ᠲᠤᠭᠤᠷᠢᠮ ᠭᠠᠴᠠᠭᠠᠨ ᠤ ᠰᠠᠭᠤᠷᠢ ᠮᠦᠩᠭᠦᠨ ᠤ ᠨᠡᠶᠢᠬᠡᠮᠯᠢᠭ ᠮᠠᠯᠴᠢᠨ ᠲᠠᠷᠢᠶᠠᠴᠢᠨ ᠳᠤ 3 ᠲᠦᠮᠡᠨ ᠲᠦᠭᠦᠷᠢᠭ ᠤᠨ ᠲᠤᠰᠠᠯᠠᠮᠵᠢ ᠶᠢᠨ ᠮᠦᠩᠭᠦ ᠬᠤᠪᠢᠶᠠᠯ᠎ᠠ
ᠨᠡᠶᠢᠲᠡᠯᠡᠭᠰᠡᠨ ᠴᠠᠭ᠄
2023/1/19
      ᠤᠶᠢᠷ᠎ᠠ ᠶᠢᠨ ᠡᠳᠤᠷ᠂ ᠰᠦᠯᠳᠡ ᠰᠤᠮᠤᠨ ᠤ ᠲᠤᠭᠤᠷᠢᠮ ᠭᠠᠴᠠᠭᠠᠨ ᠤ ᠬᠠᠷᠢᠯᠴᠠᠨ ᠬᠠᠪᠰᠤᠷᠤᠯᠴᠠᠬᠤ ᠰᠠᠭᠤᠷᠢ ᠮᠥᠩᠭᠦᠨ ᠤ ᠬᠦᠭᠵᠢᠭᠦᠯᠦᠯᠳᠡ ᠶᠢᠨ ᠨᠡᠶᠢᠭᠡᠮᠯᠢᠭ ᠤᠨ ᠬᠢᠨ 2022 ᠤᠨ ᠤ ᠬᠦᠴᠢᠷᠳᠡᠯᠲᠡᠢ ᠡᠷᠦᠬᠡ ᠤᠳ ᠢ ᠬᠠᠪᠰᠤᠷᠤᠨ ᠳᠡᠳᠭᠦᠬᠦ ᠠᠵᠢᠯᠯᠠᠭ᠎ᠠ ᠶᠠᠪᠤᠭᠳᠠᠭᠤᠯᠵᠤ ᠲᠡᠳᠡᠨ ᠳᠤ ᠲᠤᠰᠠᠯᠠᠮᠵᠢ ᠦᠵᠡᠭᠦᠯᠦᠭᠰᠡᠨ ᠪᠠᠶᠢᠨ᠎ᠠ᠃      ᠡᠨᠡ ᠵᠢᠯ ᠤᠨ ᠬᠠᠪᠰᠤᠷᠤᠨ ᠳᠡᠳᠭᠦᠬᠦ ᠠᠵᠢᠯᠯᠠᠭ᠎ᠠ ᠪᠠᠷ᠂ ᠰᠦᠯᠳᠡ ᠰᠤᠮᠤᠨ ᠤ ᠲᠤᠭᠤᠷᠢᠮ ᠭᠠᠴᠠᠭᠠᠨ ᠤ ᠬᠠᠷᠢᠯᠴᠠᠨ ᠬᠠᠪᠰᠤᠷᠣᠯᠴᠠᠬᠤ ᠰᠠᠭᠤᠷᠢ ᠮᠥᠩᠭᠦᠨ ᠤ ᠬᠦᠭᠵᠢᠭᠦᠯᠦᠯᠳᠡ ᠶᠢᠨ ᠨᠡᠶᠢᠭᠡᠮᠯᠢᠭ ᠤᠨ ᠬᠢᠨ ᠡᠪᠡᠳᠴᠢᠨ ᠠᠴᠠ ᠪᠤᠯᠵᠤ ᠠᠮᠢᠳᠤᠷᠠᠯ ᠬᠦᠴᠢᠷᠳᠡᠭᠰᠡᠨ᠂ ᠬᠦᠳᠡᠯᠮᠦᠷᠢ ᠬᠦᠴᠦ ᠲᠤᠳᠠᠮᠠᠭ ᠠᠴᠠ ᠪᠤᠯᠵᠤ ᠠᠮᠢᠳᠤᠷᠠᠯ ᠬᠦᠴᠢᠷᠳᠡᠭᠰᠡᠨ 30 ᠡᠷᠦᠬᠡ ᠳᠤ ᠡᠷᠤᠭᠡ ᠪᠦᠷᠢ ᠮᠢᠩᠭᠠᠨ ᠲᠦᠭᠦᠷᠢᠭ ᠤᠨ ᠪᠡᠯᠡᠨ ᠮᠦᠩᠭᠦ ᠭᠠᠷᠳᠠᠭᠤᠯᠤᠭᠰᠠᠨ ᠪᠠᠶᠢᠨ᠎ᠠ᠃
2.jpg
1.png
3.png
4.png
6.jpg
5.png
       ᠤᠶᠢᠯᠠᠭᠠᠭᠰᠠᠨ ᠢᠶᠠᠷ᠂ ᠰᠦᠯᠳᠡ ᠰᠤᠮᠤᠨ ᠤ ᠲᠤᠭᠤᠷᠢᠮ ᠭᠠᠴᠠᠭᠠᠨ ᠤ ᠬᠠᠷᠢᠯᠴᠠᠨ ᠬᠠᠪᠰᠤᠷᠤᠯᠴᠠᠬᠤ ᠰᠠᠭᠤᠷᠢ ᠮᠦᠩᠭᠦᠨ ᠤ ᠨᠡᠶᠢᠭᠡᠮᠯᠢᠭ 2014 ᠣᠨ ᠳᠤ ᠪᠠᠶᠢᠭᠤᠯᠤᠭᠳᠠᠵᠤ ᠠᠩᠬ᠎ᠠ ᠪᠠᠶᠢᠭᠤᠯᠤᠭᠳᠠᠬᠤ ᠳᠤ 160 ᠲᠦᠮᠡᠨ ᠲᠦᠭᠦᠷᠢᠭ ᠤᠨ ᠪᠡᠯᠡ ᠮᠦᠩᠭᠦ ᠲᠠᠢ ᠪᠠᠶᠢᠵᠤ᠂ ᠤᠳᠣ ᠪᠤᠯᠬᠤ ᠳᠤ 560 ᠲᠦᠮᠡᠨ ᠲᠦᠭᠦᠷᠢᠭ ᠤᠨ ᠪᠡᠯᠡ ᠮᠦᠩᠭᠦ ᠲᠠᠢ ᠪᠣᠯᠵᠤ ᠬᠦᠭᠵᠢᠭᠰᠡᠨ ᠪᠠᠶᠢᠨ᠎ᠠ᠃       ᠰᠦᠯᠳᠡ ᠰᠤᠮᠤ ᠶᠢᠨ ᠲᠤᠭᠤᠷᠢᠮ ᠭᠠᠴᠠᠭᠠᠨ ᠤ ᠲᠡᠳ᠋ ᠭᠠᠴᠠᠭᠠᠨ ᠲᠠᠷᠤᠭ᠎ᠠ ᠲᠠᠯᠠᠶᠢᠪᠠᠶᠠᠷ᠄ ︽ᠵᠢᠯ ᠪᠤᠯᠭᠠᠨ ᠤᠷᠤᠯᠭ᠎ᠠ ᠶᠢᠨ 10% ᠶᠢ ᠭᠠᠷᠭᠠᠵᠤ ᠭᠠᠴᠠᠭᠠᠨ ᠤ ᠠᠮᠢᠳᠤᠷᠠᠯ ᠬᠦᠴᠢᠷᠳᠡᠯᠳᠡᠢ ᠡᠷᠤᠭᠡ ᠶᠢ ᠲᠡᠮᠵᠢᠨ ᠲᠤᠰᠠᠯᠠᠳᠠᠭ᠂ ᠡᠨᠡ ᠵᠢᠯ ᠤᠨ ᠤᠷᠤᠯᠭ᠎ᠠ ᠪᠣᠯ ᠭᠤᠴᠢ ᠭᠠᠷᠤᠢ ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠂ ᠪᠢᠳᠡ ᠭᠤᠷᠪᠠᠨ ᠲᠦᠮᠡᠨ ᠲᠦᠭᠦᠷᠢᠭ ᠢᠶᠠᠷ ᠭᠤᠴᠢᠨ ᠡᠷᠤᠭᠡ ᠶᠢ ᠲᠡᠮᠵᠢᠨ ᠲᠤᠰᠠᠯᠠᠯ᠎ᠠ︾ ᠭᠡᠵᠦ ᠪᠠᠶᠢᠪᠠ᠃                                   ᠰᠤᠷᠪᠤᠯᠵᠢᠯᠠᠭᠴᠢ᠄ ᠪᠤᠶᠠᠨᠳᠤ  ᠲᠠᠸᠠᠩᠨᠤᠷᠪᠤ  
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ