ᠸᠠᠩ ᠵᠢᠶᠠᠨ ᠲᠤᠭ ᠪᠠᠯᠭᠠᠰᠤᠨ ᠳᠤ ᠬᠦᠷᠴᠤ ᠠᠷᠠᠳ ᠤᠨ ᠠᠮᠢᠳᠤᠷᠠᠯ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠡ ᠬᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2022/9/29
      9 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠲᠤᠭ ᠪᠠᠯᠭᠠᠰᠤᠨ ᠳᠤ ᠬᠦᠷᠴᠤ ᠠᠷᠠᠳ ᠤᠨ ᠠᠮᠢᠳᠤᠷᠠᠯ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠨᠠᠨ ᠵᠢᠯᠤᠭᠤᠳᠤᠯᠭ᠎ᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠮᠠ ᠶᠠ ᠳ᠋ᠦᠩ᠂ ᠲᠤᠭ ᠪᠠᠯᠭᠠᠰᠤᠨ ᠤ ᠬᠤᠯᠪᠤᠬᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
1.png     
      ᠸᠠᠩ ᠵᠢᠶᠠᠨ ᠤᠷᠢᠳ ᠬᠤᠵᠢᠳ ᠦᠦᠰᠢᠨ ᠵᠦᠩ ᠷᠠᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠶᠢᠨ ᠲᠤᠭ ᠦᠷᠳᠡᠭᠡ ᠪᠣᠯᠣᠨ ᠲᠤᠭ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠤᠬᠢᠷ ᠤᠰᠤ ᠶᠢ ᠰᠢᠢᠳᠪᠦᠷᠢᠯᠡᠬᠦ ᠦᠷᠳᠡᠭᠡ᠂ ᠰᠢᠨ ᠶᠠ ᠳᠤᠯᠠᠭᠠᠯᠠᠭ᠎ᠠ ᠬᠠᠩᠭᠠᠬᠤ ᠺᠣᠮᠫᠠᠨᠢ᠂ ᠨᠡᠭᠦᠳᠡᠯ ᠠᠷᠠᠳ ᠤᠨ ᠪᠠᠷᠢᠯᠭ᠎ᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠵᠢᠴᠢ ᠬᠤᠰᠢᠭᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠬᠦᠷᠴᠦ ᠬᠡᠢ ᠬᠠᠩᠭᠠᠬᠤ᠂ ᠬᠤᠭ ᠨᠣᠪᠰᠢ ᠪᠤᠬᠢᠷ ᠤᠰᠤ ᠶᠢ ᠰᠢᠢᠳᠪᠦᠷᠢᠯᠡᠬᠦ᠂ ᠳᠤᠯᠠᠭᠠᠯᠠᠭ᠎ᠠ ᠬᠠᠩᠭᠠᠬᠤ᠂ ᠨᠡᠭᠦᠳᠡᠯ ᠠᠷᠠᠳ ᠢ ᠳᠦᠪᠬᠢᠨᠡᠬᠦᠯᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃
2.jpg    
      ᠸᠠᠩ ᠵᠢᠶᠠᠨ ᠬᠡᠯᠡᠬᠦ ᠳᠡᠭᠡᠨ᠂ ᠪᠠᠶᠢᠭᠠᠯᠢ ᠶᠢᠨ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠤᠨ ᠬᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠡᠯ᠎ᠡ ᠰᠤᠮᠤ ᠪᠠᠯᠭᠠᠰᠤᠨ ᠤ ᠤᠯᠠᠨ ᠲᠦᠮᠡᠨ ᠤ ᠬᠡᠷᠡᠭ ᠡᠷᠬᠢᠯᠡᠬᠦ ᠶᠡᠭᠡ ᠲᠢᠩᠬᠢᠮ ᠳᠤ ᠰᠦᠢᠳᠬᠡᠯ ᠲᠤᠰᠢᠶᠠᠬᠤ ᠦᠢᠯᠡᠴᠢᠯᠡᠭᠡᠨ ᠤ ᠴᠡᠭ ᠭᠠᠷᠭᠠᠨ ᠰᠠᠭᠤᠭᠠᠯᠢ ᠠᠷᠠᠳ ᠤᠨ ᠠᠮᠢᠳᠤᠷᠠᠯ ᠳᠤ ᠲᠦᠬᠦᠮ ᠦᠵᠡᠭᠦᠯᠬᠦ ᠬᠡᠷᠡᠭᠲᠡᠢ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠨ ᠪᠠᠶᠢᠭᠠᠯᠢ ᠶᠢᠨ ᠰᠢᠲᠠᠮᠠᠬᠠᠢ ᠬᠡᠢ ᠶᠢ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠪᠣᠯᠣᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠬᠤᠭ ᠨᠣᠪᠰᠢ᠂ ᠪᠤᠬᠢᠷ ᠤᠰᠤ ᠶᠢ ᠰᠢᠢᠳᠪᠦᠷᠢᠯᠡᠬᠦ ᠠᠵᠤ ᠠᠬᠤᠶᠢᠯᠠᠯ ᠤᠨ ᠲᠥᠷᠥᠯ ᠵᠦᠢᠯ ᠤᠨ ᠡᠵᠡᠩᠨᠡᠯᠲᠡ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ ᠡᠷᠬᠢᠯᠳᠡ ᠪᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠵᠢᠷᠤᠮᠵᠢᠭᠰᠠᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠤᠯᠠᠭᠠᠯᠠᠭ᠎ᠠ ᠶᠢᠨ ᠠᠵᠤ ᠠᠬᠤᠶᠢᠯᠠᠯ ᠤᠨ ᠬᠢᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠢᠯᠡᠭᠦᠭᠡᠨ ᠨᠥᠭᠡᠴᠡᠯᠡᠵᠤ ᠤᠰᠤᠨ ᠤ ᠬᠠᠩᠭᠠᠯᠭ᠎ᠠ ᠶᠢᠨ ᠪᠠᠶᠢᠴᠠᠭᠠᠨ ᠬᠡᠮᠵᠢᠯᠲᠡ ᠶᠢ ᠴᠠᠭ ᠳᠤᠬᠠᠢ ᠳᠤᠨᠢ ᠰᠢᠯᠭᠠᠨ ᠡᠨᠡ ᠡᠪᠦᠯ ᠤᠨ ᠳᠤᠯᠠᠭᠠᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ ᠥᠷᠭᠡᠨ ᠣᠯᠠᠨ ᠰᠠᠭᠤᠭᠠᠯᠢ ᠠᠷᠠᠳ ᠢ ᠲᠤᠯᠠᠭᠠᠨ ᠡᠪᠤᠯᠵᠢᠭᠦᠯᠭᠦ ᠬᠡᠷᠡᠭᠲᠡᠢ᠃ ᠡᠷᠡᠭᠦᠯ ᠬᠠᠮᠠᠭᠠᠯᠠᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠵᠢᠯ ᠢᠶᠠᠨ ᠲᠦᠷᠭᠡᠳᠬᠡᠵᠦ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠰᠣᠩᠭᠤᠨ ᠤᠷᠢᠬᠤ᠂ ᠬᠡᠷᠡᠭᠯᠡᠭᠡᠨ ᠤ ᠡᠳ᠋ ᠢ ᠬᠤᠳᠠᠯᠳᠤᠨ ᠠᠪᠬᠤ ᠵᠡᠷᠭᠡ ᠠᠵᠢᠯ ᠢ ᠲᠦᠷᠭᠡᠨ ᠪᠡᠶᠡᠯᠡᠭᠦᠯᠵᠦ ᠬᠤᠰᠢᠭᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠠᠭ ᠢᠮᠠᠭᠲᠠ ᠴᠢᠩᠭᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠴᠢᠩᠭ᠎ᠠ ᠠᠳᠬᠤᠬᠤ ᠬᠡᠷᠡᠭᠲᠡᠢ᠃ ᠨᠡᠭᠦᠳᠡᠯ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠠᠮᠢᠳᠤᠷᠠᠯ᠂ ᠰᠣᠶᠣᠯ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠴᠤᠬᠴᠠᠳᠤ ᠣᠳᠣᠬᠢᠴᠢᠯᠠᠭᠰᠠᠨ ᠨᠡᠶᠢᠭᠡᠮ ᠲᠣᠭᠤᠷᠢᠭ ᠢ ᠪᠠᠶᠢᠭᠤᠯᠵᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ ᠤᠯᠠᠨ ᠲᠦᠮᠡᠨ ᠢ ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠬᠤ᠂ ᠪᠠᠶᠠᠵᠢᠭᠤᠯᠵᠤ ᠳᠡᠶᠢᠯᠬᠦ᠂ ᠰᠠᠶᠢᠨ ᠰᠠᠶᠢᠬᠠᠨ ᠠᠮᠢᠳᠤᠷᠠᠭᠤᠯᠵᠤ ᠳᠡᠶᠢᠯᠬᠦ ᠶᠢ ᠪᠠᠶᠠᠯᠠᠭᠦᠯᠭᠦ ᠬᠡᠷᠡᠭᠲᠡᠢ ᠬᠡᠵᠡᠢ᠃                                ᠰᠤᠷᠪᠤᠯᠵᠢᠯᠠᠬᠴᠢ᠄ ᠯᠤᠨᠳᠤᠨᠬᠤᠸᠠᠷ   ᠡᠥ ᠬᠤᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ