ᠭᠡᠰᠢᠭᠦᠨ ᠤᠳᠬᠠᠨᠨᠤᠷᠪᠤ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/1/9
      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 300 ᠬᠥᠮᠥᠷᠭᠡ ᠳᠤ ᠣᠷᠣᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠳᠡᠮᠵᠢᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 25% ᠪᠠᠷ ᠨᠡᠮᠡᠭᠳᠡᠭᠦᠯᠦᠨ᠎ᠡ ᠭᠡᠵᠤ ᠲᠤᠷᠠᠳᠤᠭᠰᠠᠨ ᠪᠠᠶᠢᠨ᠎ᠠ᠃ ᠡᠨᠡ ᠨᠢ ᠴᠠᠭᠠᠨ ᠢᠳᠡᠭᠡᠨ ᠤ ᠦᠢᠯᠡᠳᠪᠦᠷᠢᠯᠡᠯ ᠬᠢᠵᠦ ᠪᠠᠶᠢᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠳᠬᠠᠨᠨᠤᠷᠪᠤ ᠶᠢ ᠶᠡᠭᠡ ᠪᠠᠷ ᠵᠣᠷᠢᠭᠵᠢᠭᠤᠯᠵᠠᠢ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠳᠬᠠᠨᠨᠤᠷᠪᠤ᠄ ︽ᠥᠨᠥᠳᠥᠷ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠠᠵᠤ ᠠᠬᠤᠶᠢᠯᠠᠯ ᠤᠨ ᠬᠥᠭᠵᠢᠯᠲᠡ ᠶᠢ ᠣᠨᠴᠠᠭᠠᠶᠢᠯᠠᠨ ᠳᠤᠷᠠᠳᠤᠭᠰᠠᠨ ᠨᠢ ᠪᠢᠳᠡᠨ ᠳᠤ ᠮᠠᠰᠢ ᠶᠡᠭᠡ ᠢᠲᠡᠭᠡᠯ ᠵᠣᠷᠢᠭ ᠣᠯᠭᠤᠭᠰᠠᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠡᠩ ᠲᠡᠷᠢᠭᠦᠨ ᠳᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ ᠮᠠᠯᠵᠢᠬᠤ ᠲᠠᠷᠢᠶᠠᠯᠠᠬᠤ ᠡᠷᠦᠬᠡ + ᠬᠤᠷᠰᠢᠶ᠎ᠠ + ᠺᠣᠮᠫᠠᠨᠢ ᠶᠢᠨ ᠵᠠᠭᠪᠤᠷ ᠢᠶᠠᠷ ᠨᠢᠭᠡᠳᠦᠭᠡᠷ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠤᠶᠠᠳᠤᠭᠠᠷ ᠲᠤ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠳᠡᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠠᠵᠢᠯᠯᠠᠬᠤ ᠪᠠᠷ ᠳᠠᠮᠵᠢᠭᠤᠯᠤᠨ ᠰᠢᠷᠠᠰᠤ ᠶᠢᠨ ᠦᠢᠯᠡᠳᠦᠯ ᠪᠠ ᠴᠢᠳᠠᠮᠵᠢ ᠶᠢ ᠰᠤᠳᠤᠯᠵᠤ ᠮᠠᠨ ᠤ ᠪᠦᠲᠦᠭᠡᠭᠳᠡᠬᠦᠨ ᠤ ᠪᠠᠨ ᠨᠡᠮᠡᠯᠲᠡ ᠦᠷᠳᠡᠭ ᠢ ᠨᠡᠮᠡᠭᠳᠡᠭᠦᠯᠦᠨ᠎ᠡ᠃ ᠭᠤᠷᠪᠠᠳᠤᠭᠠᠷ ᠲᠤ᠂ ᠮᠠᠨ ᠤ ᠡᠵᠡᠩᠨᠡᠯᠲᠡ ᠪᠣᠷᠤᠯᠠᠭᠤᠯᠭ᠎ᠠ ᠶᠢᠨ ᠳᠡᠯᠭᠡᠷᠡᠭᠦᠯᠦᠯᠲᠡ ᠶᠢᠨ ᠲᠠᠯ᠎ᠠ ᠪᠠᠷ ᠵᠠᠷᠢᠮ ᠰᠢᠨ᠎ᠡ ᠡᠭᠦᠳᠦᠯᠲᠡ ᠬᠢᠵᠦ᠂ ᠤᠯᠠᠮᠵᠢᠯᠠᠯᠲᠤ ᠡᠯᠧᠺᠲᠷᠣᠨ ᠬᠤᠳᠠᠯᠳᠤᠭ᠎ᠠ + ᠰᠢᠭᠤᠳ ᠨᠡᠪᠲᠡᠷᠡᠭᠦᠯᠭᠡ᠂ ᠰᠢᠨ᠎ᠡ ᠬᠡᠯᠪᠡᠷᠢ ᠶᠢᠨ ᠡᠯᠧᠺᠲᠷᠣᠨ ᠬᠤᠳᠠᠯᠳᠤᠭ᠎ᠠ ᠶᠢ ᠤᠶᠠᠯᠳᠤᠭᠤᠯᠬᠤ ᠪᠠᠷ ᠳᠠᠮᠵᠢᠭᠤᠯᠤᠨ ᠮᠠᠨ ᠤ ᠲᠤᠬᠠᠢ ᠶᠢᠨ ᠭᠠᠵᠠᠷ ᠤᠨ ᠣᠷᠣᠨ ᠨᠤᠲᠤᠭ ᠤᠨ ᠣᠨᠴᠠᠯᠢᠭᠲᠤ ᠰᠦᠨ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠳᠡᠯᠭᠡᠷᠡᠭᠦᠯᠦᠨ᠎ᠡ︾ ᠬᠡᠪᠡ᠃                        ︵2023 ᠤᠨ ᠤ ᠤᠷᠳᠤᠰ ᠬᠤᠲᠠ ᠶᠢᠨ ︽ᠬᠤᠶᠠᠷ ᠬᠤᠷᠠᠯ︾ ᠲᠡᠭᠡᠷ᠎ᠡ︶ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ