ᠲᠥᠯᠥᠭᠡᠯᠡᠭᠴᠢ ᠯᠢ ᠶᠠᠨ ᠫᠢᠩ᠄ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/1/9
      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢᠶᠠᠷ ᠬᠤᠰᠢᠭᠤᠴᠢ ᠴᠡᠷᠢᠭ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠣᠯ ᠬᠦᠴᠦᠨ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠰᠢᠨ᠎ᠡ ᠬᠦᠴᠦᠨ ᠪᠣᠯᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠦᠢᠯᠡᠰ ᠤᠨ ᠪᠦᠯᠦᠭᠯᠡᠯ ᠢ ᠲᠦᠷᠭᠡᠪᠴᠢᠯᠡᠨ ᠪᠤᠶ ᠪᠣᠯᠭᠠᠨ᠎ᠠ ᠭᠡᠵᠦ ᠳᠤᠷᠠᠳᠴᠠᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠶᠠᠨ ᠫᠢᠩ᠄ ︽ᠡᠨᠡ ᠨᠢ ᠮᠠᠨ ᠤ ᠾᠧᠩ ᠱᠧᠩ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠤᠮᠫᠠᠨᠢ ᠮᠡᠲᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠠᠪᠴᠤ ᠬᠡᠯᠡᠪᠡᠯ ᠮᠠᠰᠢ ᠰᠠᠶᠢᠨ ᠮᠡᠳᠡᠭᠡ ᠪᠣᠯᠬᠤ ᠶᠤᠮ᠃ ᠲᠠᠷᠠᠭᠠᠴᠢ ᠶᠢᠨ ᠠᠯᠬᠤᠮ ᠳᠤ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠨᠠᠬᠰᠢᠳᠠ ᠨᠡᠮᠡᠭᠳᠡᠭᠦᠯᠵᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠣᠷᠴᠢᠯᠳᠤᠭᠤᠯᠤᠨ ᠠᠰᠢᠭᠯᠠᠬᠤ ᠶᠢ ᠳᠡᠭᠡᠭᠰᠢᠯᠡᠭᠦᠯᠦᠨ ᠮᠠᠯᠴᠢᠨ ᠲᠠᠷᠢᠶᠠᠴᠢᠨ ᠳᠤ ᠰᠢᠷᠣᠢ ᠰᠢᠯᠭᠠᠨ ᠬᠡᠮᠵᠢᠬᠦ ᠦᠢᠯᠡᠴᠢᠯᠡᠭᠡ ᠬᠠᠩᠭᠠᠵᠤ ᠲᠤᠬᠠᠢ ᠶᠢᠨ ᠭᠠᠵᠠᠷ ᠤᠨ ᠬᠥᠷᠥᠰᠥ ᠰᠢᠷᠣᠢ ᠳᠤ ᠲᠣᠬᠢᠷᠠᠬᠤ ᠠᠮᠢᠳᠤ ᠪᠣᠳᠠᠰ ᠤᠨ ᠣᠷᠭᠠᠨᠢᠭ ᠪᠣᠷᠳᠣᠭᠤᠷ ᠦᠢᠯᠡᠳᠪᠦᠷᠢᠯᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠰᠠᠶᠢᠨ ᠪᠣᠷᠳᠣᠭᠤᠷ ᠣᠷᠣᠭᠤᠯᠬᠤ᠂ ᠰᠠᠶᠢᠨ ᠲᠠᠷᠢᠶ᠎ᠠ ᠳᠠᠷᠢᠬᠤ ᠪᠠ ᠥᠨᠳᠥᠷ ᠠᠰᠢᠭ ᠣᠯᠬᠤ ᠬᠠᠷᠠᠯᠲᠠ ᠶᠢ ᠪᠡᠶᠡᠯᠡᠭᠦᠯᠵᠦ ᠣᠷᠳᠣᠰ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠪᠡ᠃                                       ︵2023 ᠤᠨ ᠤ ᠤᠷᠳᠤᠰ ᠬᠤᠲᠠ ᠶᠢᠨ ︽ᠬᠤᠶᠠᠷ ᠬᠤᠷᠠᠯ︾ ᠲᠡᠭᠡᠷ᠎ᠡ︶ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ