ᠮᠠᠨ ᠤ ᠬᠤᠰᠢᠭᠤ 9323 ᠲᠦᠮᠡᠨ ᠲᠥᠭᠦᠷᠢᠭ ᠤᠨ ᠪᠡᠯᠡ ᠤᠷᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠮᠠᠯᠴᠢᠨ ᠲᠠᠷᠢᠶᠠᠴᠢᠨ ᠳᠤ ᠠᠵᠠ ᠵᠢᠷᠭᠠᠯ ᠤᠯᠭᠤᠵᠤ ᠪᠠᠶᠢᠨ᠎ᠠ
ᠨᠡᠶᠢᠲᠡᠯᠡᠭᠰᠡᠨ ᠴᠠᠭ᠄
2023/1/9
      ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠶᠠᠳᠠᠭᠤ ᠠᠴᠠ ᠠᠩᠭᠢᠵᠢᠷᠠᠭᠤᠯᠵᠦ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ ᠥᠷᠭᠡᠨ ᠣᠯᠠᠨ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠵᠠᠮ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ ᠮᠠᠯ ᠲᠠᠷᠢᠶᠠᠯᠠᠩ ᠠᠵᠤ ᠠᠬᠤᠢ ᠶᠢᠨ ᠴᠡᠴᠡᠭᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ 2022 ᠣᠨ ᠳᠤ ᠮᠠᠨ ᠤ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃     Y013 ᠲᠤᠯᠢ ᠠᠴᠠ ᠤᠯᠠᠭᠠᠨᠨᠠᠭᠤᠷ ᠬᠦᠷᠬᠦ ᠵᠠᠰᠠᠮᠠᠯ ᠵᠠᠮ ᠪᠣᠯᠣᠨ X644 ᠮᠤᠤᠪᠤᠯᠠᠭ ᠠᠴᠠ ᠰᠢᠷᠬᠤᠰᠤᠨ ᠪᠠᠯᠭᠠᠰᠤ ᠬᠦᠷᠬᠦ ᠰᠢᠨᠡᠭᠡᠨ ᠵᠠᠰᠠᠬᠰᠠᠨ ᠵᠠᠰᠠᠮᠠᠯ ᠵᠠᠮ ᠲᠤᠷᠠᠶᠢᠨ ᠬᠠᠷᠠᠭᠳᠠᠨ᠎ᠠ᠃ ᠰᠢᠨ᠎ᠡ ᠵᠠᠰᠠᠮᠠᠯ ᠵᠠᠮ ᠨᠢ ᠲᠡᠭᠰᠢ ᠮᠦᠷᠳᠡᠭᠡᠨ ᠥᠷᠭᠡᠨ ᠠᠭᠤᠳᠠᠮ ᠪᠠᠶᠢᠵᠤ ᠬᠤᠷᠳᠤᠴᠠ ᠪᠠᠭᠤᠷᠠᠭᠤᠯᠬᠤ ᠪᠦᠰᠡ᠂ ᠬᠤᠷᠳᠤᠴᠠ ᠪᠠᠭᠤᠷᠠᠭᠤᠯᠬᠤ ᠵᠠᠮ᠂ ᠬᠠᠯᠬᠠᠪᠴᠢ ᠬᠡᠷᠡᠰᠬᠡ᠂ ᠲᠡᠮᠳᠡᠭ ᠫᠠᠶᠢᠰᠠ ᠵᠡᠷᠭᠡ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠳᠣᠲᠣᠨᠣᠰᠤᠭ ᠢᠶᠠᠷ ᠪᠠᠶᠢᠷᠢᠯᠠᠭᠤᠯᠵᠠᠢ᠃     ᠭᠠᠯᠠᠭᠤᠳᠤ ᠪᠠᠯᠭᠠᠰᠤᠨ ᠤ ᠪᠠᠶᠠᠨᠴᠠᠶᠢᠳᠠᠮ ᠲᠣᠰᠬᠤᠨ ᠤ ᠠᠷᠠᠳ ᠯᠢᠦ ᠶᠠᠨ ᠫᠢᠩ᠄ ︽ᠮᠠᠨ ᠤ ᠠᠳᠡᠬᠢ ᠱᠦᠢᠨᠢ ᠵᠠᠮ ᠬᠦᠨᠳᠦ ᠨᠣᠴᠢᠲᠠᠢ ᠡᠪᠳᠡᠭᠳᠡᠨ ᠡᠩᠬᠦᠯ ᠳᠤᠩᠬᠤᠯ ᠪᠣᠯᠵᠤ ᠠᠷᠠᠳ ᠤᠯᠠᠨ ᠤ ᠶᠠᠪᠤᠵᠤ ᠰᠠᠭᠤᠬᠤ ᠳᠤ ᠲᠤᠩ ᠳᠥᠭᠦᠮ ᠦᠭᠡᠢ ᠪᠣᠯᠵᠠᠢ᠃ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠪᠢᠳᠡᠨ ᠳᠤ ᠡᠨᠡ ᠬᠦ ᠰᠢᠨ᠎ᠡ ᠴᠠᠷᠳᠠᠮᠠᠯ ᠵᠠᠮ ᠢ ᠵᠠᠰᠠᠵᠤ ᠥᠭᠭᠦᠭᠰᠡᠨ ᠠᠴᠠ ᠨᠠᠰᠢ ᠮᠠᠨ ᠤ ᠠᠷᠠᠳ ᠢᠷᠭᠡᠳ ᠤᠨ ᠣᠷᠣᠵᠤ ᠭᠠᠷᠬᠤ ᠳᠤ ᠮᠠᠰᠢ ᠶᠡᠭᠡ ᠲᠦᠭᠦᠮ ᠦᠵᠡᠭᠦᠯᠵᠦ ᠮᠠᠨ ᠤ ᠠᠷᠠᠳ ᠲᠦᠮᠡᠨ ᠨᠠᠮᠤᠷ ᠤᠨ ᠤᠯᠠᠷᠢᠯ ᠳᠤ ᠡᠷᠳᠡᠨᠢ ᠰᠢᠰᠢ ᠬᠤᠳᠠᠯᠳᠤᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ ᠪᠠᠶᠢᠨ᠎ᠠ᠂ ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠰᠠᠶᠢᠨ ᠴᠠᠷᠳᠠᠮᠠᠯ ᠵᠠᠮ ᠵᠠᠰᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ︾ ᠬᠡᠵᠦ ᠪᠠᠶᠢᠪᠠ᠃
2.jpg
1.png
3.png
      ᠵᠤᠷᠪᠤᠰ ᠵᠤᠷᠪᠤᠰ ᠵᠠᠰᠠᠮᠠᠯ ᠵᠠᠮ ᠨᠢ ᠬᠤᠳᠠ ᠬᠥᠳᠡᠭᠡ ᠶᠢ ᠬᠤᠯᠪᠣᠭᠰᠠᠨ ᠲᠡᠳᠦᠢ ᠦᠬᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠷᠠᠭᠤᠯ ᠳᠠᠷᠳᠠᠩ ᠵᠠᠮ ᠪᠣᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠤᠯᠠᠮ ᠴᠢᠨᠠᠭᠰᠢᠳᠠ ᠲᠦᠷᠭᠡᠳᠬᠡᠵᠦ ᠮᠠᠯᠴᠢᠨ ᠲᠠᠷᠢᠶᠠᠴᠢᠨ ᠳᠤ ᠪᠠᠶᠠᠵᠢᠬᠤ ᠬᠦᠰᠡᠯ ᠡᠷᠡᠮᠡᠯᠵᠡᠯ ᠣᠯᠭᠤᠭᠰᠠᠨ ᠢᠶᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠳᠥᠭᠦᠮ ᠳᠥᠲᠡ ᠪᠤᠯᠵᠤ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃     ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠲᠣᠪᠴᠢᠶᠠᠨ ᠳᠡᠳ᠋ ᠳᠠᠷᠤᠭ᠎ᠠ ᠨᠢᠦ ᠳ᠋ᠦᠩ ᠢ᠄ ︽ᠡᠨᠡ ᠵᠢᠯ ᠠᠴᠠ ᠨᠠᠰᠢ ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠲᠣᠪᠴᠢᠶ᠎ᠠ ︿ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠡᠷᠭᠡ ᠳᠡᠰ ᠢ ᠳᠡᠭᠡᠭᠰᠢᠯᠡᠭᠦᠯᠬᠦ᠂ ᠵᠠᠮ ᠢ ᠲᠡᠭᠦᠯᠳᠡᠷᠵᠢᠭᠦᠯᠬᠦ᠂ ᠨᠢᠭᠲᠠᠴᠠ ᠶᠢ ᠨᠡᠮᠡᠭᠳᠡᠭᠦᠯᠬᠦ᠂ ᠭᠠᠷᠬᠤ ᠠᠮᠠ ᠶᠢ ᠨᠡᠪᠲᠡᠷᠡᠭᠦᠯᠬᠦ﹀ ᠶᠡᠷᠦᠩᠬᠡᠢ ᠠᠵᠢᠯ ᠤᠨ ᠰᠡᠳᠬᠢᠴᠡ ᠶᠣᠰᠣᠭᠠᠷ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ 21 ᠪᠠᠶᠢᠵᠤ᠂ ᠵᠠᠰᠠᠮᠠᠯ ᠵᠠᠮ ᠤᠨ ᠶᠡᠷᠦᠩᠬᠡᠢ ᠣᠷᠳᠣ ᠨᠢ 287.42 ᠺᠢᠯᠣᠮᠧᠲᠷ ᠲᠤ ᠬᠦᠷᠴᠦ᠂ ᠪᠥᠬᠦ ᠤᠯᠤᠰ ᠤᠨ ︿ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ﹀ ᠤᠨ ᠵᠢᠱᠢᠶᠡᠴᠢ ᠰᠢᠶᠠᠨ ᠢᠶᠠᠷ ᠦᠨᠡᠯᠡᠭᠳᠡᠵᠦ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠲᠤᠯᠠᠬᠤ᠂ ᠪᠥᠬᠦ ᠤᠯᠤᠰ ᠤᠨ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ︾ ᠬᠡᠪᠡ᠃     ᠣᠶᠢᠯᠠᠭᠠᠭᠰᠠᠨ ᠢᠶᠠᠷ᠂ 2022 ᠣᠨ ᠳᠤ ᠮᠠᠨ ᠤ ᠬᠤᠰᠢᠭᠤᠨ ᠤ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ 21 ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠳᠠᠬᠢ 16 ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠰᠢᠭᠤᠨ ᠤ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠷᠠᠳ ᠤᠨ ᠲᠦᠯᠦᠭᠡᠯᠡᠭᠴᠢᠳ ᠤᠨ ᠪᠢᠯᠧᠲ ᠦᠭᠴᠦ ᠲᠣᠭᠲᠠᠭᠠᠬᠤ ᠳᠦᠷᠢᠮ ᠤᠨ ᠲᠥᠷᠥᠯ ᠵᠦᠢᠯ ᠳᠤ ᠣᠷᠣᠭᠤᠯᠵᠤ ᠪᠥᠬᠦ ᠬᠤᠰᠢᠭᠤᠨ ᠤ 6 ᠰᠤᠮᠤ ᠪᠠᠯᠭᠠᠰᠤ ᠶᠢ ᠲᠥᠷᠥᠯ ᠵᠦᠢᠯ ᠢᠶᠠᠷ ᠬᠠᠮᠤᠷᠴᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠨᠠᠷᠢᠨ ᠵᠠᠮ ᠤᠨ ᠭᠠᠳᠠᠷᠭᠤ ᠶᠢ ᠥᠷᠭᠡᠳᠬᠡᠬᠦ᠂ ᠠᠷᠠᠴᠢᠯᠠᠨ ᠬᠠᠮᠠᠭᠠᠯᠠᠵᠦ ᠰᠡᠯᠪᠢᠨ ᠵᠠᠰᠠᠬᠤ᠂ ᠠᠮᠤᠷ ᠲᠦᠪᠰᠢᠨ ᠠᠮᠢ ᠨᠠᠰᠤ ᠶᠢ ᠬᠠᠮᠠᠭᠠᠯᠠᠬᠤ ᠵᠡᠷᠭᠡ ᠶᠢ ᠪᠠᠭᠳᠠᠭᠠᠵᠤ ᠪᠥᠬᠦ ᠵᠠᠮ ᠤᠨ ᠣᠷᠳᠣ ᠨᠢ 232.093 ᠺᠢᠯᠣᠮᠧᠲᠷ ᠪᠠᠶᠢᠵᠤ᠂ ᠨᠡᠶᠢᠲᠡ 9323 ᠲᠦᠮᠡᠨ ᠲᠥᠭᠦᠷᠢᠭ ᠤᠨ ᠪᠡᠯᠡ ᠤᠷᠤᠭᠤᠯᠤᠬᠰᠠᠨ ᠪᠠᠶᠢᠨ᠎ᠠ᠃                                        ᠰᠤᠷᠪᠤᠯᠵᠢᠯᠠᠬᠴᠢ᠄ ᠯᠤᠨᠳᠤᠨᠬᠤᠸᠠᠷ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ