ᠨᠠᠭᠤᠷ ᠠᠮᠤᠭᠤᠯᠠᠩ ᠪᠣᠯ ᠨᠤᠭᠤᠰᠤ ᠠᠮᠤᠭᠤᠯᠠᠩ ᠭᠡᠳᠡᠭ ᠢᠶᠠᠷ ᠤᠶᠢᠷ᠎ᠠ ᠶᠢᠨ ᠡᠳᠦᠷ ᠤᠳ ᠲᠤ ᠥᠪᠥᠷ ᠮᠣᠩᠭᠤᠯ ᠤᠨ ᠣᠷᠳᠣᠰ ᠬᠤᠲᠠ ᠶᠢᠨ ᠦᠦᠰᠢᠨ | ᠬᠤᠰᠢᠭᠤᠨ ᠤ ᠦᠤᠰᠢᠨᠵᠤᠤ ᠪᠠᠯᠭᠠᠰᠤ ᠶᠢᠨ ᠲᠡᠪᠠᠭᠠ ᠨᠠᠭᠤᠷ ᠲᠤ ᠬᠤᠨ ᠭᠠᠯᠠᠭᠤ᠂ ᠴᠠᠭᠠᠨ ᠲᠡᠭᠡᠯᠢ ᠵᠡᠷᠭᠡ ᠨᠠᠭᠦᠳᠡᠯ ᠤᠨ ᠰᠢᠪᠠᠭᠤᠳ ᠦᠷᠳᠡᠭᠡᠯᠡᠨ ᠪᠠᠭᠤᠵᠤ᠂ | ᠬᠥᠬᠡ ᠲᠡᠭᠷᠢ ᠬᠦᠭᠡᠮᠳᠤᠭ᠌ ᠤᠰᠤ ᠪᠠᠷ ᠲᠡᠭᠦᠯᠢᠨ ᠨᠢᠰᠴᠦ ᠡᠬᠡ ᠪᠠᠶᠢᠭᠠᠯᠢ ᠶᠢᠨ ᠡᠶ᠎ᠡ ᠵᠣᠬᠢᠴᠠᠯ ᠪᠠ ᠦᠵᠡᠰᠭᠦᠯᠡᠩᠳᠤ ᠰᠠᠶᠢᠬᠠᠨ ᠵᠢᠷᠤᠭ ᠳᠦᠷᠰᠦ ᠶᠢ ᠪᠣᠢ ᠪᠣᠯᠭᠠᠯ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠲᠡᠭᠡᠷ᠎ᠡ ᠶᠠᠷᠤᠩᠭᠡᠢ ᠱᠦᠵᠢ ᠰᠢ ᠶᠢᠨ ᠫᠢᠩ ᠠᠴᠠ ᠢᠷᠡᠭᠦ ᠲᠠᠪᠤᠨ ᠵᠢᠯ ᠤᠨ ᠠᠵᠢᠯ ᠤᠨ ᠢᠯᠡᠳᠭᠡᠯ ᠬᠢᠬᠦ ᠦᠶ᠎ᠡ᠄ ︽ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠨ ᠪᠠᠶᠢᠭᠤᠯᠬᠤ ᠴᠢᠬᠤᠯᠠ ᠶᠡᠭᠡ ᠢᠨᠵᠧᠨᠧᠷᠢᠩ ᠢ ᠭᠡᠷᠡᠭᠵᠢᠭᠦᠯᠥᠨ᠎ᠡ︾ ᠭᠡᠵᠤ ᠠᠮᠢ ᠠᠬᠤᠢ ᠶᠢᠨ ᠲᠠᠯ᠎ᠠ ᠪᠠᠷ | ᠴᠢᠬᠤᠯᠠ ᠵᠢᠭᠠᠪᠤᠷᠢ ᠭᠠᠷᠭᠠᠭᠰᠠᠨ ᠪᠠᠶᠢᠨ᠎ᠠ᠃ | ᠤᠶᠢᠷ᠎ᠠ ᠶᠢᠨ ᠵᠢᠯ ᠠᠴᠠ ᠨᠠᠭᠠᠰᠢ᠂ ᠦᠤᠰᠢᠨ ᠬᠤᠰᠢᠭᠤ᠂ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ | ᠣᠩᠭᠤᠨ ᠪᠠᠶᠢᠭᠠᠯᠢ ᠪᠣᠯ ᠦᠨᠡᠯᠡᠰᠢ ᠦᠭᠡᠢ ᠥᠪ ᠬᠥᠷᠥᠩᠭᠡ ᠪᠣᠯᠬᠤ ᠬᠦᠭᠵᠢᠯᠳᠡ ᠶᠢᠨ ᠤᠶᠢᠯᠠᠭᠠᠭᠳᠠᠬᠤᠨ ᠢ ᠪᠡᠳᠥ ᠪᠤᠢ ᠪᠤᠯᠭᠠᠵᠤ᠂ ᠤᠯᠠᠨ ᠵᠦᠢᠯ ᠤᠨ ᠠᠷᠭ᠎ᠠ | ᠭᠡᠯᠪᠡᠷᠢ ᠪᠠᠷ ᠤᠰᠤᠨ ᠤ ᠡᠬᠢ ᠰᠤᠷᠪᠤᠯᠵᠢ ᠪᠠ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠭᠰᠠᠨ ᠢᠶᠠᠷ ᠦᠤᠰᠢᠨ ᠬᠤᠰᠢᠭᠤᠨ ᠤ ᠠᠮᠢ ᠠᠬᠤᠢ | ᠪᠠᠶᠢᠭᠠᠯᠢ ᠣᠷᠴᠢᠨ ᠦᠷᠭᠦᠯᠵᠢᠯᠡᠨ ᠰᠠᠶᠢᠵᠢᠷᠠᠵᠤ ᠠᠳᠡ ᠥᠷᠲᠡᠭᠡᠯᠡᠨ ᠪᠠᠭᠤᠬᠤ ᠨᠡᠭᠦᠳᠡᠯ ᠤᠨ ᠰᠢᠪᠠᠭᠤᠳ ᠶᠠᠪᠤᠬᠤ ᠲᠤᠰᠤᠮ᠎ᠠ ᠨᠡᠮᠡᠭᠳᠡᠬᠦ ᠪᠣᠯᠵᠠᠢ᠃ | | | | | | | | | | | | | | | | | ᠰᠤᠷᠪᠤᠯᠵᠢᠯᠠᠭᠴᠢ᠄ ᠪᠤᠶᠠᠨᠳᠤ ᠰᠢᠩᠭᠦᠨᠳᠡᠯᠡᠢ | |