1 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ | ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠸ ᠸᠧᠢ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠶᠠᠷᠢᠶᠠᠨ ᠤ | ᠵᠣᠷᠢᠭ ᠰᠠᠨᠠᠭ᠎ᠠ ᠵᠢᠴᠢ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2022 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠩ ᡁᠢ ᠰᠢᠥ᠋ᠩ᠂ ᠵᠢᠶᠣᠣ ᠳ᠋ᠠᠩ | ᠱᠧᠩ᠂ ᠵᠧᠦ ᠱᠤᠸᠠᠢ᠂ ᠮᠠ ᠶᠠ ᠳ᠋ᠦᠡᠭ᠂ ᠮᠠᠰᠢᠪᠢᠯᠢᠭ᠌᠂ ᠰᠤ᠋ ᠴᠢᠩ ᠫᠥ᠋᠂ ᠬᠠᠨ ᠢᠦᠢ ᠹᠧᠩ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ | ᠪᠤᠰᠤᠳ ᠪᠠᠶᠢᠩᠭᠤ ᠶᠢᠨ ᠭᠡᠰᠢᠭᠦᠳ ᠪᠢᠴᠢᠭ ᠤᠨ ᠬᠡᠯᠪᠡᠷᠢ ᠪᠠᠷ ᠮᠠᠲ᠋ᠧᠷᠢᠶᠠᠯ ᠢᠶᠠᠨ ᠲᠤᠰᠢᠶᠠᠪᠠ᠃ | | | | | | | ᠸᠠᠩ ᠵᠢᠶᠠᠨ ᠭᠡᠯᠡᠭᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠨᠠᠶᠢᠳᠠᠪᠤᠷᠢᠵᠢᠭᠤᠯᠬᠤ | ᠨᠢ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠪᠦᠬᠦ ᠬᠤᠰᠢᠭᠤ | ᠪᠠᠷ ᠢᠶᠠᠨ ᠤᠨᠴᠠᠭᠠᠶᠢᠯᠠᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ | ᠲᠠᠯ᠎ᠠ ᠪᠠᠷ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢ ᠬᠥᠲᠥᠯᠥᠨ ᠵᠢᠯᠤᠭᠤᠳᠴᠤ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠯ ᠰᠠᠨᠠᠭ᠎ᠠ᠂ ᠤᠯᠤᠰ ᠲᠥᠷᠥ᠂ ᠦᠶᠯᠡ | ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠪᠥᠬᠦ ᠲᠠᠯ᠎ᠠ ᠳᠤ ᠪᠠᠶᠢᠷᠢ ᠪᠠᠨ ᠲᠤᠬᠳᠠᠭᠠᠬᠤ᠂ ᠶᠡᠭᠡ ᠲᠠᠯ᠎ᠠ ᠳᠤ ᠠᠵᠢᠯᠯᠠᠬᠤ ᠶᠢ ᠪᠠᠷᠢᠮᠲᠠᠯᠠᠵᠤ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠭᠡᠳ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠤᠨ ᠤᠶᠠᠯᠳᠤᠯ ᠤᠨ ᠴᠡᠭ᠂ ᠭᠥᠴᠥᠯᠡᠭᠦ ᠴᠡᠭ᠂ ᠠᠯᠤᠰ ᠬᠡᠳᠦ ᠶᠢᠨ | ᠴᠢᠨᠠᠷᠲᠠᠢ ᠪᠣᠳᠣᠯᠬᠢᠯᠠᠯ᠂ ᠪᠥᠬᠦ ᠲᠠᠯ᠎ᠠ ᠶᠢᠨ ᠴᠢᠨᠠᠷᠲᠠᠢ ᠠᠷᠭ᠎ᠠ ᠪᠣᠳᠣᠯᠭ᠎ᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠣᠨᠣᠪᠴᠢᠲᠠᠶ ᠣᠯᠵᠤ | ᠮᠠᠨ ᠤ ᠬᠤᠰᠢᠭᠤᠨ ᠤ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃ | ᠸᠠᠩ ᠵᠢᠶᠠᠨ ᠭᠡᠯᠡᠬᠦ ᠳᠡᠭᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2023 ᠣᠨ ᠤ ᠡᠯ᠎ᠡ ᠲᠦᠷᠦᠯ ᠤᠨ | ᠠᠵᠢᠯ ᠢ ᠰᠠᠶᠢᠲᠤᠷ ᠬᠢᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ | ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ | ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠢ | ᠠᠳᠬᠤᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠠᠶᠤᠯᠭᠦᠢ ᠦᠢᠯᠡᠳᠪᠦᠷᠢᠯᠡᠯ᠂ ᠢᠳᠡᠭᠡᠨ ᠤᠮᠳᠠᠭᠠᠨ ᠪᠠ ᠡᠮ ᠤᠨ ᠵᠤᠶᠢᠯᠠᠰ ᠤᠨ ᠠᠮᠤᠷ | ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠵᠣᠷᠢᠭᠲᠠᠢ ᠪᠠᠷ | ᠥᠪᠡᠷ ᠢ ᠪᠠᠨ ᠭᠥᠴᠥᠷᠭᠡᠭᠵᠢᠭᠦᠯᠤᠨ ᠪᠣᠳᠠᠲᠤ ᠦᠷ᠎ᠡ ᠪᠦᠲᠦᠮᠵᠢ ᠤᠯᠵᠦ ᠠᠵᠢᠯ ᠤᠨ ᠰᠤᠷᠲᠠᠯ ᠢᠶᠠᠨ ᠬᠤᠪᠢᠷᠠᠭᠤᠯᠤᠨ ᠲᠡᠮᠡᠴᠡᠯ ᠤᠨ ᠵᠣᠷᠢᠭ ᠰᠠᠨᠠᠭ᠎ᠠ ᠪᠠᠨ | ᠪᠠᠳᠠᠷᠠᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠵᠦ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠳᠡᠭᠡᠳᠦ ᠱᠠᠲᠤᠨ ᠤ ᠨᠠᠮ ᠤᠨ ᠬᠤᠷᠢᠶ᠎ᠠ ᠰᠠᠨᠠᠭ᠎ᠠ | ᠠᠮᠤᠷ᠂ ᠪᠥᠬᠦ ᠬᠤᠰᠢᠭᠤᠨ ᠤ ᠠᠷᠠᠳ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠠᠲᠤ ᠴᠢᠩᠭ᠎ᠠ ᠤᠳᠤᠷᠢᠳᠬᠤ ᠬᠠᠮᠲᠤ ᠶᠢᠨ ᠴᠤᠬᠴᠠ ᠪᠣᠯᠭᠠᠨ ᠪᠦᠲᠦᠭᠡᠨ | ᠪᠠᠶᠢᠭᠤᠯᠬᠤ ᠪᠠᠷ ᠬᠠᠮᠳᠤᠪᠠᠷ ᠴᠢᠷᠮᠠᠶᠢᠬᠤ ᠬᠡᠷᠡᠭᠲᠡᠢ ᠭᠡᠵᠡᠢ᠃ | | | ᠰᠤᠷᠪᠤᠯᠵᠢᠯᠠᠬᠴᠢ᠄ ᠯᠤᠨᠳᠤᠨᠬᠤᠸᠠᠷ ᠾᠧ ᠵᠢᠢ ᠶᠦᠨ ᠪᠠᠢ ᠰᠢᠤᠸᠠᠢ | | | |