ᠭᠡᠰᠢᠭᠦᠨ ᠼᠤᠤ ᠨᠢ ᠨᠢ᠄ ᠨᠠᠷᠠᠲᠤ ᠲᠡᠮᠳᠡᠭ ᠢ ᠨᠡᠭᠡᠭᠡᠨ ᠬᠥᠭᠵᠢᠭᠦᠯᠵᠦ ᠥᠷᠢᠰᠦᠯᠳᠦᠬᠦ ᠬᠦᠴᠦᠨ ᠲᠠᠢ ᠰᠣᠳᠣᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠪᠣᠶ ᠪᠤᠯᠭᠠᠨ᠎ᠠ
ᠨᠡᠶᠢᠲᠡᠯᠡᠭᠰᠡᠨ ᠴᠠᠭ᠄
2023/1/9
      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠤ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠴᠢᠩᠭᠠᠳᠬᠠᠵᠤ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠯᠴᠠᠭᠠᠨ ᠤ ᠲᠠᠪᠴᠠᠩ ᠢ ᠡᠷᠭᠢᠯᠡᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠂ ᠡᠨᠡ ᠨᠢ ᠰᠣᠶᠣᠯ ᠵᠢᠭᠤᠯᠴᠢᠯᠠᠯ ᠤᠨ ᠠᠵᠢᠯ ᠢ ᠡᠷᠭᠢᠯᠡᠨ ᠬᠢᠵᠦ ᠪᠠᠶᠢᠭ᠎ᠠ ᠼᠤᠤ ᠨᠢ ᠨᠢ ᠶᠢ ᠮᠠᠰᠢ ᠤᠷᠮᠠᠰᠢᠭᠤᠯᠵᠤ᠂ ᠲᠡᠳᠡᠨ ᠤ ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠼᠤᠤ ᠨᠢ ᠨᠢ᠄ ︽ᠪᠢᠳᠡ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠰᠢᠷᠬᠤᠰᠤ ᠶᠢᠨ ᠦᠵᠡᠮᠵᠢ ᠶᠢᠨ ᠣᠷᠣᠨ ᠤ 5A ᠲᠠᠰ ᠤᠨ ᠳᠡᠭᠡᠭᠰᠢᠯᠡᠭᠦᠯᠬᠦ ︵ᠥᠭᠡᠷᠡᠴᠢᠯᠡᠬᠦ︶ ᠠᠵᠢᠯ ᠢ ᠴᠢᠩᠭᠠᠳᠬᠠᠬᠤ ᠶᠢᠨ ᠬᠠᠮᠲᠤ ᠭᠡᠷ ᠤᠨ ᠡᠭᠦᠳᠡᠨ ᠳᠠᠬᠢ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠰᠢᠷᠬᠤᠰᠤ ᠶᠢᠨ ᠨᠠᠷᠠᠲᠤ ᠲᠡᠮᠳᠡᠭ ᠢ ᠨᠡᠭᠡᠭᠡᠨ ᠬᠥᠭᠵᠢᠭᠦᠯᠵᠦ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠰᠣᠳᠣᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠷᠬᠡᠭᠵᠢᠭᠦᠯᠦᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠳᠤ ᠨᠠᠩ ᠰᠠᠶᠢᠨ ᠦᠢᠯᠡᠴᠢᠯᠡᠨ᠎ᠡ︾ ᠭᠡᠵᠡᠢ᠃                      ︵2023 ᠤᠨ ᠤ ᠤᠷᠳᠤᠰ ᠬᠤᠲᠠ ᠶᠢᠨ ︽ᠬᠤᠶᠠᠷ ᠬᠤᠷᠠᠯ︾ ᠲᠡᠭᠡᠷ᠎ᠡ︶ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ