪᠠᠴᠢᠮ ᠪᠠᠶᠢᠳᠠᠯ ᠢ ᠰᠢᠢᠳᠪᠤᠷᠢᠯᠡᠬᠦ ᠰᠡᠯᠪᠢᠨ ᠵᠠᠰᠠᠬᠤ ᠡᠩᠨᠡᠭᠡ ᠶᠢᠨ | ᠪᠡᠯᠡᠳᠬᠡᠯ ᠢ ᠴᠢᠩᠭᠠᠳᠬᠠᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠴᠠᠭ ᠲᠤᠬᠠᠢ ᠳᠤᠨᠢ ᠬᠠᠩᠭᠠᠵᠦ ᠲᠣᠭᠲᠠᠭᠤᠨ ᠢᠶᠠᠷ ᠠᠵᠢᠯᠯᠠᠭᠤᠯᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | | ᠱᠠᠷᠯᠢᠭ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶᠠᠨ ᠳᠤ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠸᠠᠩ ᠵᠢᠶᠠᠨ ᠴᠢᠬᠤᠯᠠᠴᠢᠯᠠᠬᠤ ᠳᠠᠭᠠᠨ᠂ ᠣᠳᠣᠬᠠᠨ ᠳᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠨᠢ ᠣᠯᠠᠨ ᠭᠠᠵᠠᠷ ᠲᠤ ᠲᠠᠷᠬᠠᠵᠤ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠠᠭ | ᠢᠮᠠᠭᠲᠠ ᠰᠤᠯᠠᠷᠠᠭᠤᠯᠬᠤ ᠦᠭᠡᠢ᠂ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠠᠲᠤᠯᠠᠬᠤ ᠬᠡᠷᠡᠭᠲᠡᠢ ᠭᠡᠵᠡᠢ᠃ ᠰᠤᠪᠤᠷᠭ᠎ᠠ ᠪᠠᠶᠢᠭᠠᠯᠢ ᠶᠢᠨ ᠰᠢᠲᠠᠮᠠᠬᠠᠢ | ᠬᠡᠢ ᠶᠢ ᠨᠠᠷᠢᠯᠢᠭ ᠰᠢᠢᠳᠪᠦᠷᠢᠯᠡᠬᠦ ᠶᠡᠷᠦᠩᠬᠡᠢ ᠦᠢᠯᠡᠳᠪᠦᠷᠢ ᠶᠢᠨ ᠢᠵᠢ ᠲᠦᠭᠦᠷᠵᠢᠭᠦᠯᠦᠭᠰᠡᠨ ᠲᠥᠷᠥᠯ ᠵᠦᠢᠯ ᠤᠨ ᠰᠤ᠋ ᠵᠦᠩ ᠪᠠᠶᠢᠭᠠᠯᠢ ᠶᠢᠨ ᠰᠢᠲᠠᠮᠠᠬᠠᠢ ᠬᠡᠢ | ᠰᠢᠢᠳᠪᠦᠷᠢᠯᠡᠬᠦ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠷᠢᠯᠭ᠎ᠠ ᠪᠠᠷᠢᠬᠤ ᠨᠢᠭᠡᠴᠢ ᠶᠢᠨ ᠬᠠᠷᠢᠭᠤᠴᠠᠯᠭᠠᠲᠠᠨ ᠲᠠᠢ ᠨᠠᠷᠢᠨ | ᠶᠠᠷᠢᠯᠴᠠᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠸᠠᠩ ᠵᠢᠶᠠᠨ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ᠂ | ᠪᠠᠷᠢᠯᠭ᠎ᠠ ᠶᠢᠨ ᠶᠠᠰᠤ ᠴᠢᠨᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠠᠬᠢᠴᠠ ᠶᠢ ᠠᠳᠬᠤᠵᠦ᠂ ᠲᠦᠷᠦᠯ ᠵᠦᠢᠯ ᠢ ᠴᠠᠭ ᠲᠤᠬᠠᠢ | ᠳᠤᠨᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠭᠠᠯᠢ ᠶᠢᠨ ᠰᠢᠲᠠᠮᠠᠬᠠᠢ ᠬᠡᠢ ᠶᠢ ᠲᠣᠭᠲᠠᠭᠤᠨ ᠢᠶᠠᠷ | ᠬᠠᠩᠭᠠᠬᠤ ᠶᠢ ᠪᠠᠲᠤᠯᠠᠬᠤ ᠬᠡᠷᠡᠭᠲᠡᠢ ᠬᠡᠵᠡᠢ᠃ | | | ᠰᠤᠷᠪᠤᠯᠵᠢᠯᠠᠬᠴᠢ᠄ ᠯᠤᠨᠳᠤᠨᠬᠤᠸᠠᠷ ᠦ᠋ ᠬᠤᠢ ᠭᠥᠸᠧ ᠵᠢᠶᠠ ᠳ᠋ᠦᠩ |