ᠮᠠᠨ ᠤ ᠬᠤᠰᠢᠭᠤ ᠬᠦᠴᠢᠷᠳᠡᠯ ᠲᠠᠢ ᠤᠯᠠᠨ ᠲᠦᠮᠡᠨ ᠢ ᠬᠠᠯᠠᠮᠵᠢᠯᠠᠬᠤ ︽ᠰᠡᠳᠬᠢᠯ ᠢ ᠳᠤᠯᠠᠭᠠᠴᠠᠭᠤᠯᠬᠤ ᠪᠤᠬᠴᠤ︾ ᠲᠠᠷᠬᠠᠭᠠᠯ᠎ᠠ
ᠨᠡᠶᠢᠲᠡᠯᠡᠭᠰᠡᠨ ᠴᠠᠭ᠄
2023/1/19
      ᠤᠶᠢᠷ᠎ᠠ ᠶᠢᠨ ᠡᠳᠦᠷ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠦᠴᠢᠷᠳᠡᠯ ᠲᠠᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠦᠷᠨᠢᠬᠦᠯᠵᠤ ︽ᠰᠡᠳᠬᠢᠯ ᠢ ᠳᠤᠯᠠᠭᠠᠴᠠᠭᠤᠯᠬᠤ ᠪᠤᠬᠴᠤ︾ ᠲᠠᠷᠬᠠᠭᠠᠬᠤ ᠶᠣᠰᠣᠯᠠᠯ ᠶᠠᠪᠣᠭᠳᠠᠭᠤᠯᠣᠭᠰᠠᠨ ᠪᠠᠶᠢᠨ᠎ᠠ᠃         ᠶᠣᠰᠣᠯᠠᠯ ᠳᠡᠭᠡᠷ᠎ᠡ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠶᠠᠳᠠᠭᠤ ᠬᠦᠴᠢᠷᠳᠡᠯᠲᠡᠢ ᠣᠯᠠᠨ ᠲᠦᠮᠡᠨ᠂ ᠥᠨᠥᠴᠢᠨ ᠦᠷᠣᠭᠡᠰᠣᠨ ᠬᠡᠦᠬᠡᠳ᠂ ᠲᠤᠤᠷ᠎ᠠ ᠪᠠᠳᠤᠯᠠᠭᠠᠳᠤ ᠡᠷᠦᠬᠡ᠂ ᠭᠦᠨᠳᠦ ᠲᠡᠰ ᠤᠨ ᠵᠡᠮᠳᠡᠭᠴᠦᠳ ᠪᠣᠯᠣᠨ ᠨᠠᠰᠤᠲᠠᠶᠢᠴᠤᠳ ᠲᠤ ᠬᠥᠪᠥᠩ ᠬᠥᠨᠵᠢᠯᠡ᠂ ᠣᠷᠣ ᠶᠢᠨ ᠭᠡᠷᠡᠭᠰᠡᠯ᠂ ᠡᠮ ᠤᠨ ᠪᠣᠭᠴᠣ᠂ ᠠᠮᠠᠪᠴᠢ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠪᠠᠭᠳᠠᠭᠠᠭᠰᠠᠨ ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ ᠪᠠ ︽ᠰᠡᠳᠬᠢᠯ ᠢ ᠳᠤᠯᠠᠭᠠᠴᠠᠭᠤᠯᠬᠤ ᠪᠤᠬᠴᠤ︾ ᠶᠢ ᠲᠠᠷᠬᠠᠭᠠᠭᠰᠠᠨ ᠪᠠᠶᠢᠨ᠎ᠠ᠃
1.jpg
2.jpg
3.jpg
4.jpg
      ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠪᠠᠰᠠ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠨ ᠤ ᠭᠡᠷ ᠲᠤ ᠨᠢ ᠬᠦᠷᠴᠦ ᠲᠡᠳᠡᠨ ᠤ ᠠᠮᠢᠳᠤᠷᠠᠯ ᠪᠠ ᠪᠡᠶ᠎ᠡ ᠮᠠᠬᠠᠪᠤᠳ ᠵᠡᠷᠭᠡ ᠶᠢᠨ ᠪᠠᠶᠢᠳᠠᠯ ᠢ ᠨᠠᠷᠢᠨ ᠣᠶᠢᠯᠠᠭᠠᠵᠤ ᠤᠷᠢᠳᠴᠢᠯᠠᠨ ᠴᠠᠭᠠᠨ ᠰᠠᠷ᠎ᠠ ᠶᠢᠨ ᠮᠠᠨᠳᠤᠴᠢᠯᠠᠯ ᠳᠡᠪᠰᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠬᠠᠯᠠᠮᠵᠢᠯᠠᠯ ᠢ ᠬᠦᠷᠭᠡᠭᠰᠡᠨ ᠢᠶᠠᠷ ᠪᠠᠷᠠᠬᠤ ᠦᠭᠡᠢ ᠨᠠᠩ ᠴᠤ ᠨᠠᠮ ᠵᠠᠰᠠᠭ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠢ ᠬᠦᠷᠭᠡᠵᠦ ᠬᠦᠴᠢᠷᠳᠡᠯᠲᠡᠢ ᠣᠯᠠᠨ ᠲᠦᠮᠡᠨ ᠳᠤ ᠦᠨᠡᠨ ᠪᠣᠳᠠᠲᠠᠢ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠴᠠᠭᠠᠨ ᠰᠠᠷ᠎ᠠ ᠭᠦᠷᠴᠣ ᠢᠷᠡᠬᠦ ᠲᠠᠰᠢᠷᠡᠮ ᠢᠶᠠᠷ ᠬᠦᠴᠢᠷᠳᠡᠯ ᠲᠠᠢ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠬᠦᠴᠢᠷᠳᠡᠯ ᠲᠠᠢ ᠣᠯᠠᠨ ᠲᠦᠮᠡᠨ ᠢᠶᠠᠨ ᠠᠮᠤᠷ ᠲᠦᠪᠰᠢᠨ ᠢᠶᠠᠷ ᠡᠪᠦᠯᠵᠢᠭᠦᠯᠵᠦ ᠪᠠᠶᠠᠷ ᠳᠤᠷᠠᠰᠬᠠᠯ ᠤᠨ ᠡᠳᠦᠷ ᠢᠶᠠᠨ ᠰᠠᠶᠢᠬᠠᠨ ᠥᠩᠭᠡᠷᠠᠭᠦᠯᠭᠦ ᠶᠢ ᠪᠠᠳᠤᠯᠠᠬᠤ ᠶᠢᠨ ᠲᠥᠯᠥᠭᠡ ᠠᠷᠠᠳ ᠲᠤ ᠠᠰᠢᠭ ᠭᠦᠷᠳᠡᠭᠡᠭᠦ᠂ ᠠᠷᠠᠳ ᠤᠨ ᠰᠡᠳᠬᠢᠯ ᠢ ᠲᠤᠯᠠᠭᠠᠴᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠬᠦᠴᠢᠷᠳᠡᠯ ᠲᠠᠢ ᠣᠯᠠᠨ ᠲᠦᠮᠡᠨ ᠳᠤ ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ ᠪᠠ ︽ᠰᠡᠳᠬᠢᠯ ᠢ ᠳᠤᠯᠠᠭᠠᠴᠠᠭᠤᠯᠬᠤ ᠪᠤᠬᠴᠤ︾ ᠶᠢ 300 ᠭᠠᠷᠣᠢ ᠬᠤᠪᠢ ᠲᠠᠷᠬᠠᠭᠠᠵᠠᠢ᠃                                  ᠰᠤᠷᠪᠤᠯᠵᠢᠯᠠᠭᠴᠢ᠄ ᠯᠤᠨᠳᠤᠨᠬᠤᠸᠠᠷ   ᠸᠠᠩ ᠨᠠ   ᠼᠤᠤ ᠵᠢᠩ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ