ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ | ᠮᠥᠴᠢᠷ ᠤᠳ ᠤᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ︽ᠰᠡᠷᠭᠡᠶᠢᠯᠡᠬᠦ︾ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶᠡᠰᠦ ᠶᠢ | ᠵᠣᠯᠭᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 81 ᠳ᠋ᠦ᠋ᠭᠡᠷ ᠲᠣᠭᠠᠲᠤ︶ ︵ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠪᠡᠯᠡᠳᠬᠡᠯ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ | ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ | ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠨᠥᠯᠥᠭᠡᠯᠡᠵᠦ ᠮᠡᠳᠡᠬᠦ | ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠤᠨ ᠬᠢᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠵᠢᠴᠢ ᠲᠡᠭᠦᠨ ᠠᠴᠠ ᠪᠣᠯᠤᠭᠰᠠᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠤ᠂ ᠢᠯᠡᠭᠡᠨ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠪᠥᠭᠡᠳ ᠰᠠᠭᠠᠳ ᠦᠭᠡᠢ | ᠨᠡᠪᠲᠡᠷᠡᠬᠦ ᠶᠢ ᠬᠠᠮᠠᠭᠠᠯᠠᠨ᠂ ᠰᠢᠤᠳᠠᠨ ᠤ ᠦᠢᠯᠡᠰ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ ᠶᠤᠮ᠃ | ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠤᠳᠠᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ︽ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠶᠠᠪᠤᠳᠠᠯ ᠤᠨ | ᠳᠦᠷᠢᠮ︾ ︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠰᠢᠤᠳᠠᠨ ᠤ | ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠢᠯᠡᠭᠡᠨ ᠬᠦᠷᠭᠡᠬᠦ ᠶᠢ ᠴᠠᠭᠠᠵᠠᠯᠠᠬᠤ ᠡᠳ᠋ ᠪᠣᠳᠠᠰ ᠤᠨ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ | ᠲᠥᠰᠥᠯ ᠢ ᠨᠠᠶᠢᠷᠠᠭᠤᠯᠤᠨ ᠵᠣᠬᠢᠶᠠᠪᠠ᠃ | ᠭᠤᠷᠪᠠ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ | ︵ᠨᠢᠭᠡ︶ ᠶᠡᠷᠦᠩᠬᠡᠢ ᠳᠦᠷᠢᠮ | ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠪᠡᠯᠡᠳᠬᠡᠯ | ᠲᠥᠰᠥᠯ ᠤᠨ ᠲᠣᠭᠲᠠᠯᠴᠠᠭ᠎ᠠ᠂ ᠬᠡᠷᠡᠭ ᠶᠠᠪᠤᠳᠠᠯ ᠢ ᠲᠥᠷᠥᠯ ᠬᠤᠪᠢᠶᠠᠨ ᠲᠠᠰ ᠬᠤᠪᠢᠶᠠᠬᠤ ᠶᠢ ᠲᠣᠳᠣᠷᠬᠠᠶᠢᠯᠠᠪᠠ᠃ ᠨᠢᠭᠡᠳᠦᠯᠲᠡᠢ ᠤᠳᠤᠷᠢᠳᠤᠯᠭ᠎ᠠ᠂ | ᠵᠣᠬᠢᠴᠠᠭᠤᠯᠤᠨ ᠬᠠᠮᠲᠤᠷᠠᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠬᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ | ᠪᠠᠶᠢᠬᠤ᠂ ᠶᠡᠷᠦᠩᠬᠡᠶᠢᠯᠡᠨ ᠠᠷᠭᠠᠴᠠᠭᠠᠬᠤ᠂ ᠬᠠᠤᠯᠢ ᠶᠣᠰᠣᠭᠠᠷ ᠵᠢᠷᠤᠮᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠣᠷᠣᠨ | ᠪᠦᠰᠡ ᠪᠠᠷ ᠬᠠᠮᠵᠢᠯᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠬᠤᠯᠠᠴᠢᠯᠠᠪᠠ᠃ | ︵ᠬᠤᠶᠠᠷ︶ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠬᠢᠭᠡᠳ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ | ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ | ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠵᠢᠴᠢ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠵᠡᠷᠭᠡ ᠶᠢ ᠲᠣᠳᠣᠷᠬᠠᠶᠢᠯᠠᠪᠠ᠃ | ︵ᠭᠤᠷᠪᠠ︶ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ | ᠡᠭᠦᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠵᠤ᠂ | ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠬᠤ᠂ ᠮᠡᠳᠡᠭᠡ ᠵᠠᠩᠭᠢ ᠶᠢᠨ ᠢᠷᠡᠯᠲᠡ᠂ ᠮᠡᠳᠡᠭᠦᠯᠬᠦ᠂ ᠡᠬᠢᠯᠡᠭᠦᠯᠬᠦ᠂ ᠴᠤᠤᠷᠢᠶᠠᠲᠤᠨ ᠳᠠᠭᠠᠬᠤ᠂ ᠳᠠᠭᠤᠰᠬᠠᠬᠤ | ᠵᠡᠷᠭᠡ ᠶᠢ ᠲᠣᠳᠣᠷᠬᠠᠶᠢᠯᠠᠬᠤ ᠪᠠ ᠱᠠᠭᠠᠷᠳᠠᠪᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠲᠠᠰ ᠢ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢ | ᠮᠡᠳᠡᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠲᠠᠭᠠᠬᠤ ᠶᠢ ᠵᠣᠭᠰᠤᠭᠠᠬᠤ ᠵᠡᠷᠭᠡ ᠠᠭᠤᠯᠭ᠎ᠠ ᠶᠢ | ᠪᠠᠭᠲᠠᠭᠠᠵᠤ᠂ I– IVᠲᠠᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ | ᠭᠤᠣᠯ ᠴᠣᠭᠴᠠ ᠪᠠ ᠴᠤᠤᠷᠢᠶᠠᠲᠤᠨ ᠳᠠᠭᠠᠬᠤ ᠲᠠᠰ ᠳᠠᠷᠠᠭᠠᠯᠠᠯ ᠢ ᠲᠣᠳᠣᠷᠬᠠᠶᠢᠯᠠᠪᠠ᠃ | ︵ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠭᠤᠣᠯᠳᠠᠭᠤ ᠬᠡᠷᠡᠭ ᠢ ᠦᠨᠡᠯᠡᠨ ᠵᠢᠱᠢᠬᠦ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ | ᠲᠠᠲᠠᠪᠤᠷᠢᠯᠠᠨ ᠬᠡᠷᠡᠭᠯᠡᠬᠦ ᠨᠥᠬᠦᠪᠦᠷᠢ᠂ ᠳᠠᠭᠠᠳᠬᠠᠯ ᠪᠠ ᠦᠨᠡᠯᠡᠨ ᠵᠢᠱᠢᠵᠦ ᠳ᠋ᠦᠩᠨᠡᠬᠦ ᠵᠡᠷᠭᠡ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠪᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ | ᠡᠭᠦᠨ ᠳᠤ ᠡᠩᠨᠡᠭᠡᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ᠂ ᠪᠣᠯᠪᠠᠰᠤᠷᠠᠯ ᠬᠥᠮᠦᠵᠢᠯ᠂ ᠬᠠᠷᠢᠭᠤᠴᠠᠯᠭ᠎ᠠ ᠬᠢᠭᠡᠳ ᠱᠠᠩᠨᠠᠯ ᠲᠣᠷᠭᠠᠭᠤᠯᠢ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠭᠤᠯᠭ᠎ᠠ ᠶᠢ | ᠪᠠᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠪᠠ ᠠᠵᠢᠯ ᠲᠥᠷᠥᠯ ᠤᠨ ᠡᠮᠬᠢ ᠳᠢᠭᠯᠢᠮ ᠲᠠᠢ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠨ᠎ᠠ᠃ | ︵ᠲᠤᠯᠤᠭ᠎ᠠ︶ ᠳᠠᠭᠠᠯᠳᠤᠭᠤᠯᠤᠭᠰᠠᠨ ᠳᠦᠷᠢᠮ | ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ ᠲᠥᠰᠥᠯ ᠢ ᠲᠣᠭᠲᠠᠭᠠᠬᠤ ᠪᠠ ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ | ᠴᠠᠭ᠂ ᠨᠡᠷ᠎ᠡ ᠲᠣᠮᠢᠶ᠎ᠠ ᠶᠢ ᠲᠠᠶᠢᠯᠪᠤᠷᠢᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ |