1 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠡᠨ ᠤ ᠠᠷᠪᠠᠨ ᠵᠢᠷᠭᠤᠳᠤᠭᠠᠷ ᠬᠤᠭᠤᠴᠠᠭᠠᠨ ᠤ 62 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠬᠤᠸ ᠸᠧᠢ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠴᠢᠬᠤᠯᠠ ᠵᠣᠬᠢᠶᠠᠯ᠂ ᠲᠥᠪ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ | ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ | ᠬᠤᠷᠢᠶ᠎ᠠ ᠵᠡᠷᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠢᠳᠡᠭᠡᠨ ᠤᠮᠳᠠᠭᠠᠨ ᠡᠮ ᠤᠨ ᠵᠤᠶᠢᠯᠠᠰ ᠤᠨ ᠠᠮᠤᠷ | ᠲᠦᠪᠰᠢᠨ ᠪᠠ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ | | | | | | | | ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠴᠢᠬᠤᠯᠠ ᠵᠣᠬᠢᠶᠠᠯ ᠪᠣᠯᠣᠨ ᠲᠥᠪ ᠤᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠤᠯᠤᠰ | ᠲᠦᠷᠦ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ ᠲᠡᠮᠡᠴᠡᠯ᠂ ᠬᠢᠨᠠᠯᠲᠠ | ᠲᠠᠯᠪᠢᠬᠤ ᠰᠢᠰᠲ᠋ᠧᠮ ᠵᠡᠷᠭᠡ ᠠᠵᠢᠯ ᠢ ᠰᠠᠶᠢᠲᠤᠷ ᠠᠳᠬᠤᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ | ᠬᠡᠵᠡᠢ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠨᠢ ᠪᠥᠬᠦ | ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠪᠤᠳᠠᠳᠤ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠠᠵᠢᠯᠯᠠᠵᠤ | ᠡᠬᠦᠷᠭᠡ ᠴᠢᠲᠠᠪᠬᠢ ᠪᠠᠨ ᠪᠠᠳᠠᠷᠠᠭᠤᠯᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠵᠦ ᠪᠠᠶᠠᠷᠯᠠᠭᠤᠰᠢᠲᠠᠢ ᠠᠮᠵᠢᠯᠲᠠ ᠪᠦᠲᠦᠮᠵᠢ ᠤᠯᠤᠬᠰᠠᠨ ᠪᠠᠶᠢᠨ᠎ᠠ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠥᠨ ᠴᠦ ᠮᠠᠨ ᠤ ᠬᠤᠰᠢᠭᠤᠨ ᠤ ᠬᠥᠭᠵᠢᠯᠲᠡ ᠶᠢᠨ | ᠵᠠᠩᠭᠢᠯᠠᠭ᠎ᠠ ᠶᠢᠨ ᠵᠢᠯ ᠪᠣᠯᠣᠨ᠎ᠠ᠂ ᠮᠠᠨ ᠤ ᠬᠤᠰᠢᠭᠤᠨ ᠤ ᠡᠷᠬᠢᠯᠡᠨ ᠬᠢᠬᠦ ᠴᠢᠬᠤᠯᠠ ᠶᠡᠭᠡ ᠶᠠᠪᠤᠳᠠᠯ ᠣᠯᠠᠨ ᠪᠠᠶᠢᠵᠤ ᠠᠵᠤ ᠠᠬᠤᠢ ᠶᠢᠨ ᠡᠷᠬᠢᠯᠳᠡ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠵᠡᠷᠭᠡ | ᠠᠵᠢᠯ ᠳᠤ ᠨᠡᠩ ᠬᠦᠨᠳᠦ ᠬᠡᠴᠡᠭᠦᠦ ᠥᠷᠢᠰᠦᠯᠳᠦᠭᠡᠨ ᠲᠤᠯᠭᠠᠷᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ | ᠬᠤᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠪᠥᠬᠦ ᠬᠤᠰᠢᠭᠤᠨ ᠤ 2023 ᠣᠨ ᠤ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠡᠬᠦᠷᠭᠡ ᠬᠠᠷᠢᠭᠤᠴᠠᠯᠭᠠᠲᠤ ᠤᠪᠤᠷ ᠢᠶᠠᠨ ᠤᠯᠠᠮ ᠨᠢᠭᠡ ᠠᠯᠬᠤᠮ ᠴᠢᠩᠭᠠᠳᠬᠠᠵᠤ ᠪᠦᠯᠬᠦᠮᠳᠡᠨ ᠨᠢᠭᠲᠠᠷᠠᠵᠤ ᠬᠦᠴᠦ ᠪᠠᠨ ᠬᠠᠮᠲᠤᠳᠬᠠᠨ | ᠪᠣᠭᠤᠮᠲᠠ ᠰᠢᠪᠲᠤᠯᠵᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ | ᠭᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ︽ᠡᠷᠡᠭᠦᠯ ᠮᠡᠨᠳᠤ ᠶᠢ ᠪᠠᠲᠤᠯᠠᠵᠤ᠂ ᠬᠦᠨᠳᠦ ᠡᠪᠡᠳᠴᠢᠨ ᠢ | ᠰᠡᠷᠭᠡᠶᠢᠯᠡᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠢ | ᠬᠦᠴᠦᠯᠡᠨ ᠳᠡᠭᠡᠭᠰᠢᠯᠡᠭᠦᠯᠵᠦ ᠤᠯᠤᠰ ᠤᠨ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠶᠡᠷᠦᠩᠬᠡᠢ ᠲᠥᠰᠥᠯ ᠵᠢᠴᠢ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ ᠤᠯᠠᠨ ᠲᠦᠮᠡᠨ ᠢ ᠬᠥᠲᠥᠯᠥᠨ ᠵᠢᠯᠤᠭᠤᠳᠴᠤ ᠣᠶᠤᠨᠴᠢ ᠪᠠᠷ ᠰᠡᠷᠭᠡᠶᠢᠯᠡᠨ | ᠡᠵᠡᠮᠳᠡᠬᠦ ᠬᠡᠷᠡᠭᠲᠡᠢ᠃ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠢᠳᠡᠭᠡᠨ ᠤᠮᠳᠠᠭᠠᠨ ᠪᠠ ᠡᠮ ᠤᠨ | ᠵᠤᠶᠢᠯᠠᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠤ | ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠪᠥᠬᠦ ᠬᠤᠰᠢᠭᠤᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠲᠣᠰ | ᠰᠢᠰᠲ᠋ᠧᠮ ᠤᠨ ᠢᠶᠠᠨ ᠠᠵᠢᠯ ᠢ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠶᠢᠨ | ᠣᠯᠠᠨ ᠲᠦᠮᠡᠨ ᠲᠠᠢ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠵᠦ ᠬᠥᠭᠵᠢᠯᠲᠡ ᠳᠤ | ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠡᠭᠦᠯᠭᠦ ᠭᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤ ᠯᠤᠭ᠎ᠠ ᠶᠢᠨ ᠬᠠᠷᠢᠯᠴᠠᠭ᠎ᠠ ᠪᠠᠨ | ᠴᠢᠩᠭᠠᠳᠬᠠᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠵᠢᠯ ᠤᠨ ᠠᠵᠢᠯ ᠢᠶᠠᠨ | ᠲᠤᠬᠳᠠᠭᠤᠨ ᠪᠦᠭᠡᠳ ᠰᠠᠶᠢᠲᠤᠷ ᠡᠬᠢᠯᠡᠬᠦᠯᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠭᠡᠮ | ᠰᠣᠭᠤᠭ ᠢ ᠪᠠᠶᠢᠴᠠᠭᠠᠵᠤ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠡᠷᠭᠡᠶᠢᠯᠡᠨ | ᠠᠷᠢᠯᠭᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠰᠠᠶᠢᠲᠤᠷ ᠬᠢᠵᠦ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ | ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠪᠤᠯᠭᠤᠭᠠᠨ ᠲᠣᠬᠤᠨᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠣᠨᠴᠠᠭᠠᠢ ᠬᠦᠴᠢᠷᠳᠡᠯᠲᠡᠢ ᠭᠦᠮᠦᠰ ᠢ ᠰᠠᠶᠢᠲᠤᠷ ᠬᠠᠯᠠᠮᠵᠢᠯᠠᠨ ᠲᠡᠳᠬᠦᠵᠦ ᠨᠠᠮ ᠤᠨ ᠬᠠᠶᠢᠷ᠎ᠠ ᠬᠠᠯᠠᠮᠵᠢᠯᠠᠯ ᠢ | ᠬᠠᠮᠤᠭ ᠠᠴᠠ ᠬᠡᠷᠡᠭᠴᠡᠭᠡ ᠲᠠᠢ ᠤᠯᠠᠨ ᠲᠦᠮᠡᠨ ᠳᠤ ᠬᠦᠷᠭᠡᠬᠦ ᠬᠡᠷᠡᠭᠲᠡᠢ ᠭᠡᠵᠡᠢ᠃ | | | ᠰᠤᠷᠪᠤᠯᠵᠢᠯᠠᠬᠴᠢ᠄ ᠯᠤᠨᠳᠤᠨᠬᠤᠸᠠᠷ | | | | | |