ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠤᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ | ᠰᠢᠢᠳᠪᠦᠷᠢᠯᠡᠬᠦ ᠪᠠᠷ ᠲᠣᠭᠲᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠣᠯᠠᠨ ᠲᠦᠮᠡᠨ ᠤ ᠠᠮᠢᠳᠤᠷᠠᠯ ᠳᠤ ᠲᠥᠬᠦᠮ | ᠦᠵᠡᠭᠦᠯᠬᠦ ᠲᠤᠬᠠᠢ ᠪᠠᠶᠢᠷᠢᠯᠠᠭᠤᠯᠪᠠ᠃ | ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ ᠬᠥᠮᠥᠷᠭᠡ ᠳᠤ | ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠲᠤᠬᠠᠢ ᠪᠠᠶᠢᠷᠢᠯᠠᠭᠤᠯᠪᠠ᠃ | ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ᠃ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠤᠤᠷᠠᠭ︶︾ ᠢ ᠪᠠᠲᠤᠯᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠂ ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ | ᠰᠢᠢᠳᠪᠦᠷᠢᠯᠡᠬᠦ ᠪᠠᠷ ᠲᠣᠭᠲᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ | ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠣᠯᠠᠨ ᠲᠦᠮᠡᠨ ᠤ | ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ︔ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ | ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ | ᠨᠠᠮᠤᠷ ᠤᠨ ᠬᠤᠷᠢᠶᠠᠯᠲᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠪᠠᠷ | ᠪᠠᠶᠢᠷᠢᠯᠠᠭᠤᠯᠪᠠ︔ ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ︔ ︽ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ | ᠪᠠᠲᠤᠯᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠦᠢᠯᠡᠳᠬᠡᠯ ᠤᠨ ᠦᠢᠯᠡᠰ ᠤᠨ ᠬᠦᠴᠢᠷᠳᠡᠯ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ | ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠳᠠᠬᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ ᠠᠬᠢᠭᠤᠯᠬᠤ | ᠬᠡᠷᠡᠭᠲᠡᠢ᠃ ᠳᠥᠷᠪᠡᠳᠦᠭᠡᠷ ᠤᠯᠠᠷᠢᠯ ᠳᠤ ᠪᠠᠰᠠ ᠨᠢᠭᠡ ᠪᠦᠯᠦᠭ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠨᠢᠭᠡ ᠳᠤ᠂ ᠲᠠᠷᠢᠶᠠᠨ | ᠭᠠᠵᠠᠷ ᠢ ᠬᠠᠭᠠᠯᠪᠤᠷᠢᠯᠠᠬᠤ ᠰᠦᠢᠳᠬᠡᠯ᠂ ᠪᠣᠬᠢᠷ ᠤᠰᠤ ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠵᠡᠷᠭᠡ 14 ᠵᠦᠢᠯ ᠤᠨ ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ 530 ᠭᠠᠷᠤᠢ ᠳ᠋ᠦᠩᠰᠢᠭᠤᠷ | ᠲᠥᠭᠦᠷᠢᠭ ᠲᠤ ᠬᠦᠷᠴᠦ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ ᠡᠯ᠎ᠡ ᠭᠠᠵᠠᠷ ᠤᠨ ᠬᠢᠨ ᠤ ᠣᠷᠣᠨ | ᠨᠤᠲᠤᠭ ᠤᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠬᠤᠶᠢᠰᠢᠯᠠᠭᠤᠯᠤᠨ | ᠲᠤᠰᠢᠶᠠᠬᠤ ᠶᠢ ᠵᠣᠷᠢᠭᠵᠢᠭᠤᠯᠵᠤ᠂ ᠳᠤᠷ᠎ᠠ ᠪᠠᠷ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ ᠡᠯ᠎ᠡ ᠲᠥᠷᠥᠯ ᠤᠨ ᠪᠠᠷᠢᠯᠭ᠎ᠠ ᠶᠢᠨ | ᠲᠥᠷᠥᠯ ᠵᠦᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ ᠪᠠᠷᠤᠭ 630 | ᠳ᠋ᠦᠩᠰᠢᠭᠤᠷ ᠲᠥᠭᠦᠷᠢᠭ ᠪᠣᠯᠣᠨ᠎ᠠ᠃ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ ᠬᠢᠭᠰᠡᠨ ᠢᠶᠠᠨ | ᠵᠠᠪᠠᠯ ᠦᠷ᠎ᠡ ᠳ᠋ᠦᠩ ᠲᠠᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠢᠭ ᠬᠦᠷᠳᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠪᠣᠯ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠢᠯ ᠶᠠᠪᠤᠳᠠᠯ ᠭᠦᠢᠴᠡᠳᠬᠡᠬᠦ ᠥᠪᠡᠷ ᠤᠨ | ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠣᠯᠠᠨ ᠲᠦᠮᠡᠨ ᠤ ᠣᠨᠳᠣᠣ ᠭᠠᠵᠠᠷ ᠲᠤ | ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ ᠨᠢᠭᠡ ᠳᠤ᠂ 187 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠪᠠ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠷᠬᠤ ᠬᠡᠪᠴᠢᠶ᠎ᠡ ᠪᠠᠷ ᠥᠷᠭᠡᠨ᠂ ᠭᠦᠢᠴᠡᠳᠬᠡᠬᠦ ᠳᠠᠪᠲᠠᠮᠵᠢ | ᠥᠨᠳᠥᠷ 22 ᠵᠦᠢᠯ ᠤᠨ ᠲᠥᠷᠥᠯ ᠵᠦᠢᠯ ᠢ ᠰᠢᠨ᠎ᠡ ᠪᠠᠷ ᠨᠡᠮᠡᠨ᠎ᠡ᠃ ᠠᠵᠤ ᠠᠬᠤᠶᠢᠯᠠᠯ ᠳᠤ᠂ ᠡᠯᠧᠺᠲᠷᠣᠨ ᠭᠠᠶᠢᠯᠢ ᠲᠤᠰᠢᠶᠠᠬᠤ᠂ ᠭᠠᠶᠢᠯᠢ ᠲᠤᠰᠢᠶᠠᠭᠰᠠᠨ | ᠭᠡᠷᠡᠴᠢ ᠪᠢᠴᠢᠵᠦ ᠥᠭᠬᠦ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠮᠡᠳᠡᠭᠦᠯᠬᠦ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ︔ | ᠬᠤᠪᠢ ᠬᠥᠮᠥᠨ ᠳᠤ ᠠᠪᠴᠤ ᠬᠡᠯᠡᠪᠡᠯ᠂ ᠲᠦᠷ ᠴᠠᠭ ᠤᠨ ᠪᠡᠶ᠎ᠡ ᠶᠢᠨ ᠦᠨᠡᠮᠯᠡᠯ ᠠᠪᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠠᠩᠰᠠᠯᠠᠯᠲᠠ ᠪᠠ ᠬᠠᠷᠠᠭᠠᠯᠵᠠᠯ ᠭᠤᠶᠤᠴᠢᠯᠠᠬᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ | ᠵᠠᠷᠤᠳᠠᠯ ᠢ ᠳ᠋ᠦᠩᠨᠡᠨ ᠪᠤᠳᠤᠬᠤ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠬᠤᠶᠠᠷ ᠲᠤ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠨᠢᠭᠡᠳᠬᠡᠵᠦ᠂ ︽ᠮᠤᠵᠢ | ᠠᠯᠤᠰᠯᠠᠨ ᠨᠡᠶᠢᠳᠡᠮ ᠭᠦᠢᠴᠡᠳᠬᠡᠬᠦ︾ ᠨᠠᠩ ᠣᠯᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ | ᠠᠬᠢᠭᠤᠯᠤᠨ᠎ᠠ︔ ᠨᠠᠰᠤᠲᠠᠶᠢᠴᠤᠳ ᠤᠨ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ ᠬᠡᠷᠡᠭᠵᠢᠭᠦᠯᠦᠨ᠎ᠡ᠃ ᠭᠤᠷᠪᠠ ᠳᠤ᠂ ᠬᠤᠪᠢ ᠬᠥᠮᠥᠨ ᠤ ᠨᠢᠭᠤᠴᠠ ᠪᠠ ᠠᠵᠤ ᠠᠬᠤᠶᠢᠯᠠᠯ ᠤᠨ | ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠨ᠎ᠠ ᠭᠡᠵᠦ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠨᠠᠮᠤᠷ ᠤᠨ ᠠᠮᠤ ᠪᠤᠳᠠᠭᠠᠨ ᠤ ᠪᠠᠶᠢᠳᠠᠯ ᠠᠴᠠ | ᠦᠵᠡᠪᠡᠯ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ | ᠲᠠᠷᠢᠶᠠᠯᠠᠩ ᠤᠨ ᠴᠠᠭ ᠢ ᠰᠠᠭᠠᠲᠠᠭᠠᠯ ᠦᠭᠡᠢ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠵᠤ᠂ ᠡᠯᠪᠡᠭ ᠬᠤᠷᠢᠶᠠᠯᠲᠠ ᠣᠯᠵᠤ ᠬᠥᠮᠥᠷᠭᠡ ᠳᠤ | ᠣᠷᠣᠭᠤᠯᠬᠤ ᠶᠢ ᠦᠨᠡᠨ ᠬᠦ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠢ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠰᠢᠨ᠎ᠡ | ᠲᠥᠷᠥᠯ ᠵᠦᠢᠯ ᠤᠨ ᠠᠵᠢᠯ ᠢ ᠡᠬᠢᠯᠡᠭᠦᠯᠦᠨ᠂ ᠵᠢᠯ ᠤᠨ ᠳᠣᠲᠣᠷ᠎ᠠ 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ | ᠪᠡᠶᠡᠯᠡᠭᠦᠯᠦᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠠᠷ ᠳᠡᠮᠵᠢᠬᠦ᠂ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠪᠣᠯᠣᠨ᠎ᠠ᠂ ᠡᠨᠡ ᠨᠢ ᠤᠯᠠᠨ ᠲᠦᠮᠡᠨ ᠤ | ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠪᠠᠲᠤᠯᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠶᠤᠮ ᠭᠡᠵᠡᠢ᠃ | ᠬᠤᠷᠠᠯ ᠠᠴᠠ᠂ ᠲᠥᠷᠥ ᠶᠢᠨ ᠪᠣᠳᠣᠯᠭ᠎ᠠ ᠪᠠᠷ ᠳᠡᠮᠵᠢᠵᠦ ᠪᠠᠶᠢᠭ᠎ᠠ᠂ ᠬᠤᠳᠠᠯᠳᠤᠭᠠᠴᠢᠯᠠᠨ ᠡᠵᠡᠩᠨᠡᠵᠦ ᠪᠠᠶᠢᠭ᠎ᠠ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠳᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠦᠨ᠎ᠡ᠄ ᠳᠠᠷᠤᠢ ᠵᠠᠷᠤᠳᠠᠯ ᠲᠤᠰᠢᠶᠠᠭᠴᠢ ᠠᠴᠠ ᠵᠢᠯ ᠪᠦᠷᠢ | 12000 ᠲᠥᠭᠦᠷᠢᠭ ᠤᠨ ᠬᠢᠵᠠᠭᠠᠷ ᠲᠤᠭ᠎ᠠ ᠪᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠠᠪᠴᠤ᠂ ᠪᠡᠯᠡ ᠣᠷᠣᠭᠤᠯᠤᠯᠲᠠ ᠶᠢᠨ ᠠᠰᠢᠭ | ᠣᠷᠣᠯᠭ᠎ᠠ ᠠᠴᠠ ᠲᠦᠷ ᠭᠠᠶᠢᠯᠢ ᠲᠠᠲᠠᠪᠤᠷᠢᠯᠠᠬᠤ ᠦᠭᠡᠢ᠂ ᠣᠷᠣᠯᠭ᠎ᠠ ᠣᠯᠬᠤ ᠪᠣᠳᠠᠲᠠᠢ ᠭᠠᠶᠢᠯᠢ ᠶᠢᠨ ᠡᠭᠦᠷᠭᠡᠯᠡᠯ ᠢ 7.5% ᠪᠠᠶᠢᠭᠰᠠᠨ ᠠᠴᠠ 3% ᠪᠣᠯᠭᠠᠨ | ᠪᠠᠭᠤᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠪᠣᠯᠲᠠᠯ᠎ᠠ ᠮᠥᠷᠳᠡᠨ ᠬᠤᠶᠢᠰᠢᠯᠠᠭᠤᠯᠤᠨ᠎ᠠ | ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠲᠤ ᠵᠠᠬ᠎ᠠ ᠳᠡᠯᠭᠡᠭᠦᠷ ᠤᠨ ᠭᠤᠣᠯ ᠴᠣᠭᠴᠠ 1.6 ᠳ᠋ᠦᠩᠰᠢᠭᠤᠷ ᠡᠷᠦᠬᠡ ᠪᠠᠶᠢᠵᠤ᠂ ᠡᠭᠦᠨ ᠤ | ᠳᠣᠲᠣᠷ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1.1 ᠳ᠋ᠦᠩᠰᠢᠭᠤᠷ ᠡᠷᠦᠬᠡ ᠪᠠᠶᠢᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠨᠢ ᠠᠵᠢᠯ ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠪᠢᠴᠢᠯ | ᠡᠷᠭᠢᠯᠲᠡ ᠶᠢ ᠰᠠᠭᠠᠳ ᠦᠭᠡᠢ ᠨᠡᠪᠲᠡᠷᠡᠭᠦᠯᠬᠦ ᠳᠤ ᠥᠪᠡᠷᠮᠢᠴᠡ ᠪᠥᠭᠡᠳ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠠᠴᠠ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ | ᠡᠬᠡ ᠨᠣᠣᠷᠠᠭ︶︾ ᠢ ᠪᠠᠲᠤᠯᠠᠵᠤ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠡᠷᠬᠡ ᠲᠡᠭᠰᠢ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠵᠦ᠂ ᠡᠳ᠋ | ᠬᠥᠷᠥᠩᠭᠡ ᠶᠢᠨ ᠡᠷᠬᠡ᠂ ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠬᠤ ᠶᠢ ᠲᠣᠳᠣᠷᠬᠠᠶᠢᠯᠠᠵᠤ᠂ ᠳᠠᠩᠰᠠᠯᠠᠬᠤ ᠪᠠ ᠭᠠᠶᠢᠯᠢ | ᠰᠦᠢᠳᠬᠡᠯ ᠤᠨ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠦᠨ᠎ᠡ︔ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ | ᠬᠥᠮᠥᠨ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | |