ᠨᠢᠭᠡ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ | 2021 ᠣᠨ ᠤ ᠡᠴᠦᠰ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ︾ ︵ᠲᠥᠷᠥ ᠠᠯᠪᠠᠨ | ᠲᠠᠷᠬᠠᠭᠠᠭᠰᠠᠨ ﹇2021﹈ 46 ᠳ᠋ᠤᠭᠠᠷ ᠲᠣᠭᠠᠲᠤ︶ ︵ᠳᠣᠷᠣᠭᠰᠢ ︽ᠲᠥᠯᠦᠪᠵᠢᠭᠦᠯᠭᠡ ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ | ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ | ᠬᠥᠭᠵᠢᠯᠲᠡ ᠳᠤ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠰᠢᠰᠲ᠋ᠧᠮ ᠤᠨ ᠵᠢᠯᠣᠭᠤᠳᠤᠯᠭ᠎ᠠ ᠶᠢ ᠲᠣᠳᠣᠷᠬᠠᠢ ᠲᠣᠭᠲᠠᠭᠠᠪᠠ᠃ ︽ᠲᠥᠯᠦᠪᠵᠢᠭᠦᠯᠭᠡ︾ | ᠳᠤ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠯᠦᠪᠵᠢᠭᠦᠯᠭᠡ ᠳᠤ ᠲᠣᠭᠲᠠᠭᠠᠭᠰᠠᠨ ᠭᠤᠣᠯ ᠬᠠᠷᠠᠯᠲᠠ ᠪᠠ ᠭᠤᠣᠯᠳᠠᠯᠭ᠎ᠠ ᠲᠠᠢ | ᠡᠭᠦᠷᠭᠡ ᠶᠢᠨ ᠶᠣᠰᠣᠭᠠᠷ᠂ ᠲᠣᠰ ᠭᠠᠵᠠᠷ ᠣᠷᠣᠨ ᠤ ᠪᠠᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠤᠶᠤ | ᠬᠡᠷᠡᠭᠵᠢᠭᠦᠯᠬᠦ ᠲᠥᠰᠥᠯ ᠢ ᠨᠢᠭᠡᠳᠦᠯᠲᠡᠢ ᠲᠥᠯᠥᠪᠯᠡᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ | ︽ᠲᠥᠯᠦᠪᠵᠢᠭᠦᠯᠭᠡ︾ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 82 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠥᠯ︾ ᠨᠢ ᠤᠯᠤᠰ ᠤᠨ ︽ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡᠨ ᠤ | ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠬᠤ ᠪᠠ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ | ᠪᠠᠶᠢᠭᠤᠯᠬᠤ ᠪᠠᠷ ᠭᠤᠣᠯ ᠪᠣᠯᠭᠠᠵᠤ᠂ ᠪᠣᠳᠠᠲᠠᠢ ᠶᠢ ᠡᠷᠬᠢᠮᠯᠡᠭᠰᠡᠨ᠂ ᠨᠠᠶᠢᠳᠠᠪᠤᠷᠢᠵᠢᠭᠤᠯᠵᠤ ᠪᠤᠯᠠᠬᠤᠶᠢᠴᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠬᠤᠶᠠᠷ᠂ ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠳᠤ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ 3 ᠬᠡᠰᠡᠭ ᠠᠭᠤᠯᠭ᠎ᠠ | ᠪᠠᠭᠲᠠᠨ᠎ᠠ᠄ | ᠨᠢᠭᠡᠳᠦᠭᠡᠷ ᠬᠡᠰᠡᠭ ᠨᠢ ᠭᠤᠣᠯ ᠬᠠᠷᠠᠯᠲᠠ ᠪᠣᠯᠣᠨ᠎ᠠ᠃ ᠡᠭᠦᠨ ᠳᠤ 2025 ᠣᠨ ᠪᠣᠯᠲᠠᠯ᠎ᠠ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠪᠠ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ 5 - 6᠂ ᠦᠢᠯᠡᠳᠪᠦᠷᠢᠯᠡᠯ ᠪᠣᠷᠤᠯᠠᠭᠤᠯᠭ᠎ᠠ ᠶᠢᠨ | ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ 6 - 8᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠪᠠᠲᠤᠯᠠᠬᠤ ᠲᠥᠬᠦᠭᠡᠷᠦᠮᠵᠢ | 500 ᠶᠢ ᠴᠢᠷᠮᠠᠶᠢᠨ ᠪᠠᠶᠢᠭᠤᠯᠵᠤ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠪᠠ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠪᠠᠷ ᠲᠤᠯᠭᠠᠭᠤᠷᠢᠯᠠᠭᠰᠠᠨ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ | ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠯᠠᠷᠢᠯ ᠠᠯᠤᠰᠯᠠᠭᠰᠠᠨ ᠬᠠᠩᠭᠠᠯᠭ᠎ᠠ᠂ ᠬᠦᠢᠲᠡᠨ ᠬᠡᠯᠬᠢᠶᠡᠲᠦ ᠪᠦᠲᠦᠭᠡᠭᠳᠡᠬᠦᠨ ᠤ | ᠣᠷᠣᠨ ᠪᠦᠰᠡ ᠠᠯᠤᠰᠯᠠᠭᠰᠠᠨ ᠭᠦᠢᠯᠭᠡᠭᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠰᠠᠭᠠᠳ ᠦᠭᠡᠢ ᠪᠥᠭᠡᠳ ᠥᠨᠳᠥᠷ ᠦᠷ᠎ᠡ | ᠪᠦᠲᠦᠮᠵᠢᠲᠡᠶ᠂ ᠠᠮᠤᠷ ᠲᠦᠪᠰᠢᠨ ᠪᠥᠭᠡᠳ ᠪᠣᠬᠢᠷᠳᠤᠯ ᠦᠭᠡᠢ᠂ ᠣᠶᠤᠨᠴᠢ ᠪᠥᠭᠡᠳ ᠳᠥᠭᠦᠮ ᠳᠥᠲᠡ᠂ ᠪᠠᠲᠤᠯᠠᠭ᠎ᠠ ᠲᠠᠢ ᠣᠲᠣ ᠦᠶ᠎ᠡ ᠶᠢᠨ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ ᠭᠡᠵᠦ ᠭᠤᠣᠯᠳᠠᠯᠭ᠎ᠠ ᠲᠠᠢ ᠳᠤᠷᠠᠳᠪᠠ᠃ | ᠬᠤᠶᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠲᠠᠢ | ᠬᠠᠷᠭᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠲᠠᠪᠤᠨ ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠳᠤᠷᠠᠳᠪᠠ᠃ | ᠨᠢᠭᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠂ ᠡᠭᠦᠨ ᠳᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠬᠦᠢᠲᠡᠨ | ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠬᠡᠨ ᠪᠦᠲᠦᠭᠡᠨ ᠪᠠᠶᠢᠭᠤᠯᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠪᠠᠭᠲᠠᠭᠠᠨ᠎ᠠ᠃ | ᠬᠤᠶᠠᠷ ᠲᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠭᠳᠡᠬᠦᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠂ ᠡᠭᠦᠨ ᠳᠤ ᠮᠢᠬᠠᠨ ᠤ | ᠲᠥᠷᠥᠯ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠶᠢ ᠬᠥᠭᠵᠢᠭᠦᠯᠬᠦ᠂ ᠴᠠᠭᠠᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠤᠰᠤᠨ ᠭᠠᠷᠤᠯᠲᠠ ᠶᠢᠨ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠲᠦᠷᠭᠡᠨ ᠬᠥᠯᠳᠡᠭᠡᠭᠰᠡᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠪᠠ | ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠶᠢ ᠪᠠᠭᠲᠠᠭᠠᠨ᠎ᠠ᠃ | ᠭᠤᠷᠪᠠ ᠳᠤ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠡᠭᠦᠨ ᠳᠤ ᠬᠦᠢᠲᠡᠨ ᠬᠡᠯᠬᠢᠶᠡᠲᠦ ᠭᠤᠣᠯ | ᠰᠠᠯᠪᠤᠷᠢ ᠱᠤᠭᠤᠮ ᠤᠨ ᠲᠡᠭᠡᠭᠡᠪᠦᠷᠢ ᠶᠢ ᠴᠢᠩᠭᠠᠷᠠᠭᠤᠯᠬᠤ᠂ ᠬᠤᠳᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠤᠣᠰ ᠴᠢᠭᠯᠡᠯ ᠤᠨ | ᠨᠡᠪᠲᠡᠷᠡᠬᠦ ᠵᠠᠮ ᠢ ᠲᠡᠭᠦᠯᠳᠡᠷᠵᠢᠭᠦᠯᠬᠦ᠂ ᠬᠦᠢᠲᠡᠨ ᠬᠡᠯᠬᠢᠶᠡᠲᠦ ᠤᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠬᠦ ᠪᠠ ᠬᠦᠢᠲᠡᠨ ᠬᠡᠯᠬᠢᠶᠡᠲᠦ | ᠲᠡᠭᠡᠭᠡᠪᠦᠷᠢ ᠶᠢᠨ ᠤᠯᠠᠨ ᠤᠯᠤᠰ ᠤᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠭᠲᠠᠭᠠᠨ᠎ᠠ᠃ | ᠳᠥᠷᠪᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠂ ᠡᠭᠦᠨ ᠳᠤ ᠬᠦᠢᠲᠡᠨ | ᠬᠡᠯᠬᠢᠶᠡᠲᠦ ᠲᠤᠨᠤᠭ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠬᠤ᠂ ᠲᠣᠭᠠᠴᠢᠯᠠᠭᠰᠠᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ᠂ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠪᠠ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠪᠠᠭᠲᠠᠭᠠᠨ᠎ᠠ᠃ | ᠲᠠᠪᠤ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠂ ᠡᠭᠦᠨ ᠳᠤ | ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠨ ᠰᠢᠯᠢᠳᠡᠭᠵᠢᠭᠦᠯᠬᠦ᠂ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠶᠢ ᠴᠢᠩᠭᠠᠳᠬᠠᠬᠤ ᠶᠢ ᠪᠠᠭᠲᠠᠭᠠᠨ᠎ᠠ᠃ ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠬᠥᠮᠦᠵᠢᠯ ᠢ ᠴᠢᠩᠭᠠᠳᠬᠠᠬᠤ᠂ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠠᠴᠠ | ᠬᠡᠷᠡᠭᠵᠢᠭᠦᠯᠦᠯᠲᠡ ᠪᠠᠲᠤᠯᠠᠭ᠎ᠠ ᠶᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ᠂ ᠤᠯᠤᠰ ᠤᠨ ᠲᠥᠯᠦᠪᠵᠢᠭᠦᠯᠭᠡ ᠶᠢᠨ | ᠬᠠᠮᠢᠶ᠎ᠠ ᠪᠦᠬᠦᠢ ᠡᠭᠦᠷᠭᠡ ᠪᠠ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ | ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ 10 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠰᠢᠰᠲ᠋ᠧᠮ ᠲᠠᠢ ᠳᠤᠷᠠᠳᠪᠠ᠃ ᠡᠭᠦᠨ ᠳᠤ | ᠨᠢᠭᠡᠳᠦᠭᠡᠷ᠂ ᠭᠤᠷᠪᠠᠳᠤᠭᠠᠷ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠵᠠᠩᠭᠢᠶᠠᠰᠤ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ ᠥᠪᠡᠷ ᠤᠨ ᠥᠷᠲᠡᠭ ᠢ ᠪᠠᠭᠤᠷᠠᠭᠤᠯᠬᠤ ᠢᠨᠵᠧᠨᠧᠷᠢᠩ᠂ ᠪᠣᠷᠤᠯᠠᠭᠤᠯᠭ᠎ᠠ ᠶᠢᠨ ᠭᠠᠵᠠᠷ ᠤᠨ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠶᠢ ᠳᠡᠭᠡᠭᠰᠢᠯᠡᠭᠦᠯᠬᠦ ᠢᠨᠵᠧᠨᠧᠷᠢᠩ᠂ ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠰᠢᠨ᠎ᠡ ᠶᠢ ᠡᠭᠦᠳᠴᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠶᠢ ᠰᠢᠨᠡᠴᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡ ᠶᠢᠨ ᠨᠢᠷᠤᠭᠤᠪᠴᠢ ᠠᠵᠤ ᠠᠬᠤᠶᠢᠯᠠᠯ ᠢ ᠪᠣᠶᠢᠵᠢᠭᠤᠯᠬᠤ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠠᠷᠢᠮᠵᠢᠶ᠎ᠠ | ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠦᠢᠲᠡᠨ ᠬᠡᠯᠬᠢᠶᠡᠲᠦ ᠢᠳᠡᠭᠡᠨ ᠤ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ | ᠢᠨᠵᠧᠨᠧᠷᠢᠩ ᠢ ᠪᠠᠭᠲᠠᠭᠠᠵᠤ᠂ ᠴᠢᠭᠯᠡᠯᠲᠦ ᠴᠢᠨᠠᠷᠲᠠᠢ ᠪᠠᠷ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ | ᠨᠥᠬᠦᠪᠦᠷᠢᠯᠡᠬᠦ᠂ ᠪᠠᠭᠤᠷᠠᠢ ᠲᠠᠯ᠎ᠠ ᠶᠢ ᠴᠢᠩᠭᠠᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ | | | |