ᠤᠯᠠᠭᠠᠨᠲᠣᠯᠤᠭᠠᠢ ᠪᠠᠯᠭᠠᠰᠤᠨ ᠤ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾ ᠠᠷᠠᠳ ᠤᠨ ᠰᠡᠳᠬᠢᠯ ᠢ ᠲᠣᠯᠠᠭᠠᠴᠠᠭᠤᠯᠪᠠ
ᠨᠡᠶᠢᠲᠡᠯᠡᠭᠰᠡᠨ ᠴᠠᠭ᠄
2023/1/4
      ᠣᠶᠢᠷ᠎ᠠ ᠳᠤ᠂ ᠬᠢᠵᠢᠭ ᠢ ᠰᠡᠷᠭᠡᠶᠢᠯᠡᠬᠦ ᠡᠮ ᠤᠨ ᠬᠡᠷᠡᠭᠴᠡᠭᠡ ᠶᠢ ᠬᠠᠩᠭᠠᠵᠤ᠂ ᠬᠢᠵᠢᠭ ᠤᠨ ᠬᠤᠭᠤᠴᠠᠭᠠᠨ ᠳᠠᠬᠢ ᠬᠦᠴᠢᠷᠳᠡᠯᠲᠡᠢ ᠬᠥᠮᠥᠰ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠤᠯᠠᠭᠠᠨᠲᠣᠯᠤᠭᠠᠢ ᠪᠠᠯᠭᠠᠰᠤ ᠨᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠤᠭᠠᠯᠠᠨ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾ ᠶᠢ ᠪᠡᠯᠡᠳᠬᠡᠨ ᠲᠦᠷᠦᠭᠦᠸ ᠪᠦᠯᠦᠭ ᠤᠨ 200 ᠬᠤᠪᠢ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾ ᠶᠢ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯᠲᠡᠢ ᠨᠠᠰᠤᠲᠠᠨ᠂ ᠬᠦᠨᠳᠦ ᠶᠡᠭᠡ ᠰᠠᠭᠤᠷᠢ ᠡᠪᠡᠳᠴᠢᠨ ᠲᠠᠢ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ᠂ ᠣᠨᠴᠠ ᠬᠦᠴᠢᠷᠳᠡᠯᠲᠡᠢ ᠬᠥᠮᠥᠰ ᠵᠡᠷᠭᠡ ᠬᠥᠮᠥᠰ ᠲᠤ ᠦᠨ᠎ᠡ ᠲᠥᠯᠥᠪᠦᠷᠢ ᠦᠭᠡᠢ ᠪᠠᠷ ᠬᠤᠪᠢᠶᠠᠨ ᠥᠭᠴᠡᠢ᠃
1.jpg
3.jpg
4.jpg
5.jpg
6.png
           ᠤᠶᠢᠯᠠᠭᠠᠬᠰᠠᠨ ᠢᠶᠠᠷ᠂ ᠤᠯᠠᠭᠠᠨᠲᠣᠯᠤᠭᠠᠢ ᠪᠠᠯᠭᠠᠰᠤ ᠶᠢᠨ ᠬᠢᠨ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ  ᠪᠤᠬᠴᠦ︾ ᠶᠢ ᠨᠥᠭᠡᠴᠡᠯᠡᠬᠦ ᠠᠵᠢᠯ ᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠪᠣᠭᠴᠣᠨ ᠳᠣᠲᠣᠷᠠᠬᠢ ᠡᠳ᠋ ᠪᠣᠳᠠᠰ ᠤᠨ ᠲᠣᠬᠢᠷᠠᠭᠤᠯᠤᠯᠲᠠ ᠶᠢ ᠬᠢᠵᠢᠭ ᠤᠨ ᠪᠠᠶᠢᠳᠠᠯ ᠢ ᠦᠨᠳᠤᠰᠤᠯᠠᠨ ᠬᠥᠳᠡᠯᠦᠩᠭᠦᠢ ᠪᠠᠷ ᠰᠢᠯᠢᠳᠡᠭᠵᠢᠭᠦᠯᠦᠨ᠂ ᠬᠤᠭᠤᠴᠠᠭ᠎ᠠ ᠪᠦᠯᠦᠭ ᠬᠤᠪᠢᠶᠠᠬᠤ ᠠᠷᠭ᠎ᠠ ᠮᠠᠶ᠋ᠢᠭ ᠢᠶᠠᠷ ᠲᠠᠷᠬᠠᠭᠠᠵᠤ᠂ ᠬᠦᠴᠢᠷᠳᠡᠯᠲᠡᠢ ᠬᠥᠮᠥᠰ ᠤᠨ ᠬᠢᠵᠢᠭ ᠢ ᠰᠡᠷᠭᠡᠶᠢᠯᠡᠬᠦ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠨ ᠪᠠᠳᠤᠯᠠᠬᠤ ᠪᠠᠷ ᠴᠢᠷᠮᠠᠶᠢᠵᠤ ᠪᠠᠶᠢᠨ᠎ᠠ᠃                                ᠰᠤᠷᠪᠤᠯᠵᠢᠯᠠᠬᠴᠢ᠄ ᠰᠢᠩᠭᠦᠨᠳᠠᠯᠠᠢ   ᠴᠢᠮᠠᠭᠡᠯᠡᠭᠴᠢ᠄ ᠰᠡᠷᠭᠦᠯᠡᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ