ᠰᠢᠷᠬᠤᠰᠣᠨ ᠪᠠᠯᠭᠠᠰᠤᠨ ᠤ ᠨᠡᠶᠢᠭᠡᠮ ᠲᠣᠭᠤᠷᠢᠭ ᠤᠨ ᠨᠠᠰᠣᠳᠠᠳ ᠢ ᠠᠰᠠᠷᠠᠬᠤ ᠦᠢᠯᠡᠴᠢᠯᠡᠭᠡᠨ ᠤ ᠲᠥᠪ ᠨᠢ ᠨᠠᠰᠤᠲᠠᠶᠢᠴᠤᠳ ᠲᠤ ᠵᠣᠯ ᠵᠢᠷᠭᠠᠯ ᠡᠳ᠋ᠯᠠᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2023/1/5
      ᠣᠶᠢᠷ᠎ᠠ ᠶᠢᠨ ᠵᠢᠯ ᠠᠴᠠ ᠨᠠᠰᠢ᠂ ᠰᠢᠷᠬᠤᠰᠤᠨ ᠪᠠᠯᠭᠠᠰᠣ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ  ᠪᠠᠨ ᠲᠠᠰᠤᠷᠠᠯᠳᠠ ᠦᠭᠡᠢ ᠭᠦᠭᠵᠢᠭᠦᠯᠥᠨ ᠳᠡᠭᠡᠭᠰᠢᠯᠡᠭᠦᠯᠵᠥ ᠨᠠᠰᠣᠳᠠᠳ ᠢ ᠠᠰᠠᠷᠠᠬᠤ ᠦᠢᠯᠡᠴᠢᠯᠡᠭᠡᠨ ᠤ ᠲᠥᠪ ᠢ ᠪᠠᠶᠢᠭᠤᠯᠵᠤ ᠨᠠᠰᠤᠲᠠᠶᠢᠴᠤᠳ ᠲᠤ ᠵᠣᠯ ᠵᠢᠷᠭᠠᠯ ᠡᠳ᠋ᠯᠠᠭᠦᠯᠵᠤ ᠪᠠᠶᠢᠨ᠎ᠠ᠃      ᠡᠨᠡ ᠵᠢᠯ 74 ᠨᠠᠰᠤᠲᠠᠢ ᠮᠠ ᠵᠧᠩ ᠯᠢᠶᠠᠨ ᠪᠣᠯ ᠰᠢᠷᠬᠤᠰᠣᠨ ᠪᠠᠯᠭᠠᠰᠤᠨ ᠤ ᠣᠷᠳᠤᠪᠡᠶ᠎ᠡ ᠨᠡᠶᠢᠭᠡᠮ ᠲᠤᠭᠤᠶᠢᠭ ᠤᠨ ᠰᠠᠭᠤᠭᠠᠯᠢ ᠠᠷᠠᠳ ᠪᠠᠶᠢᠵᠤ᠂ ᠡᠳᠦᠷ ᠪᠦᠷᠢ ᠶᠢᠨ ᠦᠳᠡ ᠶᠢᠨ ᠡᠮᠦᠨ᠎ᠡ ᠶᠢᠨ 8 ᠴᠠᠭ ᠬᠠᠭᠠᠰ ᠲᠤ ᠲᠡᠷᠡ ᠴᠠᠭ ᠲᠤ ᠪᠠᠨ ᠨᠡᠶᠢᠭᠡᠮ ᠲᠣᠭᠤᠷᠢᠭ ᠤᠨ ᠨᠠᠰᠤᠳᠠᠨ ᠢ ᠠᠰᠠᠷᠠᠬᠤ ᠦᠢᠯᠡᠴᠢᠯᠡᠭᠡᠨ ᠤ ᠥᠷᠲᠡᠭᠡᠨ ᠳᠤ ᠬᠦᠷᠴᠦ ᠬᠦᠵᠦᠷ ᠨᠠᠭᠠᠳᠴᠤ ᠢᠯᠢᠵᠦ ᠨᠤᠭᠤᠯᠠᠬᠤ ᠪᠠ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠶᠠᠷᠢᠯᠴᠠᠨ ᠥᠳᠡᠯᠥᠭᠡ ᠨᠠᠰᠤᠨ ᠤ ᠠᠮᠢᠳᠤᠷᠠᠯ ᠢᠶᠠᠨ ᠪᠠᠶᠠᠯᠢᠭᠵᠢᠭᠤᠯᠵᠤ ᠭᠡᠷ ᠤᠨ ᠡᠭᠦᠳᠡᠨ ᠲᠡᠭᠡᠷ᠎ᠡ ᠪᠠᠨ ᠨᠠᠰᠤᠳᠠᠨ ᠢ ᠠᠰᠠᠷᠠᠬᠤ ᠣᠯᠠᠨ ᠶᠠᠩᠵᠤ ᠶᠢᠨ ᠦᠢᠯᠡᠴᠢᠯᠡᠭᠡ ᠶᠢ ᠭᠥᠷᠳᠡᠵᠤ ᠪᠤᠢ᠃
1.jpg
2.jpg
2.jpg
      ᠰᠢᠷᠬᠤᠰᠣᠨ ᠪᠠᠯᠭᠠᠰᠤᠨ ᠤ ᠣᠷᠳᠤᠪᠡᠶ᠎ᠡ ᠨᠡᠶᠢᠭᠡᠮ ᠲᠣᠭᠤᠷᠢᠭ ᠤᠨ ᠨᠠᠰᠣᠳᠠᠳ ᠢ ᠠᠰᠠᠷᠠᠬᠤ ᠥᠢᠯᠡᠴᠢᠯᠡᠭᠡᠨ ᠤ ᠥᠷᠲᠡᠭᠡ ᠪᠣᠯ ᠰᠢᠷᠬᠤᠰᠣᠨ ᠪᠠᠯᠭᠠᠰᠤᠨ  ᠤ ᠠᠷᠠᠳ ᠲᠤ ᠪᠤᠳᠠᠳᠤ ᠠᠵᠢᠯ ᠬᠢᠬᠦ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠣᠯ ᠵᠣᠶᠢᠯ ᠪᠠᠶᠢᠵᠤ᠂ ᠡᠨᠡ ᠵᠢᠯ ᠤᠨ 6 ᠰᠠᠷ᠎ᠠ ᠳᠤ ᠲᠤᠰ ᠥᠷᠲᠡᠭᠡ ᠠᠰᠢᠭᠯᠠᠯᠲᠠ ᠳᠤ ᠤᠷᠤᠵᠤ ᠦᠢᠯᠡᠴᠢᠯᠡᠭᠡᠨ ᠤ ᠥᠷᠲᠡᠭᠡᠨ ᠳᠤ ᠢᠯᠢᠵᠤ ᠨᠤᠬᠤᠯᠠᠬᠤ᠂ ᠪᠡᠶ᠎ᠡ ᠶᠢᠨ ᠪᠠᠶᠢᠴᠠᠭᠠᠯᠲᠠ ᠭᠢᠭᠦ ᠠᠴᠠ ᠭᠠᠳᠠᠨ᠎ᠠ ᠪᠠᠰᠠ ᠰᠢᠲᠠᠷ᠎ᠠ ᠶᠢᠨ ᠲᠠᠰᠤᠭ᠂ ᠬᠥᠳᠡᠯᠭᠡᠭᠡᠨ ᠤ ᠲᠠᠰᠤᠭ᠂ ᠰᠤᠪᠢᠯᠠᠯᠲᠠ ᠶᠢᠨ ᠲᠠᠰᠤᠭ᠂ ᠬᠥᠵᠥᠷ ᠤᠨ ᠲᠠᠰᠤᠭ ᠵᠡᠷᠭᠡ 12 ᠴᠢᠳᠠᠮᠵᠢ ᠶᠢᠨ ᠣᠷᠣᠨ ᠲᠤᠭᠢᠷᠠᠭᠤᠯᠵᠤ ᠤᠷᠳᠤᠪᠡᠶ᠎ᠡ ᠨᠡᠶᠢᠭᠡᠮ ᠲᠣᠭᠤᠷᠢᠭ ᠤᠨ ᠡᠷᠭᠢᠨ ᠲᠣᠭᠤᠷᠢᠨ ᠤ 60 ᠨᠠᠰᠤᠨ ᠠᠴᠠ ᠳᠡᠭᠡᠭᠰᠢᠬᠢ 400 ᠭᠠᠷᠤᠢ ᠨᠠᠰᠤᠲᠠᠶᠢᠴᠤᠳ ᠲᠤ ᠠᠮᠤᠷ ᠲᠦᠪᠰᠢᠨ ᠲᠠᠭᠠᠯᠠᠮᠵᠢᠲᠠᠢ ᠬᠠᠯᠠᠭᠤᠨ ᠳᠤᠯᠠᠭᠠᠨ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠬᠠᠩᠭᠠᠪᠠ᠃
4.jpg
5.jpg
       ᠣᠶᠢᠷ᠎ᠠ ᠶᠢᠨ ᠵᠢᠯ  ᠠᠴᠠ ᠨᠠᠰᠢ᠂ ᠰᠢᠷᠬᠤᠰᠣᠨ ᠪᠠᠯᠭᠠᠰᠤ ᠬᠠᠷᠢᠶᠠᠲᠤ ᠣᠷᠣᠨ ᠤ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠥᠨᠳᠤᠰᠤᠯᠡᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠲᠥᠬᠦᠭᠡᠷᠦᠮᠵᠢ ᠶᠢ ᠰᠢᠯᠢᠳᠡᠭᠵᠢᠭᠦᠯᠬᠦ ᠥᠢᠯᠡᠴᠢᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠪᠥᠬᠦ ᠲᠠᠯ᠎ᠠ ᠶᠢᠨ᠂ ᠨᠠᠩ ᠲᠤᠰᠬᠠᠶ ᠮᠡᠷᠭᠡᠵᠢᠯ ᠤᠨ᠂ ᠨᠠᠩ ᠪᠦᠷᠢᠨ ᠭᠥᠢᠴᠡᠳ ᠥᠢᠯᠡᠴᠢᠯᠡᠭᠡ ᠶᠢ ᠡᠳ᠋ᠯᠡᠭᠦᠯᠵᠦ ᠨᠠᠰᠤᠳᠠᠨ ᠢ ᠠᠰᠠᠷᠠᠬᠤ ᠥᠢᠯᠡᠴᠢᠯᠡᠭᠡᠨ ᠤ ᠲᠥᠬᠦᠭᠡᠷᠦᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ  ᠠᠬᠢᠭᠤᠯᠵᠤ ᠨᠠᠰᠤᠳᠠᠨ ᠢ ᠠᠰᠠᠷᠠᠬᠤ ᠥᠢᠯᠡᠰ ᠤᠨ ᠪᠥᠬᠦ ᠲᠠᠯ᠎ᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠭᠢᠭᠤᠯᠤᠭᠰᠠᠨ ᠪᠠᠶᠢᠨ᠎ᠠ᠃      ᠰᠢᠷᠬᠤᠰᠣᠨ ᠪᠠᠯᠭᠠᠰᠤᠨ ᠤ ᠣᠷᠳᠤᠪᠡᠶ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠰᠧ ᠪᠢᠩ ᠪᠢᠩ᠄ ︽ᠲᠠᠷᠠᠭᠠᠴᠢ ᠶᠢᠨ ᠠᠯᠬᠤᠮ ᠳᠤ ᠮᠠᠨ ᠤ ᠨᠡᠶᠢᠭᠡᠮ ᠲᠣᠭᠤᠷᠢᠭ ᠤᠨ ᠬᠢᠨ ᠨᠠᠰᠤᠳᠠᠶᠢᠴᠤᠳ ᠲᠤ ᠲᠥᠬᠦᠮ ᠥᠵᠠᠭᠦᠯᠭᠦ ᠬᠤᠭᠤᠯᠠᠨ ᠭᠡᠷ ᠪᠠᠶᠢᠭᠤᠯᠬᠤ ᠶᠢᠨ ᠬᠠᠮᠲᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠲᠠᠢ ᠬᠠᠷᠢᠯᠴᠠᠵᠤ ᠪᠠᠶᠢᠭᠠᠳ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠭᠢᠴᠢᠶᠠᠯ ᠤᠷᠤᠭᠤᠭᠤᠯᠤᠨ ᠦᠢᠯᠡᠴᠢᠯᠡᠬᠡᠨ ᠤ ᠥᠷᠲᠡᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠨᠠᠰᠤᠲᠠᠶᠢᠴᠤᠳ ᠲᠤ ᠲᠤᠰᠬᠠᠶ ᠮᠡᠷᠭᠡᠵᠢᠯ ᠤᠨ ᠵᠦᠶ ᠵᠣᠬᠢᠰᠲᠠᠶ ᠥᠪᠡᠷᠮᠢᠴᠡ ᠦᠢᠯᠡᠴᠢᠯᠡᠭᠡ ᠶᠢ ᠡᠳ᠋ᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠦ ᠪᠠᠶᠢᠪᠠ᠃                                            ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ