ᠤᠷᠴᠢᠮ ᠤᠨ ᠵᠢᠯ ᠤᠳ ᠠᠴᠠ ᠦᠪᠡᠷ ᠤᠨ ᠠᠵᠢᠯ ᠠᠮᠢᠳᠤᠷᠠᠯ᠂ ᠳᠤᠷ᠎ᠠ ᠰᠤᠨᠢᠷᠬᠠᠯ᠂ ᠭᠦᠰᠡᠯ ᠮᠦᠷᠦᠭᠡᠳᠦᠯ ᠢᠶᠠᠷ ᠢᠶᠠᠨ ᠨᠤᠲᠤᠭ ᠲᠠᠭᠠᠨ ᠪᠤᠴᠠᠨ | ᠦᠢᠯᠡᠰ ᠡᠷᠬᠢᠯᠡᠵᠤ ᠶᠠᠪᠤᠭ᠎ᠠ ᠵᠠᠯᠠᠭᠤᠴᠤᠳ ᠤᠯᠠᠰᠢᠷᠠᠵᠠᠢ᠃ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠤᠯᠠᠭᠠᠠᠭᠦᠤ ᠨᠤᠳᠤᠭ ᠲᠤ ᠪᠠᠨ | ᠪᠤᠴᠠᠵᠤ ᠤᠳᠤᠬᠢᠴᠢᠯᠠᠭᠰᠠᠨ ᠮᠠᠯᠵᠢᠯ ᠤᠨ ᠠᠷᠭ᠎ᠠ ᠭᠡᠯᠪᠡᠷᠢ ᠪᠠᠷ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃ | ᠭᠥᠬᠡᠬᠡ ᠡᠪᠤᠯ ᠤᠨ ᠦᠷᠯᠦᠭᠡ ᠶᠢᠨ ᠬᠦᠢᠳᠡᠨ ᠠᠭᠤᠷ ᠠᠮᠢᠰᠬᠤᠯ ᠬᠠᠴᠡᠷ ᠵᠦᠰᠦᠵᠦ ᠪᠠᠶᠢᠭᠰᠠᠨ ᠴᠤ ᠤᠯᠠᠭᠠᠠᠭᠦᠤ ᠵᠤᠷᠰᠢᠯ ᠶᠤᠰᠤᠭᠠᠷ ᠦᠭᠡᠷ ᠬᠤᠨᠢ | ᠪᠠᠨ ᠲᠡᠵᠢᠭᠡᠨ ᠪᠤᠷᠳᠤᠬᠤ ᠪᠠᠷ ᠶᠠᠭᠠᠷᠠᠵᠤ ᠪᠠᠶᠢᠯ᠎ᠠ᠃ | 2018 ᠤᠨ ᠳᠤ ᠤᠯᠠᠭᠠᠠᠭᠦᠤ ᠶᠡᠭᠡ ᠰᠤᠷᠭᠠᠭᠤᠯᠢ ᠪᠠᠨ ᠲᠡᠭᠦᠰᠭᠡᠭᠡᠳ ᠰᠤᠷᠤᠭᠰᠠᠨ ᠮᠡᠷᠭᠡᠵᠢᠯ ᠢᠶᠠᠨ ᠠᠰᠢᠭᠯᠠᠨ ᠬᠦᠳᠡᠭᠡ ᠨᠣᠳᠤᠭ ᠢᠶᠠᠨ ᠪᠦᠳᠤᠭᠡᠨ | ᠪᠠᠶᠢᠭᠤᠯᠬᠤ ᠪᠠᠷ ᠵᠣᠷᠢᠭ ᠰᠢᠭᠤᠳᠴᠤ 2019 ᠣᠨ ᠳᠤ ᠨᠤᠳᠤᠭ ᠲᠤ ᠪᠠᠨ ᠪᠤᠴᠠᠨ ᠤᠯᠠᠮᠵᠢᠯᠠᠯᠲᠤ ᠮᠠᠯᠵᠢᠯ ᠤᠨ ᠠᠷᠭ᠎ᠠ ᠭᠡᠯᠪᠡᠷᠢ ᠪᠠᠨ ᠬᠤᠪᠢᠷᠠᠭᠤᠯᠵᠤ | ᠨᠤᠳᠤᠭ ᠤᠨ ᠦᠭᠡᠷ ᠤᠨ ᠢᠶᠠᠨ ᠡᠭᠦᠯᠳᠡᠷ ᠰᠡᠶᠢᠵᠢᠷᠠᠭᠤᠯᠵᠤ ᠡᠬᠢᠯᠡᠭᠰᠡᠨ ᠤ ᠬᠠᠮᠳᠤ ᠬᠤᠷᠰᠢᠶᠠᠵᠢᠯ ᠤᠨ ᠭᠡᠯᠪᠡᠷᠢ ᠪᠠᠷ ᠦᠬᠡᠷ ᠬᠤᠨᠢᠨ ᠤ ᠮᠢᠬ᠎ᠠ ᠶᠢ ᠭᠠᠳᠠᠭᠰᠢ | ᠪᠤᠷᠤᠯᠠᠭᠤᠯᠵᠤ ᠠᠵᠤ ᠠᠬᠤᠢ ᠶᠢᠨ ᠠᠰᠢᠭ ᠤᠯᠵᠤ ᠪᠠᠶᠢᠨ᠎ᠠ᠃ | ᠤᠯᠠᠭᠠᠠᠭᠦᠤ ᠡᠨᠡ ᠵᠢᠯ ᠠᠴᠠ ᠡᠬᠢᠯᠡᠵᠦ ᠦᠪᠡᠷ ᠤᠨ ᠲᠡᠵᠢᠭᠡᠭᠰᠡᠨ ᠤᠷᠳᠤᠰ ᠨᠠᠷᠢᠨ ᠨᠤᠤᠰᠤᠳᠤ ᠬᠤᠨᠢᠨ ᠮᠢᠬ᠎ᠠ ᠪᠠ ᠤᠶᠢᠷ᠎ᠠ ᠬᠠᠪᠢ ᠶᠢᠨ | ᠠᠶᠢᠯ ᠤᠳ ᠤᠨ ᠮᠠᠯ ᠤᠨ ᠮᠢᠬ᠎ᠠ ᠶᠢ ᠬᠤᠳᠠᠯᠳᠤᠨ ᠠᠪᠤᠭᠠᠳ ᠤᠷᠳᠤᠰ ᠤᠨ ᠲᠤᠯᠤᠭᠠᠨ ᠬᠤᠰᠢᠭᠤ᠂ ᠬᠦᠬᠡᠬᠤᠳᠠ ᠵᠢᠴᠢ ᠭᠠᠳᠠᠨ᠎ᠠ ᠮᠤᠵᠢ ᠤᠷᠤᠨ ᠳᠤ | ᠲᠦᠷᠭᠡᠨ ᠭᠤᠪᠢᠭᠤᠯᠭ᠎ᠠ ᠪᠠᠷ ᠬᠤᠨᠢᠨ ᠮᠢᠬ᠎ᠠ ᠶᠢ ᠭᠠᠳᠠᠭᠰᠢ ᠬᠤᠳᠠᠯᠳᠠᠵᠤ ᠪᠠᠶᠢᠨ᠎ᠠ᠃ | ᠤᠯᠠᠭᠠᠠᠭᠦᠤ ᠣᠳᠣ ᠦᠬᠡᠷ ᠬᠤᠨᠢ ᠪᠠᠨ ᠲᠡᠵᠢᠭᠡᠨ ᠪᠤᠷᠳᠤᠬᠤ᠂ ᠤᠰᠤᠯᠠᠬᠤ ᠵᠡᠷᠭᠡ ᠲᠠᠯ᠎ᠠ ᠪᠠᠷ ᠦᠨᠳᠤᠰᠤᠨ ᠳᠤ ᠪᠠᠨ ᠤᠳᠤᠬᠢᠴᠢᠯᠠᠯᠳᠡ ᠶᠢ | ᠪᠡᠶᠡᠯᠡᠭᠦᠯᠵᠦ ᠴᠢᠳᠠᠭᠰᠠᠨ ᠮᠦᠷᠳᠡᠭᠡᠨ ᠬᠤᠵᠢᠮ ᠤᠶᠢᠷ᠎ᠠ ᠬᠠᠪᠢ ᠶᠢᠨ ᠠᠶᠢᠯ ᠡᠷᠤᠭᠡ ᠪᠠᠨ ᠲᠠᠶᠢᠴᠢᠯᠠᠵᠤ ᠬᠠᠮᠳᠤ ᠪᠠᠷ ᠪᠠᠶᠠᠵᠢᠨ ᠴᠢᠨᠡᠭᠡᠯᠢᠭᠵᠢᠭᠦ ᠬᠦᠰᠡᠯ ᠲᠠᠢ | ᠰᠢᠭᠤᠷᠬᠠᠢ ᠠᠵᠢᠯᠯᠠᠵᠤ ᠪᠠᠶᠢᠨ᠎ᠠ᠃ | | ᠰᠤᠷᠪᠤᠯᠵᠢᠯᠠᠭᠴᠢ᠄ ᠪᠤᠶᠠᠨᠳᠤ | | |