ᠦᠰᠦᠭ ᠪᠢᠴᠢᠭ ᠢᠶᠠᠷ ᠥᠭᠦᠯᠡᠬᠦᠢ᠄ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/9/7
      ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2021﹈ 36 ᠳ᠋ᠤᠭᠠᠷ ᠲᠣᠭᠠᠲᠤ︶᠂ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 23 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠷᠭᠡᠳᠬᠡᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠡᠨᠧᠷᠭᠢ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠣᠳᠣ ︽ᠰᠠᠨᠠᠯ︾ ᠤᠨ ᠬᠤᠯᠪᠣᠭᠳᠠᠯ ᠪᠦᠬᠦᠢ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠶ᠎ᠡ᠃      ᠨᠢᠭᠡ᠂ ︽ᠰᠠᠨᠠᠯ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ       2021 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠰᠠᠨᠠᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠥᠯ ᠢ ᠨᠡᠶᠢᠲᠡᠯᠡᠭᠡᠳ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠠᠵᠢᠯᠯᠠᠭ᠎ᠠ ᠶᠢᠨ ᠵᠠᠮ ᠱᠤᠭᠤᠮ ᠢ ᠵᠢᠷᠤᠵᠤ ᠥᠭᠴᠡᠢ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠨᠢᠭᠡ ᠪᠦᠯᠦᠭ ᠰᠢᠨ᠎ᠡ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠡᠨᠧᠷᠭᠢ ᠶᠢᠨ ᠬᠥᠭᠵᠢᠯᠲᠡ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠳᠦᠷᠢᠮ ᠤᠨ ᠪᠣᠷᠣ ᠲᠥᠰᠥᠪ ᠢ ᠲᠣᠭᠲᠠᠭᠠᠨ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠬᠢᠷᠠᠭᠤᠯᠤᠯᠲᠠ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠤᠭᠤᠳᠬᠤ ᠪᠢᠴᠢᠭ ᠮᠠᠲ᠋ᠧᠷᠢᠶᠠᠯ ᠪᠣᠯᠭᠠᠪᠠ᠃      ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠠᠨᠠᠯ︾ ᠢ ᠨᠠᠶᠢᠷᠠᠭᠤᠯᠤᠨ ᠲᠤᠭᠤᠷᠪᠢᠭᠠᠳ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠴᠢᠨᠠᠷ ᠰᠠᠶᠢᠲᠠᠢ ᠲᠣᠬᠢᠷᠠᠭᠤᠯᠬᠤ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠠᠵᠢᠯᠯᠠᠭᠤᠯᠬᠤ ᠶᠢ ᠪᠠᠷᠢᠮᠲᠠᠯᠠᠬᠤ ᠶᠢᠨ ᠬᠠᠮᠲᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠪᠠᠷ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠦ ︽ᠰᠠᠨᠠᠯ︾ ᠳᠤ ᠳᠤᠷᠠᠳᠴᠠᠢ᠃ ︽ᠰᠠᠨᠠᠯ︾ ᠳᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠠᠷᠭ᠎ᠠ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠪᠠ ᠠᠮᠤᠷ ᠲᠣᠭᠲᠠᠭᠤᠨ ᠢᠶᠠᠷ ᠠᠵᠢᠯᠯᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠮᠤᠷᠴᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠ ᠬᠠᠮᠢᠶ᠎ᠠ ᠪᠦᠬᠦᠢ ᠲᠤᠯᠭᠠᠭᠤᠷᠢᠯᠠᠬᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠶᠢ ᠳᠤᠷᠠᠳᠴᠠᠢ᠃      ᠬᠤᠶᠠᠷ᠂ ᠠᠭᠤᠯᠭ᠎ᠠ ᠶᠢᠨ ᠲᠠᠶᠢᠯᠤᠮᠵᠢ       ︽ᠰᠠᠨᠠᠯ︾ ᠢ ᠶᠡᠷᠦᠩᠬᠡᠢ ᠱᠠᠭᠠᠷᠳᠠᠯᠭ᠎ᠠ᠂ ᠦᠨᠳᠦᠰᠦᠨ ᠵᠠᠷᠴᠢᠮ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ᠂ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ᠂ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠭᠡᠬᠦ ᠲᠤᠯᠤᠭᠠᠨ ᠬᠡᠰᠡᠭ ᠬᠤᠪᠢᠶᠠᠨ᠎ᠠ᠂ ᠪᠣᠳᠠᠲᠠᠢ ᠠᠭᠤᠯᠭ᠎ᠠ ᠨᠢ ᠳᠠᠷᠠᠭᠠᠬᠢ ᠮᠡᠲᠦ᠄      ︵ᠨᠢᠭᠡ︶ ᠶᠡᠷᠦᠩᠬᠡᠢ ᠱᠠᠭᠠᠷᠳᠠᠯᠭ᠎ᠠ ᠶᠢᠨ ᠬᠡᠰᠡᠭ᠃ ᠨᠠᠮ ᠪᠠ ᠤᠯᠤᠰ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠪᠠ ᠵᠠᠬ᠎ᠠ  ᠳᠡᠯᠭᠡᠭᠦᠷ ᠲᠣᠭᠲᠠᠭᠠᠬᠤ ᠬᠤᠶᠠᠷ ᠲᠠᠯ᠎ᠠ ᠠᠴᠠ ᠬᠦᠴᠦᠯᠡᠬᠦ ᠪᠠᠷ ᠳᠠᠮᠵᠢᠭᠤᠯᠤᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠢ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠦᠨ᠎ᠡ ᠭᠡᠵᠦ ᠲᠤᠰ ᠬᠡᠰᠡᠭ ᠲᠤ ᠳᠤᠷᠠᠳᠪᠠ᠃       ︵ᠬᠤᠶᠠᠷ︶ ᠦᠨᠳᠦᠰᠦᠨ ᠵᠠᠷᠴᠢᠮ ᠤᠨ ᠬᠡᠰᠡᠭ᠃ ᠡᠭᠦᠨ ᠳᠤ ᠭᠤᠣᠯᠳᠠᠭᠤ ᠰᠢᠨ᠎ᠡ ᠡᠨᠧᠷᠭᠢ ᠶᠢ ᠲᠣᠬᠢᠷᠠᠭᠤᠯᠬᠤ ᠪᠦᠲᠦᠭᠡᠨ ᠪᠠᠶᠢᠭᠤᠯᠬᠤ ᠠᠵᠢᠯᠯᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ︾ ᠬᠠᠷᠠᠯᠲᠠ ᠶᠢ ᠬᠠᠷᠢᠯᠴᠠᠨ ᠨᠢᠭᠡᠳᠬᠡᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠬᠠᠷᠢᠯᠴᠠᠨ ᠤᠶᠠᠯᠳᠤᠭᠤᠯᠬᠤ᠂ ᠶᠡᠷᠦᠩᠬᠡᠢ ᠲᠥᠯᠦᠪᠵᠢᠭᠦᠯᠭᠡ ᠪᠠ ᠠᠯᠬᠤᠮ ᠬᠤᠪᠢᠶᠠᠨ ᠬᠡᠷᠡᠭᠵᠢᠭᠦᠯᠬᠦ ᠶᠢ ᠬᠠᠷᠢᠯᠴᠠᠨ ᠵᠣᠯᠭᠠᠭᠤᠯᠬᠤ ᠳᠥᠷᠪᠡᠨ ᠵᠠᠷᠴᠢᠮ ᠶᠢ ᠪᠠᠭᠲᠠᠭᠠᠨ᠎ᠠ᠃       ︵ᠭᠤᠷᠪᠠ︶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ ᠬᠡᠰᠡᠭ᠃ ᠰᠦᠯᠵᠢᠶᠡᠨ ᠳᠤ ᠣᠷᠣᠭᠤᠯᠬᠤ ᠤᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠵᠤ᠂ ᠵᠢᠷᠭᠤᠭᠠᠨ ᠲᠦᠷᠦᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠤᠷᠢᠳ ᠢᠶᠠᠷ ᠳᠡᠮᠵᠢᠵᠦ᠂ ᠲᠦᠷᠪᠡᠨ ᠲᠦᠷᠦᠯ ᠤᠨ ᠪᠠᠲᠤᠯᠠᠭ᠎ᠠ ᠶᠢᠨ ᠴᠢᠨᠠᠷᠲᠠᠢ ᠪᠠᠷ ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠡᠮᠬᠢ ᠳᠢᠭᠯᠢᠮ ᠢ ᠵᠢᠷᠤᠮᠵᠢᠭᠤᠯᠵᠤ᠂ ᠡᠯ᠎ᠡ ᠲᠥᠷᠥᠯ ᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠳ ᠤᠨ ᠡᠯ᠎ᠡ ᠵᠦᠢᠯ ᠤᠨ ᠬᠡᠯᠪᠡᠷᠢ ᠪᠠᠷ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠣᠷᠤᠯᠴᠠᠬᠤ ᠶᠢ ᠳᠡᠮᠵᠢᠨ ᠵᠣᠷᠢᠭᠵᠢᠭᠤᠯᠤᠨ᠎ᠠ ᠭᠡᠵᠦ ᠲᠤᠰ ᠬᠡᠰᠡᠭ ᠲᠤ ᠳᠤᠷᠠᠳᠴᠠᠢ᠃       ︵ᠳᠥᠷᠪᠡ︶ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠰᠡᠭ᠃ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠲᠥᠷᠥᠯ ᠵᠦᠢᠯ ᠤᠳ ᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠠᠶᠢᠮᠠᠭ ᠬᠤᠲᠠ ᠨᠤᠭᠤᠳ ᠪᠠ ᠠᠵᠤ ᠠᠬᠤᠶᠢᠯᠠᠯ ᠤᠳ ᠢ ᠱᠠᠩᠨᠠᠵᠤ ᠲᠣᠷᠭᠠᠬᠤ᠂ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠳ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠬᠤᠭᠤᠴᠠᠭ᠎ᠠ ᠶᠣᠰᠣᠭᠠᠷ ᠪᠠᠶᠢᠭᠤᠯᠤᠨ ᠪᠦᠲᠦᠭᠡᠬᠦ ᠪᠠ ᠰᠠᠶᠢᠲᠤᠷ ᠠᠵᠢᠯᠯᠠᠭᠤᠯᠤᠨ᠎ᠠ᠃ ᠥᠪᠡᠰᠦᠪᠡᠨ ᠪᠠᠶᠢᠭᠤᠯᠬᠤ ᠪᠠᠷ ᠬᠤᠳᠠᠯᠳᠤᠨ ᠠᠪᠤᠭᠰᠠᠨ ᠡᠨᠧᠷᠭᠢ ᠬᠠᠳᠠᠭᠠᠯᠠᠬᠤ ᠪᠤᠶᠤ ᠣᠷᠭᠢᠯ ᠦᠶ᠎ᠡ ᠶᠢ ᠲᠣᠬᠢᠷᠠᠭᠤᠯᠬᠤ ᠴᠢᠳᠠᠪᠤᠷᠢ ᠳᠤ ᠲᠣᠬᠢᠷᠠᠭᠤᠯᠤᠨ ᠪᠠᠶᠢᠭᠤᠯᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠬᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 15% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠨᠧᠷᠭᠢ ᠬᠠᠳᠠᠭᠠᠯᠠᠬᠤ ᠴᠠᠭ ᠢ ᠨᠢ 4 ᠴᠠᠭ ᠠᠴᠠ ᠳᠡᠭᠡᠭᠰᠢ ᠪᠠᠶᠢᠯᠭᠠᠨ᠎ᠠ᠃ ᠪᠤᠰᠤᠳ ᠲᠥᠷᠥᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠬᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠬᠠᠷᠠᠭᠠᠯᠵᠠᠭᠰᠠᠨ ᠬᠡᠷᠡᠭᠵᠢᠭᠦᠯᠦᠨ ᠬᠠᠮᠢᠶᠠᠷᠬᠤ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠬᠡᠮᠡᠨ ᠲᠤᠰ ᠬᠡᠰᠡᠭ ᠲᠤ ᠳᠤᠷᠠᠳᠪᠠ᠃       ︵ᠲᠠᠪᠤ︶ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠰᠡᠭ᠃ ᠡᠭᠦᠨ ᠳᠤ ᠭᠤᠣᠯᠳᠠᠭᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠪᠠᠲᠤᠯᠠᠭ᠎ᠠ ᠶᠢᠨ ᠴᠠᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠥᠭᠡᠴᠡᠯᠡᠵᠦ ᠬᠠᠳᠠᠭᠠᠯᠠᠬᠤ ᠪᠥᠬᠦ ᠬᠤᠭᠤᠴᠠᠭᠠᠨ ᠳᠤ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ᠂ ᠡᠨᠧᠷᠭᠢ ᠬᠠᠳᠠᠭᠠᠯᠠᠬᠤ ᠶᠢ ᠠᠮᠤᠷ ᠲᠦᠪᠰᠢᠨ ᠢᠶᠠᠷ ᠠᠵᠢᠯᠯᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠭᠤᠷᠪᠠᠨ ᠬᠡᠰᠡᠭ ᠠᠭᠤᠯᠭ᠎ᠠ ᠶᠢ ᠪᠠᠭᠲᠠᠭᠠᠨ᠎ᠠ᠃      ︵ᠵᠢᠷᠭᠤᠭ᠎ᠠ︶ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠳᠠᠶᠢᠴᠢᠯᠠᠬᠤ ᠬᠡᠰᠡᠭ᠃ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠵᠤ ᠦᠢᠯᠡᠰ ᠤᠨ ᠬᠡᠯᠬᠢᠶ᠎ᠡ ᠲᠠᠢ ᠬᠠᠷᠢᠯᠴᠠᠨ ᠠᠭᠤᠰᠤᠯᠴᠠᠭᠤᠯᠵᠤ᠂ ᠳᠠᠭᠠᠭᠠᠴᠠ ᠪᠠᠷ ᠴᠠᠬᠢᠯᠭᠠᠨ ᠡᠭᠦᠰᠬᠡᠭᠴᠢ ᠶᠢ ᠳᠠᠶᠢᠴᠢᠯᠠᠬᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠬᠤ ᠣᠷᠴᠢᠯᠳᠤᠭᠤᠯᠤᠨ ᠬᠠᠷᠢᠯᠴᠠᠨ ᠠᠬᠢᠭᠤᠯᠬᠤ ᠵᠠᠭᠪᠤᠷ ᠢ ᠪᠦᠷᠢᠯᠳᠦᠭᠦᠯᠦᠨ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ — ᠲᠣᠨᠤᠭ ᠲᠥᠬᠦᠭᠡᠷᠦᠮᠵᠢ ᠦᠢᠯᠡᠳᠬᠦ — ᠤᠭᠰᠠᠷᠠᠭ᠎ᠠ ᠲᠣᠨᠤᠭ ᠢ ᠢᠵᠢ ᠪᠦᠷᠢᠳᠦᠭᠦᠯᠬᠦ — ᠰᠠᠭᠤᠷᠢᠨ ᠭᠠᠵᠠᠷ ᠤᠨ ᠲᠤᠷᠰᠢᠯᠲᠠ — ᠪᠥᠭᠡᠮ ᠢᠶᠠᠷ ᠦᠢᠯᠡᠳᠪᠦᠷᠢᠯᠡᠬᠦ — ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠭᠤᠯᠬᠤ︾ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠣᠶ ᠪᠣᠯᠭᠠᠨ᠎ᠠ ᠭᠡᠵᠦ ᠲᠤᠰ ᠬᠡᠰᠡᠭ ᠲᠤ ᠳᠤᠷᠠᠳᠴᠠᠢ᠃      ︵ᠳᠣᠯᠤᠭ᠎ᠠ︶ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠬᠡᠰᠡᠭ᠃ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠰᠤᠷᠪᠤᠯᠵᠢ ᠵᠢᠴᠢ ᠰᠦᠯᠵᠢᠶᠡᠨ ᠳᠤ ᠣᠷᠣᠭᠤᠯᠬᠤ ᠬᠠᠮᠵᠢᠯᠴᠠᠭ᠎ᠠ ᠶᠢ ᠴᠢᠩᠭᠠᠳᠬᠠᠬᠤ ᠪᠠ ᠰᠢᠨ᠎ᠡ ᠡᠨᠧᠷᠭᠢ ᠶᠢ ᠰᠢᠩᠭᠡᠬᠡᠨ ᠪᠠᠭᠲᠠᠭᠠᠬᠤ ᠶᠢ ᠪᠠᠲᠤᠯᠠᠬᠤ ᠬᠡᠷᠡᠭᠲᠡᠢ ᠭᠡᠵᠦ ᠲᠤᠰ ᠬᠡᠰᠡᠭ ᠲᠤ ᠲᠣᠳᠣᠷᠬᠠᠢ ᠲᠣᠭᠲᠠᠭᠠᠪᠠ᠃      ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ       ︵ᠨᠢᠭᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠢ ᠲᠣᠬᠢᠷᠠᠭᠤᠯᠬᠤ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠠᠵᠢᠯᠯᠠᠭᠤᠯᠬᠤ᠂ ᠴᠢᠨᠠᠷ ᠰᠠᠶᠢᠲᠠᠢ ᠳᠠᠶᠢᠴᠢᠯᠠᠬᠤ ᠪᠠ ᠴᠢᠨᠠᠷ ᠰᠠᠶᠢᠲᠠᠢ ᠲᠤᠯᠭᠠᠭᠤᠷᠢᠯᠠᠬᠤ ᠲᠠᠪᠤᠨ ᠲᠠᠯ᠎ᠠ ᠠᠴᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠵᠠᠰᠠᠭ ᠪᠠ ᠠᠵᠤ ᠠᠬᠤᠶᠢᠯᠠᠯ ᠬᠠᠮᠵᠢᠯᠴᠠᠬᠤ ᠪᠠᠷ ᠳᠠᠮᠵᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃       ︵ᠬᠤᠶᠠᠷ︶ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠳᠦᠷᠢᠮ ᠤᠨ ᠪᠣᠷᠣ ᠲᠥᠰᠥᠪ ᠢ ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠭᠤᠯᠭᠠᠭᠰᠠᠨ ᠰᠠᠨᠠᠯ ᠪᠠ ᠮᠡᠳᠡᠭᠳᠡᠯ ᠳᠠᠬᠢ ︽ᠬᠤᠣᠰ ᠬᠦᠷᠳᠦ ᠪᠠᠷ ᠬᠥᠳᠡᠯᠭᠡᠵᠦ᠂ ᠬᠤᠶᠠᠷ ᠲᠠᠯ᠎ᠠ ᠪᠠᠷ ᠬᠦᠴᠦᠯᠡᠬᠦ︾ ᠠᠵᠢᠯ ᠤᠨ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠳᠠᠭᠠᠭᠤᠯᠭ᠎ᠠ ᠵᠢᠯᠣᠭᠤᠳᠤᠯᠭ᠎ᠠ ᠶᠢ ᠵᠠᠬ᠎ᠠ ᠳᠡᠯᠭᠡᠭᠦᠷ ᠤᠨ ᠲᠣᠭᠲᠠᠴᠠ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠢ ᠰᠦᠯᠵᠢᠶᠡᠨ ᠳᠤ ᠣᠷᠣᠭᠤᠯᠬᠤ ᠲᠣᠭᠲᠠᠴᠠ ᠶᠢ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠪᠠ ᠪᠠᠲᠤᠯᠠᠭ᠎ᠠ ᠶᠢᠨ ᠴᠢᠨᠠᠷᠲᠠᠢ ᠪᠠᠷ ᠰᠦᠯᠵᠢᠶᠡᠨ ᠳᠤ ᠣᠷᠣᠭᠤᠯᠤᠨ ᠪᠠᠭᠲᠠᠭᠠᠬᠤ ᠭᠡᠵᠦ ᠬᠤᠶᠠᠷ ᠲᠥᠷᠥᠯ ᠳᠤ ᠬᠤᠪᠢᠶᠠᠨ᠎ᠠ᠃ ᠥᠪᠡᠷᠲᠡᠭᠡᠨ ᠵᠠᠰᠠᠬᠤ ᠣᠷᠣᠨ ︽1+N︾ ᠬᠠᠮᠢᠶᠠᠷᠤᠯᠲᠠ ᠶᠢᠨ ᠲᠣᠭᠲᠠᠴᠠ᠂ ᠳᠠᠷᠤᠢ 1 ᠲᠥᠰᠥᠪᠯᠡᠨ ᠵᠢᠯᠤᠭᠤᠳᠬᠤ ᠮᠠᠩᠯᠠᠢ ᠰᠠᠨᠠᠯ + N ︵ᠣᠯᠠᠨ︶ ᠲᠥᠷᠥᠯ ᠬᠤᠪᠢᠶᠠᠨ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ ︵ᠵᠠᠬ᠎ᠠ ᠳᠡᠯᠭᠡᠭᠦᠷᠴᠢᠯᠡᠬᠦ ᠪᠠ ᠪᠠᠲᠤᠯᠠᠭ᠎ᠠ ᠶᠢᠨ ᠴᠢᠨᠠᠷᠲᠠᠢ ᠰᠦᠯᠵᠢᠶᠡᠨ ᠳᠤ ᠣᠷᠣᠭᠤᠯᠤᠨ ᠪᠠᠭᠲᠠᠭᠠᠬᠤ ᠡᠯ᠎ᠡ ᠲᠥᠷᠦᠯ ᠤᠨ ᠬᠠᠷᠠᠭᠠᠯᠵᠠᠭᠰᠠᠨ ᠲᠥᠷᠥᠯ ᠵᠦᠢᠯ︶ ᠶᠢᠨ ᠶᠣᠰᠣᠭᠠᠷ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠤᠨ ᠡᠬᠢ ᠪᠠᠶᠠᠯᠢᠭ ᠢ ᠲᠣᠬᠢᠷᠠᠭᠤᠯᠬᠤ ᠪᠠ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠢ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃       ︵ᠭᠤᠷᠪᠠ︶ ᠶᠡᠷᠦᠩᠬᠡᠢ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ ᠠᠶᠢᠮᠠᠭ ᠬᠤᠲᠠ ᠨᠤᠭᠤᠳ ᠰᠠᠯᠬᠢᠨ ᠡᠨᠧᠷᠭᠢ᠂ ᠨᠡᠷᠡᠨ ᠡᠨᠧᠷᠭᠢ ᠶᠢ ᠨᠡᠭᠡᠭᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠰᠢᠭᠤᠯᠬᠤ᠂ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ︽ᠰᠠᠨᠠᠯ︾ ᠳᠤ ᠴᠢᠬᠤᠯᠠᠴᠢᠯᠠᠵᠠᠢ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠬᠦᠴᠡᠯ᠂ ᠴᠠᠬᠢᠯᠭᠠᠨ ᠡᠭᠦᠰᠬᠡᠭᠴᠢ ᠶᠢ ᠭᠠᠳᠠᠭᠰᠢ ᠬᠦᠷᠭᠡᠬᠦ ᠵᠠᠮ ᠪᠠ ᠰᠢᠩᠭᠡᠬᠡᠨ ᠪᠠᠭᠲᠠᠭᠠᠬᠤ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ᠂ ᠶᠡᠷᠦᠩᠬᠡᠢ ᠲᠥᠯᠦᠪᠵᠢᠭᠦᠯᠭᠡ ᠳᠤ ᠡᠯ᠎ᠡ ᠲᠣᠭᠤᠷᠢᠭ ᠤᠨ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠯᠬᠤᠮ ᠬᠤᠪᠢᠶᠠᠨ ᠬᠡᠷᠡᠭᠵᠢᠭᠦᠯᠦᠨ᠎ᠡ᠃ 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ