ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠨᠢᠭᠡ︶ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | | | | | —— 2023 ᠣᠨ ᠤ 2 ᠰᠠᠷ᠎ᠠ ᠶᠢᠨ 3 ᠤ ᠡᠳᠦᠷ ᠤᠨ ᠦᠦᠰᠢᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ | | | ᠲᠥᠯᠥᠭᠡᠯᠡᠭᠴᠢᠳ ᠠ᠋᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠲᠠᠨᠠᠷ ᠬᠢᠨᠠᠨ ᠵᠥᠪᠯᠡᠬᠦ | ᠪᠣᠯᠪᠠᠤ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠠᠪᠰᠢᠭᠦᠯᠬᠦ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠲᠤᠰ ᠬᠤᠭᠤᠴᠠᠭᠠᠨ ᠤ ᠵᠠᠰᠠᠭ ᠤᠨ ᠤᠷᠳᠤᠨ ᠲᠤᠰᠢᠶᠠᠯ ᠬᠦᠢᠴᠡᠳᠭᠡᠭᠰᠡᠨ ᠨᠢᠭᠡᠲᠦᠭᠡᠷ ᠵᠢᠯ᠂ ᠮᠦᠨᠴᠤ ᠲᠤᠶᠢᠯ ᠤᠨ ᠶᠡᠷᠦ ᠪᠤᠰᠤ᠂ | ᠲᠤᠶᠢᠯ ᠤᠨ ᠶᠡᠭᠡ ᠰᠤᠷᠢᠯᠳᠠ ᠳᠤ ᠲᠤᠯᠭᠠᠷᠠᠭᠰᠠᠨ ᠨᠢᠭᠡ ᠵᠢᠯ ᠪᠣᠯᠣᠨ᠎ᠠ᠃ ᠬᠦᠨᠲᠤ ᠪᠡᠷᠬᠡᠰᠢᠶᠡᠯᠲᠠᠢ ᠦᠬᠡᠷᠡᠴᠢᠯᠡᠯᠲᠡ ᠬᠦᠭᠵᠢᠯᠲᠡ ᠲᠤᠭᠲᠠᠭᠤᠨ ᠤ ᠡᠭᠦᠷᠭᠡ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠦᠷᠢᠰᠦᠯᠳᠦᠬᠡᠨ ᠤ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ︽ᠲᠠᠪᠤᠨ ᠦᠦᠰᠢᠨ︾ ᠤ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠤᠭᠲᠠᠭᠠᠯᠳᠠ ᠪᠠ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠥᠭᠵᠢᠯᠲᠡ ᠶᠢᠨ ᠲᠣᠭᠲᠠᠴᠠ ᠶᠢ ᠲᠣᠭᠲᠠᠭᠠᠵᠤ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠷᠡᠯᠬᠡᠭᠯᠡᠨ ᠲᠡᠮᠡᠴᠡᠵᠦ ᠬᠦᠴᠢᠷ | ᠪᠡᠷᠬᠡᠰᠢᠶᠡᠯ ᠢ ᠢᠯᠠᠨ ᠳᠠᠪᠠᠵᠤ ᠠᠵᠤ ᠠᠬᠤᠢ ᠨᠡᠶᠢᠭᠡᠮ ᠢ ᠯᠠᠪᠳᠠᠭᠤᠨ ᠪᠠᠲᠤᠲᠠᠢ ᠬᠥᠭᠵᠢᠭᠦᠯᠪᠡ᠃ ᠪᠥᠬᠦ ᠵᠢᠯ ᠳᠤ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ 490.7 ᠳ᠋ᠦᠩᠰᠢᠭᠤᠷ ᠲᠥᠭᠦᠷᠢᠭ ᠲᠤ ᠬᠦᠷᠴᠤ᠂ 7.7% ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ 43 ᠳ᠋ᠦᠩᠰᠢᠭᠤᠷ ᠲᠥᠭᠦᠷᠢᠭ ᠲᠤ ᠬᠦᠷᠴᠤ᠂ 25.1% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 10% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 35.4 ᠳ᠋ᠦᠩᠰᠢᠭᠤᠷ ᠲᠥᠭᠦᠷᠢᠭ ᠲᠤ ᠬᠦᠷᠪᠡ᠃ | ᠶᠡᠷᠦᠩᠬᠡᠶᠢᠯᠡᠭᠰᠡᠨ ᠪᠣᠳᠠᠲᠤ ᠬᠦᠴᠦᠨ ᠨᠢ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 23 ᠳ᠋ᠤᠭᠠᠷ ᠲᠤ ᠣᠷᠣᠪᠠ᠃ | | ᠦᠩᠭᠡᠷᠡᠭᠰᠡᠨ ᠨᠢᠭᠡ ᠵᠢᠯ ᠳᠤ ᠭᠤᠤᠯᠳᠠᠭᠤ ᠲᠤᠤᠷᠠᠬᠢ ᠬᠡᠳᠦᠨ ᠲᠠᠯ᠎ᠠ ᠶᠢᠨ ᠠᠵᠢᠯ ᠬᠢᠪᠡ᠄ | ᠦᠨᠳᠦᠰᠦ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠨᠡᠩ ᠪᠠᠬᠢᠵᠢᠭᠦᠯᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 4 ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 13.8% ᠪᠠᠷ ᠨᠡᠮᠡᠭᠳᠡᠭᠦᠯᠪᠡ᠃ ᠨᠡᠭᠦᠷᠡᠰᠦᠨ ᠤ ᠭᠠᠷᠭᠠᠯᠲᠠ 4300 ᠲᠦᠮᠡᠨ ᠲᠣᠨ ᠳᠤ | ᠬᠦᠷᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠭᠠᠯᠲᠠ 160 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠠᠢ᠃ ᠮᠠᠩᠭᠢᠰᠤᠨ ᠵᠠᠳᠠᠭᠠᠢ | ᠨᠡᠭᠦᠷᠡᠰᠦᠨ ᠠᠭᠤᠷᠬᠠᠢ ᠨᠢ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠵᠦ ᠲᠣᠭᠤᠭᠠᠲᠤ ᠨᠡᠭᠦᠷᠡᠰᠦᠨ ᠠᠭᠤᠷᠬᠠᠢ ᠨᠢ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠵᠥᠪᠰᠢᠶᠡᠷᠡᠯ ᠢ ᠣᠯᠪᠠ᠃ ᠪᠦᠦ ᠹᠧᠩ ᠪᠦᠯᠦᠭᠯᠡᠯ ᠤᠨ ᠪᠣᠬᠢᠷᠳᠤᠯ ᠦᠭᠡᠢ ᠤᠰᠤᠲᠥ᠋ᠷᠥᠭᠴᠢ ᠬᠢᠭᠡᠳ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢ ᠡᠪᠴᠡᠯᠳᠦᠬᠦᠯᠬᠦ ᠵᠢᠱᠢᠶ᠎ᠡ ᠦᠵᠡᠬᠦᠯᠬᠦ ᠲᠦᠷᠦᠯ ᠵᠦᠢᠯ ᠨᠢ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠢ ᠣᠯᠵᠤ ᠵᠦᠸᠧ | ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 120 ᠲᠦᠮᠡᠨ ᠲᠣᠨ ᠮᠧᠲ᠋ᠢᠯ ᠠᠯᠺᠣᠣᠯ 100 ᠲᠦᠮᠡᠨ ᠲᠣᠨ ᠼᠤᠤ | ᠬᠦᠴᠢᠯ ᠤᠨ ᠲᠦᠷᠦᠯ ᠵᠦᠢᠯ᠂ ᠵᠢᠶᠠᠨ ᠹᠧᠩ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ 600 ᠲᠦᠮᠡᠨ ᠲᠤᠨ ᠨᠡᠭᠦᠷᠡᠰᠦ ᠶᠢ | ᠴᠢᠨᠠᠷ ᠬᠤᠪᠢᠶᠠᠨ ᠴᠡᠪᠡᠷᠰᠢᠬᠦᠯᠵᠤ ᠦᠨᠳᠦᠷ ᠪᠦᠲᠦᠮᠵᠢᠲᠠᠢ ᠪᠠᠷ ᠶᠡᠷᠦᠩᠭᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠰᠡᠷᠭᠦᠭᠡᠨ ᠬᠦᠭᠵᠢᠬᠦᠯᠵᠤ ︽ᠰᠤᠪᠤᠷᠭ᠎ᠠ | ᠵᠡᠭᠦᠨ 39 — 61︾ ᠬᠡᠢ ᠬᠠᠳᠠᠭᠠᠯᠠᠬᠤ ᠬᠥᠮᠥᠷᠭᠡ᠂ ᠵᠦᠩ ᠸᠧᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 100 ᠲᠦᠮᠡᠨ ᠲᠣᠨ ᠬᠡᠶᠢᠵᠢᠭᠦᠯᠬᠦ ᠳᠤ ᠢᠯᠭᠠᠷᠠᠭᠤᠯᠤᠭᠰᠠᠨ ᠰᠢᠭᠠᠷᠤ ᠵᠡᠷᠭᠡ ᠲᠥᠷᠥᠯ ᠵᠦᠢᠯ ᠢ ᠪᠦᠲᠦᠭᠡᠨ | ᠪᠠᠶᠢᠭᠤᠯᠪᠠ᠃ ᠣᠯᠠᠨ ᠵᠢᠯ ᠳᠤ ᠲᠣᠬᠢᠶᠠᠯᠳᠤᠭ᠎ᠠ ᠦᠭᠡᠢ ᠬᠠᠪᠤᠷ ᠵᠤᠨ ᠤ ᠭᠠᠩ ᠬᠠᠭᠰᠠᠷᠠᠭᠠᠨ ᠢ ᠬᠦᠴᠦᠲᠠᠢ ᠠᠷᠭᠠᠴᠠᠭᠠᠵᠤ᠂ 2.6 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠲᠠᠷᠢᠵᠤ᠂ ᠠᠮᠤ ᠪᠤᠳᠠᠭᠠᠨ ᠤ ᠦᠢᠯᠡᠳᠪᠦᠷᠢᠯᠡᠯ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃ | 7.5 ᠲᠦᠮᠡᠨ ᠣᠷᠳᠣᠰ ᠨᠠᠷᠢᠨ ᠨᠣᠣᠰᠣᠲᠤ ᠬᠤᠨᠢᠨ ᠳᠤ ᠢᠬᠡᠷᠡᠯᠡᠬᠦᠯᠬᠦ ᠮᠡᠷᠭᠡᠵᠢᠯ ᠢ ᠳᠡᠯᠭᠡᠷᠡᠭᠦᠯᠦᠨ᠂ ᠠᠩᠭᠢᠰ ᠴᠡᠪᠡᠷ ᠡᠭᠦᠯᠳᠡᠷ ᠤᠨ ᠠᠯᠠᠰᠢᠨ ᠦᠬᠡᠷ ᠢ | ᠲᠤᠭᠤᠯᠯᠠᠭᠤᠯᠤᠨ ᠮᠠᠯᠵᠢᠬᠤ ᠰᠠᠭᠤᠷᠢᠨ ᠭᠠᠵᠠᠷ ᠢ ᠪᠠᠶᠢᠭᠤᠯᠵᠤ᠂ ᠵᠢᠯ ᠳᠤ 50 ᠠᠴᠠ ᠳᠡᠭᠡᠭᠰᠢ ᠠᠯᠠᠰᠢᠨ ᠦᠬᠡᠷ ᠲᠡᠵᠢᠭᠡᠨ ᠮᠠᠯᠵᠢᠬᠤ ᠵᠢᠱᠢᠶ᠎ᠡ ᠦᠵᠡᠬᠦᠯᠬᠦ | ᠡᠷᠦᠬᠡ ᠶᠢ 245᠂ 500 ᠠᠴᠠ ᠳᠡᠭᠡᠭᠰᠢ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠶ ᠶᠢ 15 ᠪᠣᠢ ᠪᠣᠯᠭᠠᠨ 4 ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠥᠬᠦ ᠤᠯᠤᠰ ᠤᠨ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ | ᠪᠠᠭᠠᠨᠠᠭᠤᠷ ᠭᠠᠴᠠᠭ᠎ᠠ ᠵᠡᠷᠭᠡ 4 ᠭᠠᠴᠠᠭ᠎ᠠ ᠲᠣᠰᠬᠤᠨ ᠪᠠ ᠭᠠᠯᠠᠭᠤᠲᠤ ᠪᠠᠯᠭᠠᠰᠤ ᠶᠢ ᠠᠮᠵᠢᠯᠲᠠ ᠲᠠᠢ ᠪᠠᠷ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠬᠦᠯᠬᠦ ᠲᠣᠰᠬᠤᠨ ᠪᠠᠯᠭᠠᠰᠤ ᠪᠤᠯᠭᠠᠨ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠪᠡ᠃ 2 ᠵᠤᠷᠪᠤᠰ ᠨᠡᠭᠦᠷᠡᠰᠦᠨ | ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠨ ᠨᠡᠪᠲᠡᠷᠡᠬᠦᠯᠵᠤ ︽ᠳ᠋ᠥᠸᠧ ᠳ᠋ᠥᠸᠧ ᠫᠢᠩ · ᠨᠢᠭᠡ ᠲᠠᠪᠴᠠᠩ ᠢᠶᠠᠷ ᠭᠦᠢᠴᠡᠳᠬᠡᠬᠦ︾ ᠶᠢ | ᠠᠰᠢᠭᠯᠠᠯᠲᠠ ᠳᠤ ᠣᠷᠣᠭᠤᠯᠤᠨ ᠬᠤᠷ᠎ᠠ ᠤᠰᠤ ᠵᠢᠭᠤᠯᠴᠢᠯᠠᠯ ᠤᠨ ᠣᠷᠣᠨ ᠨᠢ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ ᠬᠤᠸᠠᠲᠣᠯᠣᠭᠠᠶ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭᠠᠲᠤ ᠭᠠᠴᠠᠭ᠎ᠠ | ᠲᠣᠰᠬᠤᠨ ᠢᠶᠠᠷ ᠰᠣᠩᠭᠤᠭᠳᠠᠨ ᠤᠳᠠ ᠶᠢᠨ ᠭᠤᠣᠯ ᠲᠣᠰᠬᠤᠨ ᠨᠢ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ᠢᠶᠠᠷ | ᠦᠨᠡᠯᠡᠭᠳᠡᠪᠡ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠵᠠᠭᠤᠨ ᠬᠦᠴᠦᠷᠬᠡᠭ ᠲᠤ ᠡᠷᠡᠮᠡᠬᠡᠶᠢᠯᠡᠨ ᠣᠷᠣᠬᠤ ᠢᠳᠡ ᠬᠦᠴᠤᠨ ᠢ ᠨᠡᠩ | ᠲᠡᠭᠦᠯᠳᠡᠷᠵᠢᠬᠦᠯᠪᠡ᠃ ᠭᠤᠣᠯᠳᠠᠯᠭᠠᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠡᠯᠡ ᠣᠷᠣᠭᠤᠯᠤᠯᠲᠠ ᠶᠢ ᠵᠠᠭᠤᠨ | ᠳ᠋ᠦᠩᠰᠢᠭᠤᠷ ᠲᠥᠭᠦᠷᠢᠭ ᠠᠴᠠ ᠳᠠᠪᠠᠭᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠢᠳᠡᠪᠬᠢᠲᠠᠢ ᠦᠷᠨᠢᠬᠦᠯᠵᠤ᠂ 63 ᠲᠥᠷᠥᠯ ᠵᠦᠢᠯ ᠤᠨ | ᠭᠡᠷ᠎ᠡ ᠶᠢ ᠲᠣᠭᠲᠠᠭᠠᠨ 84.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠤᠷᠤᠨᠵᠢᠭᠤᠯᠵᠤ 12.5% ᠪᠠᠷ ᠨᠡᠮᠡᠭᠳᠡᠬᠦᠯᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ 4.3 ᠳ᠋ᠦᠩᠰᠢᠭᠤᠷ ᠲᠥᠭᠦᠷᠢᠭ ᠲᠤ ᠬᠦᠷᠭᠡᠵᠦ᠂ 167% ᠪᠠᠷ | ᠨᠡᠮᠡᠭᠳᠡᠬᠦᠯᠪᠡ᠃ ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ ᠢ 2᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ 3 ᠰᠢᠨ᠎ᠡ ᠪᠠᠷ | ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠮᠡᠭᠳᠡᠭᠦᠯᠦᠬᠡᠳ 12 ᠪᠤᠯᠭᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 10 ᠳᠤ ᠬᠦᠷᠭᠡᠵᠦ᠂ ᠲᠠᠸᠠᠷ ᠤᠨ ᠲᠡᠮᠳᠡᠭ ᠢ 155 ᠰᠢᠨ᠎ᠡ ᠪᠠᠷ ᠳᠠᠩᠰᠠᠯᠠᠭᠤᠯᠵᠤ᠂ ᠲᠤᠰᠬᠠᠢ ᠠᠰᠢᠭ ᠤᠨ | ᠡᠷᠬᠡ ᠶᠢ 147 ᠤᠯᠭᠤᠪᠠ᠃ ᠨᠡᠭᠡᠭᠡᠯᠲᠡ ᠶᠢᠨ ᠣᠷᠣᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ | ᠦᠢᠯᠡᠴᠢᠯᠡᠭᠡᠨ ᠤ ᠲᠥᠪ ᠢ ᠰᠢᠨᠡᠴᠢᠯᠡᠨ ᠵᠠᠰᠠᠵᠤ᠂ ᠳᠡᠭᠡᠳᠦ ᠲᠠᠰ ᠳᠠᠪᠬᠤᠷᠭ᠎ᠠ ᠶᠢᠨ ᠪᠠ ᠰᠢᠨ᠎ᠡ ᠶᠢ ᠡᠭᠦᠳᠦᠨ ᠠᠳᠠᠯ ᠦᠢᠯᠡᠰ ᠪᠣᠰᠬᠠᠬᠤ ᠴᠢᠳᠠᠪᠤᠷᠢᠲᠠᠨ ᠤ | ᠪᠦᠯᠬᠦᠮ ᠢ 23᠂ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 13᠂ ᠡᠯ᠎ᠡ ᠲᠥᠷᠥᠯ ᠤᠨ | ᠲᠤᠰᠬᠠᠢ ᠮᠡᠷᠭᠡᠵᠢᠯᠲᠡᠨ ᠪᠠ ᠢᠨᠵᠧᠨᠧᠷ ᠢ 209 ᠨᠡᠷᠡᠰ ᠤᠷᠢᠨ ᠠᠪᠴᠢᠷᠠᠪᠠ᠃ 174 ᠲᠦᠷᠦᠯ ᠤᠨ ᠥᠭᠡᠷᠡᠴᠢᠯᠡᠯᠲᠡ ᠶᠢᠨ ᠡᠭᠦᠷᠭᠡ ᠶᠢ ᠡᠮᠬᠢ ᠵᠢᠷᠤᠮ ᠲᠠᠢ | ᠠᠬᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 3.2 ᠲᠦᠮᠡᠨ ᠮᠦ ᠳᠤ ᠬᠡᠷᠡᠭᠵᠢᠭᠦᠯᠵᠦ ︽ᠦᠦᠰᠢᠨ | ᠣᠶᠤᠨ ᠤ ᠬᠥᠮᠥᠷᠭᠡ︾᠂ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠵᠡᠷᠭᠡ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠳᠤᠪᠤᠶᠢᠮ᠎ᠠ ᠪᠠᠶᠢᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠲᠡᠭᠦᠰᠭᠡᠪᠡ᠃ ᠭᠠᠯᠠᠭᠤᠲᠤ | ᠪᠠᠯᠭᠠᠰᠤᠨ ᠤ ᠪᠠᠯᠭᠠᠰᠤᠨ ᠲᠣᠭᠤᠷᠢᠭ ᠤᠨ ᠲᠦᠭᠡᠮᠡᠯ ᠤᠰᠤᠨ ᠤ ᠦᠢᠯᠡᠳᠪᠦᠷᠢ ᠶᠢ ᠵᠠᠰᠠᠭ ᠤᠨ ᠣᠷᠳᠣᠨ ᠠᠴᠠ ᠡᠵᠡᠩᠨᠡᠨ ᠬᠠᠮᠢᠶᠠᠷᠪᠠ᠃ ᠵᠠᠰᠠᠭ ᠤᠨ | ᠣᠷᠳᠣᠨ ᠤ ᠨᠢᠭᠤᠭᠳᠠᠮᠠᠯ ᠥᠷᠢ ᠰᠢᠷᠢ ᠶᠢ 33.1 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠡᠳ᠋ ᠤᠨ ᠵᠠᠰᠠᠭ ᠤᠨ ᠲᠦᠷ ᠲᠣᠭᠠᠴᠠᠨ ᠥᠭᠬᠦ ᠵᠣᠭᠤᠰᠤᠨ ᠤ | ᠦᠯᠡᠳᠡᠪᠦᠷᠢ ᠶᠢ 92.2% ᠢᠶᠠᠷ ᠪᠠᠭᠤᠷᠠᠭᠤᠯᠪᠡ᠃ | ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠲᠣᠭᠤᠷᠢᠨ ᠤ ᠰᠠᠭᠤᠷᠢ | ᠶᠢ ᠨᠡᠩ ᠰᠢᠯᠢᠳᠡᠭᠵᠢᠬᠦᠯᠪᠡ᠃ ᠪᠥᠬᠦ ᠲᠠᠯ᠎ᠠ ᠪᠠᠷ ᠲᠡᠷᠢᠭᠦᠨ ᠤ ᠬᠢ ᠲᠠᠢ ᠪᠠᠷᠢᠮᠵᠢᠶᠠᠯᠠᠵᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ | 418 ᠵᠤᠷᠪᠤᠰ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠬᠤᠰᠢᠭᠤ | ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ 8231 ᠲᠦᠷᠦᠯ ᠡᠮᠬᠢᠯᠡᠨ ᠨᠡᠶᠢᠲᠡᠯᠡᠵᠦ ᠨᠢᠯᠬ᠎ᠠ ᠬᠡᠦᠬᠡᠳ᠂ ᠰᠢᠨ᠎ᠡ ᠰᠣᠷᠣᠭᠴᠢ | ᠰᠤᠷᠭᠠᠭᠤᠯᠢ ᠳᠤ ᠣᠷᠣᠬᠤ ᠵᠡᠷᠭᠡ 150 ᠲᠦᠷᠦᠯ ᠤᠨ ᠪᠠᠶᠢᠩᠭᠤ ᠬᠦᠢᠴᠡᠳᠭᠡᠬᠦ ᠬᠡᠷᠡᠭ ᠶᠠᠪᠤᠳᠠᠯ ᠢ ︽ᠨᠢᠭᠡ ᠶᠠᠪᠤᠳᠠᠯ ᠢ ᠨᠢᠬᠡᠯᠡ ᠤᠳᠠᠭ᠎ᠠ ᠳᠤ ᠭᠦᠢᠴᠡᠳᠬᠡᠬᠦ︾ | ᠦᠢᠯᠡᠴᠢᠯᠡᠭᠡᠨ ᠳᠤ ᠣᠷᠣᠭᠤᠯᠵᠤ ᠣᠷᠤᠭ ᠤᠨ ᠦᠨᠡᠮᠯᠡᠯ᠂ ᠵᠢᠯᠣᠭᠤᠴᠢ ᠶᠢᠨ ᠦᠨᠡᠮᠯᠡᠯ ᠵᠡᠷᠭᠡ 185 ᠲᠥᠷᠥᠯ ᠤᠨ ᠪᠠᠶᠢᠩᠭᠤ ᠬᠡᠷᠡᠭᠯᠡᠬᠦ ᠦᠨᠡᠮᠯᠡᠯ ᠢ | ᠭᠤᠶᠤᠴᠢᠯᠠᠬᠤ ᠳᠤ ᠪᠢᠴᠢᠭ ᠪᠠᠷᠢᠮᠲᠠ ᠲᠤᠰᠢᠶᠠᠬᠤ ᠦᠭᠡᠢ ᠪᠠᠶᠢᠬᠤ ᠶᠢ ᠪᠡᠶᠡᠯᠡᠭᠦᠯᠵᠦ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠷᠡᠭ ᠶᠠᠪᠤᠳᠠᠯ ᠢ | 237 ᠲᠦᠷᠦᠯ ᠳᠤ ᠬᠦᠷᠭᠡᠪᠡ᠃ ᠠᠵᠤ ᠠᠬᠤᠶᠢᠯᠠᠯ ᠢ ᠨᠡᠭᠡᠭᠡᠨ ᠡᠷᠬᠢᠯᠡᠬᠦ ᠭᠠᠷ ᠬᠦᠢᠴᠡᠳᠭᠡᠯ ᠤᠨ ᠴᠠᠭ ᠢ 0.5 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ | ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠳᠠ ᠶᠢᠨ ᠲᠤᠪᠴᠢᠶ᠎ᠠ ᠨᠢ ᠤᠯᠤᠰ ᠤᠨ ᠳᠡᠰ ᠤᠨ ︽ᠪᠠᠶᠢᠴᠠᠭᠠᠯᠲᠠ ᠶᠢᠨ ᠠᠵᠢᠯ ᠳᠤ ᠳᠤᠪᠤᠶᠢᠮ᠎ᠠ ᠬᠤᠪᠢ ᠨᠡᠮᠡᠷᠢ | ᠦᠵᠡᠬᠦᠯᠦᠭᠰᠡᠨ ᠨᠢᠭᠡᠴᠢ︾ ᠶᠢᠨ ᠢᠷᠠᠭᠤ ᠠᠯᠳᠠᠷ ᠢ ᠬᠦᠷᠲᠡᠪᠡ᠃ ︽12345︾ ᠬᠠᠯᠠᠮᠰᠢᠯ ᠤᠲᠠᠰᠤ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠨᠡᠶᠢᠲᠡ 8000 ᠭᠠᠷᠤᠢ ᠬᠤᠪᠢ ᠰᠢᠢᠳᠪᠦᠷᠢᠯᠡᠵᠦ ︽ᠭᠤᠷᠪᠠᠨ ᠨᠣᠷᠮ᠎ᠠ︾ ᠶᠢᠨ ᠶᠡᠷᠦᠩᠬᠡᠶᠢᠯᠡᠭᠰᠡᠨ ᠬᠤᠪᠢ ᠨᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 5768 ᠮᠦ ᠬᠡᠷᠡᠭᠯᠡᠬᠦᠯᠬᠦ ᠪᠠᠷ | ᠵᠦᠪᠰᠢᠶᠡᠷᠡᠭᠰᠡᠨ ᠪᠤᠯᠪᠠᠴᠤ ᠬᠠᠩᠭᠠᠭᠰᠠᠨ ᠦᠭᠡᠢ ᠭᠠᠵᠠᠷ ᠰᠢᠷᠤᠢ ᠪᠤᠯᠤᠨ ᠰᠤᠯᠠ ᠪᠠᠶᠢᠭ᠎ᠠ ᠭᠠᠵᠠᠷ ᠰᠢᠷᠣᠢ᠂ 5649 ᠲᠦᠮᠡᠨ ᠲᠥᠭᠦᠷᠢᠭ ᠡᠳ᠋ ᠤᠨ | ᠵᠠᠰᠠᠭ ᠤᠨ ᠲᠤᠨᠤᠮᠠᠯ ᠪᠡᠯᠡ ᠮᠦᠩᠭᠦ ᠶᠢ ᠠᠰᠢᠭᠯᠠᠨ ᠬᠡᠷᠡᠭᠯᠡᠵᠤ᠂ ᠵᠥᠪᠰᠢᠶᠡᠷᠡᠭᠦᠯᠬᠦ ᠪᠠᠷ ᠪᠠᠶᠢᠭ᠎ᠠ ᠪᠤᠶᠤ ᠨᠥᠬᠦᠨ ᠵᠥᠪᠰᠢᠶᠡᠷᠡᠭᠦᠯᠬᠦ ᠲᠥᠷᠥᠯ ᠵᠦᠢᠯ᠂ ︽ | ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ᠨᠡᠭᠡᠭᠡᠯᠲᠡ ᠶᠢᠨ ᠤᠷᠤᠨ ᠤ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ | ᠪᠠᠶᠢᠴᠠᠭᠠᠵᠤ ᠪᠦᠬᠦᠨ ᠢ ᠬᠦᠴᠦᠨ ᠦᠭᠡᠢ ᠪᠣᠯᠭᠠᠪᠠ᠃ ᠰᠤᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠬᠤᠲᠠ ᠬᠥᠳᠡᠭᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠨᠤᠮᠢᠨ ᠲᠠᠩᠰᠤᠭ ᠦᠦᠰᠢᠨ ᠤ ᠠᠭᠤᠯᠤᠭᠳᠠᠬᠤᠨ ᠢ ᠨᠠᠩ ᠪᠠᠶᠠᠯᠢᠭᠵᠢᠭᠤᠯᠪᠠ᠃ | ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠵᠤ ᠰᠢᠨ᠎ᠡ ᠵᠡᠭᠦᠨ | ᠵᠡᠭᠡᠯᠢ᠂ ᠪᠠᠶᠠᠨ ᠵᠠᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠵᠠᠰᠠᠨ ᠳᠠᠭᠤᠰᠬᠠᠵᠤ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ 7᠂ | ᠭᠠᠵᠠᠷ ᠳᠣᠣᠷᠠᠬᠢ ᠬᠤᠭᠤᠯᠠᠢ ᠲᠣᠣᠷ ᠢ 182 ᠺᠢᠯᠣᠮᠧᠲᠷ᠂ ᠨᠣᠭᠤᠭᠠᠷᠠᠭᠤᠯᠤᠯᠲᠠ ᠶᠢᠨ ᠭᠠᠵᠠᠷ ᠢ 13.6 ᠲᠦᠮᠡᠨ ᠲᠡᠭᠰᠢ ᠳᠥᠷᠪᠡᠯᠵᠢᠨ ᠮᠧᠲᠷ | ᠥᠭᠡᠷᠡᠴᠢᠯᠡᠨ ᠪᠠᠶᠢᠭᠤᠯᠪᠠ᠃ ᠤᠯᠠᠨ ᠨᠡᠶᠢᠲᠡ ᠶᠢᠨ ᠲᠡᠷᠭᠡᠨ ᠵᠣᠭᠰᠤᠭᠠᠯ ᠢ 1200᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠤᠩ ᠢ 170᠂ | ᠰᠠᠭᠤᠭᠠᠯᠢ ᠠᠷᠠᠳ ᠤᠨ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠫᠧᠩ ᠢ 26 ᠰᠢᠨ᠎ᠡ ᠪᠠᠷ ᠨᠡᠮᠡᠭᠳᠡᠭᠦᠯᠵᠤ ᠠᠷᠠᠳ ᠲᠤ ᠲᠥᠬᠦᠮ | ᠦᠵᠡᠭᠦᠯᠬᠦ ᠰᠥᠨᠢ ᠶᠢᠨ ᠵᠠᠬ᠎ᠠ ᠳᠡᠯᠭᠡᠭᠦᠷ᠂ ᠳᠡᠯᠭᠡᠭᠡ ᠮᠠᠶᠢᠮᠠᠢ ᠶᠢᠨ ᠭᠠᠵᠠᠷ ᠢ 9 ᠵᠢᠷᠤᠮᠵᠢᠭᠤᠯᠤᠨ ᠲᠤᠬᠢᠷᠠᠭᠤᠯᠵᠤ ᠬᠤᠲᠠ ᠶᠢᠨ ᠨᠠᠷᠢᠯᠢᠭ ᠬᠠᠮᠢᠶᠠᠷᠤᠯᠲᠠ | ᠵᠠᠰᠠᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠪᠠᠯᠭᠠᠰᠤᠨ ᠲᠤᠭᠤᠷᠢᠭ ᠤᠨ ᠠᠮᠢ ᠠᠬᠤᠢ ᠶᠢᠨ ᠤᠰᠤᠨ ᠰᠢᠰᠲ᠋ᠧᠮ ᠢ ᠵᠦᠩ ᠮᠧᠢ | ᠪᠦᠯᠦᠭᠯᠡᠯ ᠤᠨ ᠤᠰᠤ ᠳᠠᠮᠵᠢᠭᠤᠯᠬᠤ ᠭᠤᠣᠯ ᠬᠤᠭᠤᠯᠠᠢ ᠱᠤᠭᠤᠮ ᠲᠠᠢ ᠬᠤᠯᠪᠣᠵᠤ ᠬᠤᠲᠠ ᠶᠢᠨ ᠶᠠᠪᠤᠳᠠᠯ ᠤᠨ ᠤᠰᠤ ᠬᠡᠷᠡᠭᠯᠡᠬᠦ ᠶᠢ ᠪᠦᠲᠦᠮᠵᠢᠲᠡᠶ ᠪᠠᠲᠤᠯᠠᠪᠠ᠃ | ᠡᠳ᠋ ᠤᠨ ᠵᠠᠰᠠᠭ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠲᠠᠢ ᠵᠣᠯᠭᠠᠭᠤᠯᠬᠤ ᠨᠦᠬᠦᠪᠤᠷᠢ ᠶᠢ 5273 ᠲᠦᠮᠡᠨ | ᠲᠥᠭᠦᠷᠢᠭ ᠨᠠᠶᠢᠳᠠᠪᠤᠷᠢᠵᠢᠭᠤᠯᠵᠤ 57 ᠲᠥᠷᠥᠯ ᠵᠦᠢᠯ ᠢ ᠬᠡᠷᠡᠭᠵᠢᠭᠦᠯᠦᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢᠨ ︽ᠬᠤᠶᠠᠷ | ᠥᠨᠳᠥᠷ ᠪᠠᠶᠢᠬᠤ︾ ᠬᠠᠷᠠᠯᠲᠠ ᠶᠢ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ 71 ᠠᠵᠤ ᠠᠬᠤᠶᠢᠯᠠᠯ ᠢ ᠵᠤᠬᠢᠶᠠᠨ ᠪᠠᠶᠢᠭᠤᠯᠤᠨ 61 ᠭᠠᠴᠠᠭ᠎ᠠ ᠲᠣᠰᠬᠤᠨ ᠢ | ᠬᠤᠯᠪᠤᠭᠠᠯᠠᠨ ᠳᠠᠭᠠᠭᠠᠴᠢᠯᠠᠭᠤᠯᠵᠤ᠂ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢᠨ | ᠬᠤᠯᠪᠣᠭᠠᠲᠤ ᠲᠣᠭᠲᠠᠴᠠ ᠶᠢ ᠪᠦᠷᠢᠯᠳᠦᠬᠦᠯᠦᠨ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ | ᠶᠡᠷᠦᠩᠬᠡᠢ ᠣᠷᠣᠯᠭ᠎ᠠ ᠶᠢ 9000 ᠲᠦᠮᠡᠨ ᠲᠥᠭᠦᠷᠢᠭ ᠠᠴᠠ ᠳᠠᠪᠠᠭᠤᠯᠪᠡ᠃ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ 3 ᠪᠠᠶᠢᠭᠤᠯᠵᠤ ᠴᠡᠪᠡᠷ ᠳᠤᠯᠠᠭᠠᠯᠠᠭ᠎ᠠ ᠶᠢᠨ ᠦᠭᠡᠷᠡᠴᠢᠯᠡᠯᠲᠡ ᠶᠢ 2526 ᠡᠷᠦᠬᠡ᠂ ᠡᠷᠦᠬᠡ ᠶᠢᠨ ᠵᠣᠷᠯᠣᠩ ᠢ 600 ᠥᠭᠡᠷᠡᠴᠢᠯᠡᠨ ᠵᠠᠰᠠᠪᠠ | ᠃ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ 8 ᠭᠠᠵᠠᠷ ᠲᠤ ᠬᠡᠷᠡᠭᠵᠢᠭᠦᠯᠵᠦ ᠬᠥᠳᠡᠭᠡ ᠲᠣᠰᠬᠤᠨ ᠤ | ᠴᠠᠬᠢᠯᠭᠠᠨ ᠲᠣᠣᠷ ᠢ 410 ᠺᠢᠯᠣᠮᠧᠲᠷ ᠲᠠᠰ ᠳᠡᠪᠰᠢᠭᠦᠯᠤᠨ ᠦᠦᠰᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ | ᠢ ᠠᠰᠢᠭᠯᠠᠯᠲᠠ ᠳᠤ ᠤᠷᠤᠭᠤᠯᠵᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢ ᠳᠠᠭᠤᠰᠬᠠᠨ ᠨᠢᠰᠬᠡᠯ ᠤᠨ ᠪᠠᠭᠤᠳᠠᠯ ᠳᠤ ᠬᠦᠷᠬᠦ ᠲᠤᠰᠬᠠᠢ | ᠵᠠᠮ ᠪᠠ ᠲᠤᠯᠢ ᠠᠴᠠ ᠨᠠᠩᠰᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠦᠰᠢᠨ ᠤ ᠬᠡᠰᠡᠭ ᠢ ᠲᠡᠷᠭᠡ ᠨᠡᠪᠲᠡᠷᠡᠭᠦᠯᠦᠨ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ 287 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ ᠪᠥᠬᠦ ᠤᠯᠤᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠬᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 43 ᠲᠦᠮᠡᠨ ᠮᠦ | ᠪᠡᠶᠡᠯᠡᠭᠦᠯᠵᠦ ᠪᠠᠶᠠᠨᠨᠠᠭᠤᠷ ᠠᠴᠠ ᠪᠠᠭᠠᠨᠠᠭᠤᠷ ᠬᠦᠷᠬᠦ ᠠᠮᠢ ᠠᠬᠤᠢ ᠶᠢᠨ ᠤᠰᠤ ᠨᠥᠬᠦᠪᠦᠷᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠩᠬᠠᠳᠠᠭᠴᠢ | ᠨᠡᠭᠦᠷᠡᠰᠦᠲᠥ᠋ᠷᠥᠭᠴᠢ ᠬᠤᠷᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠰᠢᠷᠬᠤᠰᠤᠨ ᠣᠶ ᠰᠢᠭᠤᠢ ᠶᠢᠨ ᠲᠠᠯᠠᠪᠠᠶ ᠳᠤ ᠤᠷᠤᠨᠵᠢᠭᠤᠯᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ︽ᠵᠢᠱᠢᠶ᠎ᠡ ᠦᠵᠡᠭᠦᠯᠬᠦ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠬᠦ︾ | ᠲᠤᠷᠰᠢᠯᠲᠠ ᠶᠢᠨ ᠴᠡᠭ ᠤᠨ ᠬᠤᠰᠢᠭᠤ ᠪᠠᠷ ᠵᠢᠭᠰᠠᠭᠠᠭᠳᠠᠵᠤ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ | ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢᠶᠠᠷ ᠰᠣᠩᠭᠤᠭᠳᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠤᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠭᠰᠠᠨ ᠠᠵᠢᠯ ᠤᠨ ᠵᠠᠬᠢᠳᠠᠯ ᠰᠣᠷᠪᠤᠯᠵᠢᠯᠠᠯ ᠤᠨ ᠬᠡᠷᠡᠭ ᠢ ᠰᠢᠢᠳᠪᠦᠷᠢᠯᠡᠪᠡ᠃ ᠪᠣᠬᠢᠷᠳᠤᠯ ᠢ ᠰᠡᠷᠭᠡᠶᠢᠯᠡᠨ ᠵᠠᠰᠠᠬᠤ | ᠡᠭᠦᠷᠭᠡ ᠶᠢ 152 ᠲᠦᠷᠦᠯ ᠬᠡᠷᠡᠭᠵᠢᠭᠦᠯᠵᠦ᠂ ᠠᠭᠠᠷ ᠤᠨ ᠴᠡᠪᠡᠷᠴᠡ ᠶᠢᠨ ᠨᠣᠷᠮ᠎ᠠ ᠶᠢ 90% ᠠᠴᠠ ᠦᠨᠳᠦᠷ ᠪᠤᠯᠭᠠᠨ ᠭᠠᠵᠠᠷ ᠲᠤᠤᠷᠠᠬᠢ ᠤᠰᠤ ᠶᠢ | ᠭᠡᠲᠦᠷᠡᠲᠡᠯ᠎ᠡ ᠳᠠᠲᠠᠭᠰᠠᠨ ᠢ ᠵᠠᠰᠠᠬᠤ ᠠᠵᠢᠯ ᠢᠯᠡᠳᠳᠡ ᠦᠷ᠎ᠡ ᠪᠦᠲᠦᠮᠵᠢ ᠤᠯᠵᠤ ᠰᠢᠷᠬᠤᠰᠤᠨ ᠭᠤᠣᠯ ᠤᠨ ᠤᠷᠤᠰᠬᠠᠯ ᠳᠠᠭᠠᠤ ᠤᠷᠤᠨ ᠪᠠ ᠲᠥᠪᠯᠡᠷᠡᠩᠭᠦᠢ | ᠮᠠᠶ᠋ᠢᠭ ᠤᠨ ᠤᠤᠭᠤᠬᠤ ᠤᠰᠤᠨ ᠤ ᠤᠰᠤᠨ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠵᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠤᠢ ᠶᠢᠨ ᠠᠮᠤᠷ ᠲᠦᠪᠰᠢᠨ ᠠᠰᠢᠭᠯᠠᠯᠲᠠ ᠶᠢᠨ ᠨᠣᠷᠮ᠎ᠠ ᠶᠢ 100% ᠳᠤ ᠬᠥᠷᠭᠡᠪᠡ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠰᠠᠭᠤᠷᠢ ᠶᠢ ᠨᠡᠩ ᠪᠠᠲᠤᠳᠬᠠᠪᠠ᠃ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 53305 ᠲᠦᠬᠦᠷᠢᠭ ᠪᠠ 25601 | ᠲᠦᠬᠦᠷᠢᠭ ᠲᠤ ᠬᠦᠷᠭᠡᠵᠤ᠂ ᠲᠤᠰᠪᠤᠷᠢ 3.9%ᠪᠠ 7.4% ᠪᠠᠷ ᠨᠡᠮᠡᠭᠳᠡᠭᠦᠯᠪᠡ᠃ 10 ᠲᠦᠷᠦᠯ ᠤᠨ ᠬᠤᠰᠢᠭᠤ ᠱᠠᠲᠤᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠣᠨ ᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠡᠭᠡᠭᠦᠯᠦᠨ ᠪᠤᠴᠠᠭᠠᠬᠤ᠂ ᠠᠵᠢᠯ ᠣᠯᠭᠤᠵᠤ ᠠᠳᠠᠯ ᠦᠢᠯᠡᠰ ᠪᠤᠰᠬᠠᠬᠤ ᠨᠥᠬᠦᠪᠦᠷᠢ ᠪᠡᠯᠡ ᠮᠥᠩᠭᠦ ᠪᠠ ᠠᠳᠠᠯ ᠦᠢᠯᠡᠰ ᠪᠤᠰᠬᠠᠬᠤ ᠵᠢᠭᠡᠯᠡᠯᠭᠡ ᠶᠢ 2900 | ᠭᠠᠷᠤᠢ ᠲᠦᠮᠡᠨ ᠲᠥᠭᠦᠷᠢᠭ ᠲᠠᠷᠬᠠᠭᠠᠵᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ ᠬᠤᠲᠠ | ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 7.1% ᠪᠠ 8.3% ᠳᠡᠭᠡᠭᠰᠢᠯᠡᠭᠦᠯᠤᠨ ᠴᠡᠷᠢᠭ ᠠᠴᠠ | ᠬᠠᠯᠠᠭᠳᠠᠭᠰᠠᠳ ᠤᠨ ᠲᠠᠩᠰᠠ ᠡᠪᠬᠡᠮᠡᠯ ᠪᠠᠶᠢᠭᠤᠯᠤᠨ ᠺᠠᠷᠲ᠋ᠠᠯᠠᠬᠤ ᠵᠢᠴᠢ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ | ᠪᠦᠬᠦ ᠤᠯᠤᠰ ᠤᠨ ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠬᠡᠯᠪᠡᠷᠢ ᠶᠢᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢᠶᠠᠷ ᠰᠤᠩᠭᠤᠭᠳᠠᠪᠠ᠃ | ᠬᠤᠰᠢᠭᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠥᠷᠲᠡᠭᠡ ᠶᠢ ᠰᠢᠨ᠎ᠡ ᠪᠠᠷ 12 ᠥᠭᠡᠷᠡᠴᠢᠯᠡᠨ ᠪᠠᠶᠢᠭᠤᠯᠪᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 381 ᠢᠵᠢ ᠨᠢᠭᠡᠳᠦᠯᠲᠡᠢ | ᠲᠥᠯᠥᠪᠯᠡᠨ ᠬᠤᠪᠢᠶᠠᠷᠢᠯᠠᠪᠠ᠃ ᠭᠡᠷ᠎ᠡ ᠶᠢᠨ ᠲᠦᠷᠢᠮ ᠢᠶᠠᠷ ᠤᠷᠢᠨ ᠡᠯᠰᠡᠭᠰᠡᠳ ᠤᠨ ᠴᠠᠯᠢᠩ ᠢ ᠵᠦᠢ ᠵᠣᠬᠢᠰᠲᠠᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ | ᠦᠨᠳᠦᠰᠦᠨ ᠱᠠᠲᠤᠨ ᠤ ᠠᠵᠢᠯᠲᠠᠨ ᠳᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠦᠷᠢ ᠣᠯᠭᠤᠪᠠ᠃ 155 ᠪᠠᠭᠰᠢ ᠶᠢ ᠣᠷᠢᠨ ᠠᠪᠴᠢᠷᠠᠵᠤ | ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ 17 ᠲᠥᠷᠥᠯ ᠵᠦᠢᠯ ᠢ ᠬᠡᠷᠡᠭᠵᠢᠭᠦᠯᠤᠨ ᠥᠪᠡᠷᠲᠡᠭᠡᠨ ᠵᠠᠰᠠᠬᠤ ᠣᠷᠣᠨ ᠤ ︽ | ᠲᠦᠭᠡᠮᠡᠯᠵᠢᠭᠦᠯᠬᠦ᠂ ᠲᠦᠬᠡᠮᠡᠯ ᠬᠠᠷᠠᠭᠠᠯᠵᠠᠯ ᠬᠦᠷᠲᠡᠭᠡᠬᠦ︾ ᠰᠢᠯᠭᠠᠨ ᠬᠤᠷᠢᠶᠠᠯᠲᠠ ᠶᠢ ᠠᠮᠵᠢᠯᠲᠠ ᠲᠠᠢ ᠲᠤᠭᠤᠯᠵᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠨᠠᠷᠢᠨᠭᠤᠤᠯ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠳᠠᠭᠤᠰᠬᠠᠵᠤ | ᠬᠤᠰᠢᠭᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠤᠨ 311 ᠡᠮᠴᠢᠯᠡᠭᠡᠨ ᠤ ᠮᠡᠷᠭᠡᠵᠢᠯ ᠤᠨ ᠠᠵᠢᠯᠲᠠᠨ ᠢ ᠡᠯᠰᠡᠵᠤ | ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠬᠥᠬᠡ ᠵᠡᠷᠭᠡ ᠶᠢᠨ 3 ᠡᠮᠨᠡᠯᠭᠡ ᠶᠢᠨ ᠬᠤᠷᠢᠶ᠎ᠠ ᠲᠠᠢ ᠣᠷᠳᠣ ᠬᠤᠭᠤᠴᠠᠭᠠᠨ ᠤ | ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ᠃ ᠦᠦᠰᠢᠨ ᠤ ᠪᠣᠳᠠᠰ ᠤᠨ ᠪᠤᠰᠤ ᠰᠣᠶᠣᠯ ᠤᠨ ᠥᠪ ᠤᠨ ᠬᠦᠷᠢᠶᠡᠯᠡᠩ ᠪᠠ ᠠᠳᠤᠭᠤᠨ ᠰᠣᠶᠣᠯ ᠤᠨ ᠠᠵᠤ | ᠦᠢᠯᠡᠰ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠪᠣᠷᠣᠳᠣᠬᠤᠢ ᠶᠢᠨ ᠰᠣᠶᠣᠯ ᠤᠨ ᠰᠤᠳᠤᠯᠭᠠᠨ ᠤ ᠲᠥᠪ ᠢ | ᠫᠠᠶᠢᠰᠠ ᠡᠯᠭᠦᠨ ᠪᠠᠶᠢᠭᠤᠯᠵᠤ ᠪᠠᠲᠤ ᠶᠢᠨ ᠳᠤᠬᠤᠢ ᠡᠷᠦᠬᠡ ᠶᠢᠨ ᠴᠡᠷᠢᠭ ᠤᠨ ᠪᠠᠶᠢᠴᠠᠭᠠᠬᠤ ᠥᠷᠲᠡᠭᠡ ᠶᠢᠨ ᠬᠠᠭᠤᠴᠢᠨ ᠪᠠᠭᠤᠷᠢ ᠶᠢ ᠣᠷᠣᠨ ᠤ ᠲᠠᠰ ᠤᠨ | ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠭᠤᠯᠭ᠎ᠠ ᠨᠢᠭᠡᠴᠢ ᠪᠠᠷ ᠲᠣᠭᠲᠠᠭᠠᠵᠤ ᠤᠯᠠᠭᠠᠨᠮᠥ᠋ᠴᠢᠷ ᠨᠢ ᠪᠥᠬᠦ ᠤᠯᠤᠰ ᠤᠨ | ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠬᠦᠷᠲᠡᠵᠤ᠂ ᠰᠠᠭᠠᠯᠢ ᠶᠢᠨ ᠠᠷᠢᠬᠢ ᠨᠡᠷᠡᠬᠦ ᠮᠡᠷᠭᠡᠵᠢᠯ ᠪᠠ | ᠣᠷᠳᠣᠰ ᠵᠢᠷᠤᠬᠠᠢ ᠵᠡᠷᠭᠡ 2 ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ | ᠰᠣᠩᠭᠤᠭᠳᠠᠨ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠭᠤᠯᠬᠤ ᠰᠣᠶᠣᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠲᠥᠯᠥᠭᠡᠯᠡᠭᠴᠢᠳ ᠠ᠋︕ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠮᠦᠴᠡ ᠳᠤ ᠪᠢᠳᠠ ᠨᠡᠶᠢᠲᠡ 122 ᠡᠮᠴᠢ | ᠰᠤᠪᠢᠯᠠᠭᠴᠢ ᠪᠣᠯᠣᠨ 35 ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠲᠣᠮᠢᠯᠠᠨ ᠬᠥᠬᠡᠬᠤᠲᠠ᠂ ᠬᠠᠩᠭᠢᠨ ᠬᠤᠰᠢᠭᠤ ᠵᠡᠷᠭᠡ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠠᠯᠠᠭᠤᠯᠵᠦ ᠬᠥᠬᠡᠬᠤᠲᠠ ᠳᠤ ᠪᠠᠶᠢᠭ᠎ᠠ 1038 ᠣᠶᠤᠲᠠᠨ ᠢ ᠰᠢᠯᠵᠢᠭᠦᠯᠦᠨ ᠠᠪᠴᠢᠷᠠᠵᠤ | ᠳᠤᠰᠠᠭᠠᠷᠯᠠᠬᠤ ᠡᠭᠦᠷᠭᠡ ᠪᠠ ᠭᠠᠳᠠᠨ᠎ᠠ ᠣᠷᠣᠨ ᠳᠤ ᠦᠯᠡᠳᠡᠵᠦ ᠪᠠᠶᠢᠭ᠎ᠠ 1848 ︽ᠦᠦᠰᠢᠨ ᠪᠦᠪᠡᠢ︾ ᠶᠢ ᠠᠮᠤᠷ ᠲᠦᠪᠰᠢᠨ ᠢᠶᠠᠷ ᠨᠤᠲᠤᠭ ᠲᠠᠭᠠᠨ | ᠬᠠᠷᠢᠭᠤᠯᠬᠤ ᠡᠭᠦᠷᠭᠡ ᠶᠢ ᠠᠮᠵᠢᠯᠲᠠ ᠲᠠᠢ ᠪᠡᠶᠡᠯᠡᠬᠦᠯᠪᠡ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠪᠦᠬᠦ ᠬᠤᠰᠢᠭᠤᠨ ᠤ ᠥᠷᠭᠡᠨ ᠤᠯᠠᠨ ᠡᠮᠴᠢ | ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠰᠠᠶᠢᠨ ᠳᠤᠷᠠᠴᠤᠳ ᠪᠣᠯᠣᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠳᠠᠷᠤᠢ | ᠲᠦᠷᠭᠡᠨ ᠬᠥᠳᠡᠯᠦᠯᠴᠡᠵᠦ᠂ ᠭᠠᠪᠰᠢᠭᠠᠶᠢᠯᠠᠨ ᠠᠵᠢᠯᠯᠠᠵᠦ ᠡᠯ᠎ᠡ ᠹᠷᠣᠨᠲ ᠤᠨ ᠥᠷᠭᠡᠨ ᠤᠯᠠᠨ ᠦᠦᠰᠢᠨ ᠠᠷᠠᠳ ᠲᠦᠮᠡᠨ ᠬᠦᠴᠢᠷ ᠢ ᠰᠥᠷᠦᠨ ᠤᠷᠤᠭᠰᠢᠯᠠᠵᠤ | ᠰᠢᠷᠭᠠᠭᠤ ᠬᠠᠲᠠᠭᠤᠵᠢᠯᠲᠠᠢ ᠠᠵᠢᠯᠯᠠᠬᠰᠠᠨ ᠪᠠᠭᠠᠲᠤᠷᠯᠢᠭ ᠵᠤᠷᠢᠭ ᠰᠠᠨᠠᠭ᠎ᠠ ᠨᠢ ᠬᠦᠮᠦᠰ ᠤᠨ ᠰᠡᠳᠬᠢᠯ ᠢ ᠲᠤᠶᠢᠯ ᠢᠶᠠᠷ ᠲᠤᠭᠳᠤᠯᠤᠭᠤᠯᠪᠠ᠃ ᠡᠭᠡᠯ ᠵᠢᠷ ᠢᠶᠠᠷ | ᠠᠤᠭ᠎ᠠ ᠶᠡᠭᠡ ᠶᠢ ᠪᠦᠲᠦᠭᠡᠵᠦ᠂ ᠠᠷᠠᠳ ᠲᠦᠮᠡᠨ ᠤ ᠳᠣᠮᠳᠠ ᠠᠴᠠ ᠠᠭᠤᠤ ᠬᠦᠮᠦᠨ ᠴᠤᠯᠭᠤᠷᠠᠳᠠᠭ ᠢ ᠲᠠᠨᠠᠷ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠨ | ᠪᠢᠳᠠᠨ ᠤ ᠴᠠᠭ ᠦᠶ᠎ᠡ ᠶᠢ ᠬᠥᠰᠡᠷᠳᠡᠭᠦᠯᠬᠦ ᠦᠭᠡᠢ ᠪᠠᠷ ᠵᠣᠷᠢᠭᠲᠠᠢ ᠰᠢᠨ᠎ᠡ ᠭᠠᠪᠢᠶ᠎ᠠ ᠪᠠᠶᠢᠭᠤᠯᠬᠤ ᠶᠢ ᠴᠠᠭ ᠢᠮᠠᠭᠲᠠ ᠵᠣᠷᠢᠭᠵᠢᠭᠤᠯᠵᠤ ᠪᠠᠶᠢᠨ᠎ᠠ︕ | ᠴᠢᠩᠭ᠎ᠠ ᠵᠠᠰᠠᠬᠤ ᠶᠢ ᠪᠠᠷᠢᠮᠲᠠᠯᠠᠵᠤ ᠵᠠᠰᠠᠭ ᠤᠨ ᠣᠷᠳᠣᠨ ᠤ ᠴᠢᠳᠠᠮᠠᠭᠠᠢ ᠪᠠᠷ ᠵᠠᠰᠠᠬᠤ ᠰᠠᠭᠤᠷᠢ ᠶᠢ ᠨᠡᠩ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠦ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠢᠶᠠᠷ ᠠᠵᠢᠯ ᠢᠶᠠᠨ ᠭᠦᠢᠴᠡᠳᠬᠡᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠠᠳᠬᠤᠵᠤ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠨᠠᠷᠢᠨ | ᠬᠢᠨᠠᠮᠠᠭᠠᠢ ᠥᠷᠨᠢᠭᠦᠯᠤᠨ ᠡᠯ᠎ᠡ ᠱᠠᠲᠤᠨ ᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠭᠠᠷᠳᠠᠨ | ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠨᠡᠭᠡᠭᠡᠯᠳᠡ ᠶᠢᠨ | ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠠᠮᠤ ᠪᠤᠳᠠᠭᠠᠨ ᠤ ᠬᠦᠷᠢᠶᠡᠨ ᠤ ᠢᠯᠵᠠᠷᠠᠯ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠵᠡᠷᠭᠡ | ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠬᠤᠰᠢᠭᠤ | ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠶᠢ ᠪᠠᠷᠢᠮᠲᠠᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ | ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ | ᠰᠠᠨᠠᠭᠤᠯᠭ᠎ᠠ ᠶᠢ 75 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ 45 ᠬᠤᠪᠢ ᠰᠢᠢᠳᠪᠦᠷᠢᠯᠡᠵᠦ᠂ ᠰᠢᠢᠳᠪᠦᠷᠢᠯᠡᠵᠦ | ᠬᠠᠷᠢᠭᠤᠯᠤᠭᠰᠠᠨ ᠨᠣᠷᠮ᠎ᠠ ᠶᠢ 100% ᠳᠤ ᠬᠦᠷᠭᠡᠵᠤ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ | ᠵᠠᠷᠭᠤ ᠬᠦᠯᠢᠶᠡᠭᠰᠡᠨ ᠨᠣᠷᠮ᠎ᠠ ᠶᠢ 100% ᠳᠤ ᠬᠦᠷᠭᠡᠵᠤ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠨᠠᠶᠢᠳᠠᠪᠤᠷᠢᠵᠢᠭᠤᠯᠬᠤ ᠬᠦᠴᠦᠨ ᠤᠯᠠᠮ ᠨᠢᠭᠡ | ᠠᠯᠬᠤᠮ ᠳᠡᠭᠡᠭᠰᠢᠯᠡᠪᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠠᠶᠤᠯ ᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠥᠪᠡᠰᠦᠪᠡᠨ ᠪᠠᠷᠢᠭᠰᠠᠨ ᠭᠡᠷ ᠪᠠᠶᠢᠰᠢᠩ | ᠂ ᠭᠠᠯ ᠰᠡᠷᠬᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ | ᠦᠢᠯᠡᠳᠪᠦᠷᠢᠯᠡᠯ ᠤᠨ ᠡ᠊ᠨᠳᠡᠯ ᠭᠠᠷᠤᠭᠰᠠᠨ ᠲᠤᠭ᠎ᠠ᠂ ᠦᠬᠦᠭᠰᠡᠨ ᠬᠥᠮᠥᠨ ᠤ ᠲᠤᠭ᠎ᠠ ᠶᠢ ᠴᠦᠮ ᠪᠠᠭᠤᠷᠠᠭᠤᠯᠪᠡ᠃ ︽ᠤᠶᠤᠨᠴᠢ ᠪᠠᠷ ᠦᠦᠰᠢᠨ ᠢ ᠵᠠᠰᠠᠬᠤ · | ᠠᠷᠠᠳ ᠤᠨ ᠬᠠᠮᠢᠶᠠᠷᠤᠭᠴᠢ︾ ᠪᠢᠴᠢᠯ ᠲᠠᠪᠴᠠᠩ ᠢ ᠰᠢᠨ᠎ᠡ ᠪᠠᠷ ᠡᠭᠦᠳᠴᠦ ︽ᠵᠦᠷᠢᠴᠡᠯ ᠵᠢᠭᠤᠷᠠᠯᠳᠤᠭᠠᠨ ᠢ ᠳᠠᠷᠤᠢ ᠳᠤ ᠨᠢ ᠡᠶᠡᠳᠡᠬᠦᠯᠬᠦ᠂ ᠲᠦᠷᠦᠯ | ᠬᠤᠪᠢᠶᠠᠨ ᠡᠶᠡᠳᠡᠬᠦᠯᠬᠦ ᠪᠠ ᠬᠠᠮᠳᠤᠷᠠᠨ ᠬᠠᠮᠢᠶᠠᠷᠴᠤ ᠡᠶᠡᠳᠡᠬᠦᠯᠬᠦ︾ ᠨᠢ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠨᠤᠲᠠᠯᠠᠯᠲᠠ ᠶᠢ | ᠣᠯᠵᠤ ︽5 +X ᠨᠢ ᠶᠠᠭᠠᠬᠢᠭᠠᠳ 1 ᠲᠠᠢ ᠲᠡᠩᠴᠡᠳᠡᠭ ᠪᠤᠢ︾ ᠨᠢ ᠪᠦᠬᠦ ᠤᠯᠤᠰ ᠤᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ ᠳᠤ ᠰᠣᠩᠭᠤᠭᠳᠠᠵᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ︽ᠵᠢᠷᠭᠤᠭᠠᠨ ᠶᠡᠭᠡ ᠲᠤᠰᠬᠠᠢ ᠲᠦᠷᠦᠯ ᠤᠨ ᠠᠵᠢᠯᠯᠠᠭ᠎ᠠ︾ ᠶᠢ ᠪᠦᠬᠦ ᠲᠠᠯ᠎ᠠ ᠪᠠᠷ | ᠥᠷᠨᠢᠭᠦᠯᠵᠦ ᠲᠥᠪ᠂ ᠥᠪᠡᠷᠲᠡᠭᠡᠨ ᠵᠠᠰᠠᠬᠤ ᠣᠷᠣᠨ ᠠᠴᠠ ᠳᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠳᠠᠬᠢᠨ ᠲᠠᠪᠲᠠᠭᠰᠠᠨ ᠤᠴᠢᠷ ᠶᠠᠪᠤᠳᠠᠯ ᠢ ᠪᠦᠬᠦᠨ ᠢ | ᠰᠢᠢᠳᠪᠦᠷᠢᠯᠡᠵᠤ ᠪᠦᠬᠦ ᠤᠯᠤᠰ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠡᠭᠦᠨ ᠠᠴᠠ | ᠭᠠᠳᠠᠨ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ | ᠬᠥᠳᠡᠯᠦᠯᠲᠡ ᠴᠠᠭ ᠠᠭᠤᠷ᠂ ᠬᠢᠨᠠᠨ ᠪᠤᠳᠤᠯᠳᠠ ᠲᠤᠭ᠎ᠠ ᠪᠦᠷᠢᠳᠬᠡᠯ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠠᠵᠢᠯ ᠨᠢ ᠰᠢᠨ᠎ᠡ ᠦᠷ᠎ᠡ ᠪᠦᠲᠦᠮᠵᠢ ᠤᠯᠪᠠ᠃ | ᠠᠶᠠᠨ ᠵᠠᠮ ᠤᠨ ᠬᠦᠴᠢᠷ ᠪᠡᠷᠭᠡᠰᠢᠶᠡᠯ ᠢ ᠦᠯᠦ ᠮᠠᠷᠲᠠᠪᠠᠯ ᠰᠠᠶ᠋ᠢ ᠵᠢᠪᠬᠤᠭ᠎ᠠ ᠲᠡᠭᠦᠯᠳᠡᠷ ᠤᠷᠤᠭᠰᠢᠯᠠᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ | ᠪᠢᠳᠡ ᠳᠠᠷᠤᠯᠲᠠ ᠶᠢ ᠳᠠᠭᠠᠭᠠᠨ ᠳᠠᠪᠰᠢᠵᠦ᠂ ᠪᠠᠶᠢᠳᠠᠯ ᠢ ᠰᠥᠷᠦᠨ ᠤᠷᠤᠭᠰᠢᠯᠠᠵᠤ ᠬᠥᠭᠵᠢᠯᠲᠡ ᠶᠢ ᠨᠡᠩ ᠯᠠᠪᠳᠠᠭᠤᠨ ᠪᠣᠯᠭᠠᠵᠤ ᠡᠷᠡᠯᠬᠡᠭᠯᠡᠨ ᠤᠷᠤᠭᠰᠢᠯᠠᠬᠤ | ᠬᠦᠴᠦᠨ ᠨᠡᠩ ᠲᠡᠭᠦᠯᠳᠡᠷ ᠪᠣᠯᠵᠠᠢ᠃ ᠡᠲᠡᠭᠡᠷ ᠠᠮᠵᠢᠯᠲᠠ ᠶᠢ ᠣᠯᠣᠭᠰᠠᠨ ᠨᠢ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠡᠵᠡᠮᠳᠡᠯ ᠪᠠ ᠪᠠᠲᠤ | ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠦᠴᠦᠲᠡᠢ ᠬᠢᠨᠠᠯᠲᠠ ᠪᠠ ᠬᠦᠴᠦᠲᠡᠢ ᠳᠡᠮᠵᠢᠯᠭᠡ ᠶᠢᠨ ᠠᠴᠢ ᠲᠤᠰᠠ᠂ ᠨᠡᠩ ᠴᠦ ᠪᠥᠬᠦ ᠬᠤᠰᠢᠭᠤᠨ ᠤ 16 ᠲᠦᠮᠡᠨ ᠺᠠᠳ᠋ᠷ ᠣᠯᠠᠨ ᠲᠦᠮᠡᠨ ᠤ ᠪᠦᠯᠬᠦᠮᠳᠡᠯ | ᠲᠡᠮᠡᠴᠡᠯ ᠪᠠ ᠴᠢᠷᠮᠠᠶᠢᠯᠭ᠎ᠠ ᠶᠢᠨ ᠠᠴᠢ ᠲᠤᠰᠠ ᠪᠣᠯᠣᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠦᠦᠰᠢᠨ ᠤ | ᠥᠭᠡᠷᠡᠴᠢᠯᠡᠯᠲᠡ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠰᠢᠭᠤᠨ ᠤ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠬᠠᠮᠤᠭ | ᠤᠨ ᠴᠢᠩ ᠰᠡᠳᠬᠢᠯ ᠤᠨ ᠲᠠᠯᠠᠷᠬᠠᠯ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷ ᠬᠦᠢᠴᠡᠳᠬᠡᠯ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠠᠷᠠᠯᠵᠢᠶᠠᠴᠢᠨ ᠤᠷᠢᠵᠤ | ᠪᠡᠯᠡ ᠣᠷᠣᠭᠤᠯᠤᠨ ᠪᠣᠭᠤᠮᠲᠠ ᠰᠢᠪᠲᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠤᠯᠠᠨ ᠵᠦᠢᠯ ᠤᠨ ᠡᠭᠦᠷᠭᠡ ᠶᠢᠨ | ᠡᠮᠦᠨ᠎ᠡ ᠪᠢᠳᠡ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠨᠠᠶᠢᠳᠠᠪᠤᠷᠢᠵᠢᠭᠤᠯᠤᠯᠲᠠ ᠶᠢ ᠠᠳᠬᠤᠵᠤ ᠨᠢᠭᠡ | ᠪᠦᠯᠦᠭ ᠳᠠᠪᠠᠯᠲᠠ ᠶᠢ ᠡᠷᠢᠯᠬᠢᠯᠡᠬᠦ᠂ ᠬᠥᠭᠵᠢᠯᠲᠡ ᠶᠢ ᠠᠬᠢᠭᠤᠯᠬᠤ ᠶᠡᠭᠡ ᠶᠠᠪᠤᠳᠠᠯ ᠴᠢᠬᠤᠯᠠ ᠶᠠᠪᠤᠳᠠᠯ ᠠᠴᠠ ᠡᠬᠢᠯᠡᠭᠦᠯᠵᠦ ᠨᠢᠭᠡ ᠪᠦᠯᠦᠭ ᠰᠠᠭᠤᠷᠢ ᠲᠠᠯᠪᠢᠬᠤ᠂ | ᠠᠯᠤᠰ ᠬᠡᠳᠦ ᠳᠤ ᠠᠰᠢᠭᠲᠠᠢ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠪᠠᠶᠢᠭᠤᠯᠵᠤ ᠨᠢᠭᠡ ᠪᠦᠯᠦᠭ ᠠᠷᠠᠳ ᠤᠨ ᠰᠠᠨᠠᠭᠠᠨ ᠳᠤ ᠨᠡᠶᠢᠴᠡᠭᠰᠡᠨ᠂ | ᠠᠷᠠᠳ ᠤᠨ ᠰᠡᠳᠬᠢᠯ ᠢ ᠣᠯᠣᠭᠰᠠᠨ ᠰᠠᠶᠢᠨ ᠶᠠᠪᠤᠳᠠᠯ ᠪᠣᠳᠠᠲᠤ ᠶᠠᠪᠤᠳᠠᠯ ᠢ ᠵᠠᠯᠭᠠᠪᠡᠷ ᠪᠦᠲᠦᠭᠡᠪᠡ᠃ ᠪᠢᠳᠠ ᠭᠠᠭᠴᠠ ᠬᠦ ᠬᠤᠰᠢᠭᠤ ᠨᠠᠮ ᠤᠨ ᠬᠤᠷᠢᠶᠠᠨ ᠤ | ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠡᠯ᠎ᠡ ᠬᠦᠷᠢᠶᠡᠨ ᠳᠤ | ᠲᠤᠭᠤᠰᠢᠯᠠᠭᠤᠯᠪᠠᠯ ᠰᠠᠶ᠋ᠢ ᠨᠣᠮᠢᠨ ᠲᠠᠩᠰᠤᠭ ᠦᠦᠰᠢᠨ ᠰᠠᠯᠬᠢ ᠳᠠᠪᠠᠯᠭᠠᠨ ᠢ ᠰᠦᠷᠦᠨ ᠯᠠᠪᠳᠠᠭᠤᠨ ᠪᠠᠲᠤᠲᠠᠢ ᠪᠠᠷ ᠠᠯᠤᠰ ᠢ ᠵᠣᠷᠢᠨ ᠤᠷᠤᠭᠰᠢᠯᠠᠵᠤ ᠴᠢᠳᠠᠨ᠎ᠠ︔ | ᠭᠠᠭᠴᠠ ᠬᠦ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ ᠢ ᠵᠠᠰᠠᠭ ᠤᠨ ᠣᠷᠳᠣᠨ ᠤ ᠬᠢᠬᠦ ᠴᠢᠬᠤᠯᠠᠲᠠᠢ ᠶᠠᠪᠤᠳᠠᠯ ᠪᠣᠯᠭᠠᠪᠠᠯ ᠰᠠᠶ᠋ᠢ ᠠᠷᠠᠳ ᠤᠨ | ᠰᠡᠳᠬᠢᠯ ᠢ ᠨᠢᠭᠲᠠᠷᠠᠭᠤᠯᠵᠤ ᠠᠷᠠᠳ ᠤᠨ ᠬᠦᠴᠦᠨ ᠢ ᠬᠤᠷᠠᠮᠳᠤᠭᠤᠯᠵᠤ ᠴᠢᠳᠠᠨ᠎ᠠ︔ ᠭᠠᠭᠴᠠ ᠬᠦ ᠬᠤᠰᠢᠭᠤ ᠳᠠᠶᠠᠭᠠᠷ ᠢᠶᠠᠨ ᠰᠡᠳᠬᠢᠯ ᠨᠢᠭᠡᠳᠦᠨ ᠰᠢᠷᠭᠠᠭᠤ | ᠬᠠᠳᠠᠭᠤᠵᠢᠯᠳᠠᠢ ᠲᠡᠮᠡᠴᠡᠵᠦ ᠰᠠᠶᠢᠲᠤᠷ ᠠᠵᠢᠯᠯᠠᠨ ᠲᠦᠷᠭᠡᠨ ᠤᠷᠤᠭᠰᠢᠯᠠᠪᠠᠯ ᠰᠠᠶ᠋ᠢ ᠥᠪᠡᠷ ᠢ ᠪᠠᠨ ᠢᠯᠠᠬᠤ ᠳᠣᠮᠳᠠ ᠲᠡᠷᠢᠭᠦᠨ ᠪᠠᠶᠢᠷᠢᠨ ᠳᠤ ᠣᠷᠣᠵᠤ ᠴᠢᠳᠠᠨ᠎ᠠ | ᠭᠡᠳᠡᠭ ᠢ ᠬᠦᠨ ᠤᠶᠢᠯᠠᠭᠠᠪᠠ᠃ | ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠶ᠋ᠢ ᠬᠦᠴᠢᠷ | ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠮᠠᠨ ᠤ ᠬᠤᠰᠢᠭᠤᠨ ᠤ ᠬᠥᠭᠵᠢᠯᠲᠡ ᠶᠢᠨ ᠬᠢᠷᠢ ᠲᠦᠪᠰᠢᠨ ᠨᠢ ᠣᠷᠣᠨ ᠪᠠᠶᠢᠷᠢ ᠶᠢᠨ ᠡᠬᠢ ᠪᠠᠶᠠᠯᠢᠭ ᠤᠨ | ᠳᠠᠪᠠᠭᠤᠯᠢᠭ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠣᠯᠵᠤ ᠬᠠᠷᠠᠬᠤ | ᠬᠡᠷᠡᠭᠲᠡᠢ᠃ ᠣᠷᠣᠨ ᠨᠤᠲᠤᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠠᠵᠤ | ᠦᠢᠯᠡᠰ ᠤᠨ ᠬᠡᠯᠬᠢᠶᠡᠵᠢᠯ ᠤᠨ ᠦᠷᠭᠦᠯᠵᠢᠯᠡᠯ ᠬᠦᠷᠦᠯᠴᠡᠬᠦ ᠦᠭᠡᠢ᠂ ᠥᠨᠳᠥᠷ ᠨᠡᠮᠡᠯᠲᠡ ᠥᠷᠲᠡᠭᠲᠤ ᠦᠢᠯᠡᠳᠬᠦᠨ ᠣᠯᠠᠨ ᠪᠢᠰᠢ᠂ ᠨᠠᠷᠠᠲᠤ ᠲᠥᠷᠥᠯ | ᠲᠡᠮᠳᠡᠭᠴᠢᠯᠡᠭᠰᠡᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ ᠬᠤᠴᠣᠷᠤᠩᠭᠤᠢ ᠪᠠᠶᠢᠨ᠎ᠠ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠰᠠᠭᠤᠷᠢ ᠨᠢᠮᠭᠡᠨ ᠪᠠᠶᠢᠵᠤ ᠲᠦᠷᠦᠯ ᠵᠦᠢᠯ ᠢ ᠤᠷᠤᠨᠵᠢᠭᠤᠯᠬᠤ ᠡᠬᠢ ᠪᠠᠶᠠᠯᠢᠭ ᠤᠨ ᠪᠠᠲᠤᠯᠠᠭ᠎ᠠ ᠶᠢᠨ ᠪᠣᠭᠤᠮᠢ ᠶᠢ ᠡᠷᠴᠢᠮ ᠢᠶᠠᠨ ᠴᠢᠩᠭᠠᠷᠠᠭᠤᠯᠵᠤ | ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ | ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠬᠠᠮᠲᠤ ᠪᠠᠷ ᠴᠢᠨᠡᠭᠡᠯᠢᠭᠵᠢᠬᠦ ᠶᠢ ᠲᠦᠯᠬᠢᠨ ᠠᠬᠢᠭᠤᠯᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠨ᠎ᠠ︔ | ᠵᠠᠷᠢᠮ ᠺᠠᠳ᠋ᠷ ᠤᠨ ᠦᠵᠡᠯ ᠰᠠᠨᠠᠭ᠎ᠠ ᠨᠢ ᠭᠦᠢᠴᠡᠳ ᠴᠢᠯᠦᠬᠡᠯᠡᠭᠳᠡᠭᠡᠲᠤᠢ᠂ ᠣᠪᠣᠷ ᠰᠤᠷᠲᠠᠯ ᠨᠢ ᠦᠨᠡᠨ ᠪᠣᠳᠠᠲᠠᠢ ᠪᠤᠰᠤ᠂ ᠴᠠᠭ ᠤᠨ ᠪᠠᠶᠢᠳᠠᠯ ᠲᠠᠢ ᠲᠤᠬᠢᠷᠠᠬᠤ | ᠦᠬᠡᠢ ᠪᠤᠳᠤᠯ ᠰᠠᠨᠠᠯ ᠪᠠ ᠦᠵᠡᠯᠲᠡ ᠲᠠᠨᠢᠯᠲᠠ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠨᠡ ᠠᠰᠠᠭᠤᠳᠠᠯ ᠳᠤ ᠪᠢᠳᠡ ᠰᠢᠭᠤᠳ | ᠬᠠᠨᠳᠤᠵᠤ ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠨ᠎ᠡ᠃ ᠥᠩᠭᠡᠷᠡᠭᠰᠡᠨ ᠨᠢᠭᠡ ᠵᠢᠯ ᠳᠤ ᠵᠢᠱᠢᠭᠰᠡᠨ ᠬᠠᠷᠠᠯᠲᠠ ᠳᠠᠭᠠᠨ ᠬᠦᠷᠴᠦ ᠴᠢᠳᠠᠭ᠎ᠠ | ᠦᠭᠡᠢ ᠠᠵᠢᠯ ᠤᠨ ᠡᠭᠦᠷᠭᠡ ᠶᠢ ᠪᠢᠳᠡ ᠣᠷᠳᠣ ᠬᠤᠭᠤᠴᠠᠭ᠎ᠠ ᠪᠠᠷ ᠪᠠᠷᠢᠮᠳᠠᠯᠠᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠪᠥᠬᠦ ᠬᠤᠰᠢᠭᠤᠨ ᠤ ᠠᠷᠠᠳ | ᠲᠦᠮᠡᠨ ᠤ ᠢᠲᠡᠭᠡᠯ ᠬᠦᠰᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠮᠥᠨᠴᠦ ᠮᠠᠨ ᠤ ᠬᠤᠰᠢᠭᠤᠨ ᠤ ᠪᠥᠬᠦ ᠤᠯᠤᠰ ᠤᠨ ᠵᠠᠭᠤᠨ ᠬᠦᠴᠦᠷᠬᠡᠭ ᠬᠤᠰᠢᠭᠤ ᠰᠢᠶᠠᠨ ᠤ ᠡᠩᠨᠡᠭᠡᠨ ᠳᠤ | ᠣᠷᠣᠬᠤ ᠪᠠᠷ ᠡᠷᠡᠮᠡᠬᠡᠶᠢᠯᠡᠨ ᠲᠡᠮᠡᠴᠡᠬᠦ ᠵᠠᠩᠭᠢᠯᠠᠭ᠎ᠠ ᠶᠢᠨ ᠬᠦᠴᠦᠯᠡᠬᠦ ᠵᠢᠯ ᠪᠣᠯᠣᠨ᠎ᠠ᠃ ᠦᠦᠰᠢᠨ ᠬᠤᠰᠢᠭᠤ ᠨᠢ ᠣᠳᠣ ᠶᠠᠭ ᠣᠯᠠᠨ ᠳᠠᠪᠠᠭᠤᠯᠢᠭ ᠲᠠᠢ | ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠡᠷᠴᠢ ᠵᠣᠷᠢᠭ ᠲᠠᠢ ᠪᠠᠷ ᠬᠦᠴᠦᠯᠡᠨ ᠲᠠᠪᠰᠢᠬᠤ ᠰᠢᠪᠲᠤᠯᠤᠯᠲᠠ ᠶᠢᠨ ᠬᠤᠭᠤᠴᠠᠭ᠎ᠠ᠂ | ᠡᠷᠡᠮᠡᠬᠡᠶᠢᠯᠡᠨ ᠤᠷᠤᠭᠰᠢᠯᠠᠵᠤ ᠦᠷᠭᠦᠯᠵᠢᠯᠡᠨ ᠲᠡᠮᠡᠴᠡᠬᠦ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠢᠳᠠ ᠬᠠᠨᠳᠤᠰᠢ ᠪᠠᠶᠢᠳᠠᠯ ᠳᠤ ᠳᠤᠬᠢᠷᠠᠭᠤᠯᠤᠨ ᠠᠷᠭ᠎ᠠ | ᠤᠬᠠᠭᠠᠨ ᠭᠠᠷᠭᠠᠵᠤ ᠭᠠᠪᠰᠢᠭᠠᠶᠢᠯᠠᠨ ᠠᠵᠢᠯᠯᠠᠵᠤ ᠪᠤᠳᠠᠲᠠᠢ ᠠᠵᠢᠯ ᠪᠦᠲᠦᠮᠵᠢ ᠪᠠᠷ ᠢᠶᠠᠨ ᠰᠢᠨ᠎ᠡ ᠰᠠᠶᠢᠨ ᠰᠠᠶᠢᠬᠠᠨ ᠢᠷᠡᠭᠡᠳᠦᠢ ᠶᠢ ᠴᠤᠭᠴᠠᠯᠠᠨ ᠪᠠᠶᠢᠭᠤᠯᠵᠤ | ᠰᠢᠨ᠎ᠡ ᠬᠦᠭᠵᠢᠯᠲᠡ ᠶᠢᠨ ᠬᠠᠭᠤᠳᠠᠰᠤ ᠶᠢ ᠪᠢᠴᠢᠭᠯᠡᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠨᠠᠮ ᠤᠨ ᠬᠤᠷᠢᠳᠤᠭᠠᠷ ᠶᠡᠭᠡ ᠬᠤᠷᠠᠯ | ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠱᠠᠭᠠᠷᠳᠠᠯᠭ᠎ᠠ ᠂ ᠤᠷᠳᠤᠰ ᠤᠨ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠲᠦᠷᠭᠡᠯᠡᠨ ᠪᠠᠶᠢᠭᠤᠯᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ | ᠪᠠ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠵᠦ ︽ᠭᠤᠷᠪᠠ ᠳᠥᠷᠪᠡ ᠳᠥᠷᠪᠡ︾ ᠶᠢᠨ ᠬᠥᠭᠵᠢᠯᠲᠡ ᠶᠢᠨ ᠡᠭᠦᠷᠭᠡ ᠶᠢ ᠲᠦᠷᠭᠡᠨ | ᠠᠬᠢᠭᠤᠯᠵᠤ ︽ᠭᠤᠷᠪᠠᠨ ᠶᠡᠭᠡ ᠠᠵᠢᠯ︾ ᠢ ᠰᠠᠶᠢᠲᠤᠷ ᠬᠢᠵᠦ ︽ᠲᠠᠪᠤᠨ ᠶᠡᠭᠡ ᠰᠢᠪᠲᠤᠯᠤᠯᠲᠠ︾ ᠶᠢ ᠪᠡᠶᠡᠯᠡᠭᠦᠯᠦᠨ ᠴᠢᠨᠠᠷ ᠰᠠᠶᠢᠲᠠᠢ ᠨᠤᠮᠢᠨ ᠲᠠᠩᠰᠤᠭ | ᠦᠦᠰᠢᠨ ᠤ ᠰᠢᠨ᠎ᠡ ᠪᠠᠶᠢᠳᠠᠯ ᠢ ᠡᠬᠦᠳᠦᠨ ᠨᠡᠭᠡᠭᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠨᠡᠮᠡᠭᠳᠡᠭᠦᠯᠦᠨ᠂ 524 ᠳ᠋ᠦᠩᠰᠢᠭᠤᠷ | ᠲᠥᠭᠦᠷᠢᠭ ᠲᠤ ᠬᠦᠷᠭᠡᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 5% ᠨᠡᠮᠡᠭᠳᠡᠭᠦᠯᠦᠨ᠂ 45 ᠳ᠋ᠦᠩᠰᠢᠭᠤᠷ | ᠲᠥᠭᠦᠷᠢᠭ ᠲᠤ ᠬᠦᠷᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠨᠡᠮᠡᠭᠳᠡᠭᠦᠯᠦᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠥᠷᠭᠡᠳᠬᠡᠨ ᠲᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ | ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 5.5% ᠨᠡᠮᠡᠭᠳᠡᠭᠦᠯᠦᠨ᠂ 37 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.5% ᠪᠠ 8% ᠠᠴᠠ ᠳᠡᠭᠡᠭᠰᠢ ᠨᠡᠮᠡᠭᠳᠡᠭᠦᠯᠦᠨ᠂ | ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠨ᠎ᠡ᠃ | ︵ᠨᠢᠭᠡ︶ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ᠂ ᠲᠣᠭᠲᠠᠭᠤᠨ ᠤ ᠳᠤᠮᠳᠠ ᠰᠢᠯᠢᠳᠡᠭᠵᠢᠭᠦᠯᠦᠨ ᠬᠥᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ | ᠲᠦᠷᠦᠯ ᠵᠦᠢᠯ ᠢᠶᠠᠷ ᠳᠠᠭᠠᠭᠤᠯᠤᠨ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠠᠬᠢᠨ | ᠰᠢᠪᠲᠤᠯᠤᠯᠲᠠ ᠳᠤ 42 ᠲᠥᠷᠥᠯ ᠤᠨ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠲᠤ ᠲᠥᠷᠥᠯ ᠵᠦᠢᠯ ᠢ ᠴᠢᠩᠭ᠎ᠠ ᠠᠳᠬᠤᠵᠤ ︽ | ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ + ᠠᠵᠢᠯ ᠤᠨ ᠲᠤᠰᠬᠠᠢ ᠠᠩᠭᠢ︾ ᠶᠢᠨ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠭᠠᠷ ᠬᠦᠢᠴᠡᠳᠭᠡᠯ ᠢ ᠲᠦᠷᠪᠡᠳᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠭᠦᠢᠴᠡᠳᠬᠡᠬᠦ ᠶᠢ ᠪᠠᠲᠤᠯᠠᠵᠤ | ᠬᠠᠪᠤᠷ ᠤᠨ ᠡᠬᠢ ᠪᠠᠷ ᠠᠵᠢᠯ ᠡᠬᠢᠯᠡᠭᠦᠯᠤᠨ ᠠᠵᠢᠯ ᠢᠶᠠᠨ ᠡᠬᠢᠯᠡᠬᠦᠯᠦᠮᠡᠭᠴᠡ ᠰᠠᠶᠢᠲᠤᠷ ᠬᠢᠵᠤ ᠪᠥᠬᠦ ᠵᠢᠯ ᠳᠤ 250 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠲᠦᠷᠦᠯ ᠵᠦᠢᠯ ᠲᠣᠭᠲᠠᠭᠠᠵᠤ ᠪᠡᠯᠡ ᠮᠥᠩᠭᠦ ᠲᠡᠮᠡᠴᠡᠨ ᠣᠯᠬᠤ ᠲᠠᠯ᠎ᠠ ᠪᠠᠷ ᠬᠦᠴᠦᠯᠡᠵᠦ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ᠂ ᠲᠦᠷᠦ ᠶᠢᠨ ᠪᠣᠳᠣᠯᠭ᠎ᠠ ᠶᠢᠨ | ᠴᠢᠨᠠᠷᠲᠠᠢ ᠨᠡᠭᠡᠭᠡᠨ ᠠᠰᠢᠭᠯᠠᠬᠤ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠭᠡᠷᠡᠭᠯᠡᠬᠦᠷ ᠵᠡᠷᠭᠡ ᠲᠠᠢ ᠤᠶᠠᠯᠳᠤᠭᠤᠯᠤᠨ ᠨᠢᠭᠡ ᠪᠦᠯᠦᠭ ᠲᠦᠷᠦᠯ ᠵᠦᠢᠯ ᠢ ᠴᠢᠨᠠᠷ | ᠰᠠᠶᠢᠲᠠᠢ ᠲᠥᠯᠥᠪᠯᠡᠵᠦ ᠭᠤᠶᠤᠴᠢᠯᠠᠨ ᠮᠡᠳᠡᠭᠦᠯᠦᠨ ᠨᠥᠭᠡᠴᠡᠯᠡᠵᠦ ᠨᠡᠩ ᠤᠯᠠᠨ ᠲᠦᠷᠦ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ | ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠳᠠᠬᠢᠨᠲᠠ ᠰᠢᠪᠲᠤᠯᠤᠯᠲᠠ ᠭᠠᠷᠭᠠᠵᠤ ᠶᠢᠰᠦᠨ ᠶᠡᠭᠡ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠴᠢᠩᠭ᠎ᠠ ᠠᠩᠬᠠᠷᠴᠤ ᠡᠭᠦᠳᠡ ᠲᠤᠭᠰᠢᠵᠤ ᠠᠷᠠᠯᠵᠢᠶᠠᠴᠢᠨ ᠤᠷᠢᠬᠤ᠂ ᠠᠷᠢᠯᠵᠢᠶᠠᠴᠢᠨ ᠢᠶᠠᠷ | ᠠᠷᠠᠯᠵᠢᠶᠠᠴᠢᠨ ᠢ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠶᠢ ᠦᠨᠳᠦᠷ ᠪᠠᠷᠢᠮᠵᠢᠶ᠎ᠠ ᠪᠠᠷ ᠠᠬᠢᠭᠤᠯᠵᠤ ᠭᠡᠷ᠎ᠡ ᠲᠤᠭᠲᠠᠬᠤ ᠪᠠ | ᠤᠷᠤᠨᠵᠢᠭᠤᠯᠵᠤ ᠪᠦᠲᠦᠭᠡᠨ ᠪᠠᠶᠢᠭᠤᠯᠬᠤ ᠶᠢ ᠬᠠᠮᠳᠤᠪᠡᠷ ᠠᠳᠬᠤᠵᠤ ᠴᠦᠮ ᠰᠠᠶᠢᠲᠤᠷ ᠬᠢᠬᠦ ᠶᠢ ᠪᠠᠷᠢᠮᠲᠠᠯᠠᠵᠤ ᠴᠢᠨᠠᠷ ᠰᠠᠶᠢᠲᠠᠢ᠂ ᠪᠤᠬᠢᠷᠳᠤᠯ ᠦᠬᠡᠢ᠂ ᠰᠢᠨ᠎ᠡ | ᠶᠢ ᠡᠭᠦᠳᠦᠭᠰᠡᠨ ᠨᠢᠭᠡ ᠪᠦᠯᠦᠭ ᠰᠢᠯᠢᠳᠡᠭ ᠲᠦᠷᠦᠯ ᠵᠦᠢᠯ ᠢ ᠤᠷᠢᠨ ᠠᠪᠴᠢᠷᠠᠵᠤ ᠤᠷᠤᠨᠵᠢᠭᠤᠯᠤᠨᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠲᠠᠯ᠎ᠠ ᠪᠠᠷ ᠤᠷᠤᠨᠵᠢᠭᠤᠯᠤᠭᠰᠠᠨ ᠪᠡᠯᠡ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠦᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠬᠥᠳᠡᠯᠭᠡᠭᠴᠢ ᠬᠦᠴᠦᠨ ᠨᠡᠮᠡᠷᠢᠯᠡᠨ᠎ᠡ᠃ | ᠣᠨᠣᠪᠴᠢᠲᠠᠢ ᠬᠦᠴᠦᠯᠡᠨ ᠬᠡᠷᠡᠭᠯᠡᠭᠡ ᠶᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢᠨ ᠴᠢᠳᠠᠪᠤᠷᠢ ᠳᠡᠰ ᠢ ᠳᠡᠭᠡᠭᠰᠢᠯᠡᠭᠦᠯᠵᠦ ᠬᠡᠷᠡᠭᠯᠡᠭᠡ ᠶᠢ ᠳᠡᠰ | ᠳᠡᠪᠰᠢᠭᠦᠯᠦᠨ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ ᠡᠯ᠎ᠡ ᠲᠦᠷᠦᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ᠂ ᠬᠤᠨᠣᠭᠯᠠᠬᠤ ᠪᠠᠭᠤᠳᠠᠯᠯᠠᠬᠤ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠠᠵᠢᠯ ᠲᠦᠷᠦᠯ ᠢ ᠲᠦᠷᠭᠡᠬᠡᠨ ᠰᠡᠷᠭᠦᠭᠡᠨ | ᠬᠥᠭᠵᠢᠭᠦᠯᠵᠦ ᠮᠠᠰᠢᠨ ᠲᠡᠷᠭᠡ᠂ ᠨᠥᠬᠦᠴᠡᠯ ᠢ ᠰᠠᠶᠢᠵᠢᠷᠠᠭᠤᠯᠤᠭᠰᠠᠨ ᠣᠷᠣᠨ ᠰᠠᠭᠤᠴᠠ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠬᠦᠴᠦᠯᠡᠨ ᠬᠥᠭᠵᠢᠭᠡᠵᠦ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠪᠦᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠨ᠎ᠠ᠃ | ᠰᠢᠨ᠎ᠡ ᠬᠡᠯᠪᠡᠷᠢ ᠶᠢᠨ ᠬᠡᠷᠡᠭᠯᠡᠭᠡ ᠶᠢ ᠲᠦᠷᠭᠡᠳᠬᠡᠨ ᠬᠥᠭᠵᠢᠭᠦᠯᠵᠦ 5G᠂ ᠣᠶᠤᠨᠴᠢ ᠭᠡᠷ ᠤᠨ ᠬᠡᠷᠡᠭᠰᠡᠯ ᠴᠠᠬᠢᠯᠭᠠᠨ ᠬᠡᠷᠡᠭᠰᠡᠯ ᠵᠡᠷᠭᠡ ᠦᠢᠯᠡᠳᠬᠦᠨ ᠤ | ᠬᠡᠷᠡᠭᠯᠡᠭᠡ ᠶᠢ ᠢᠳᠡᠪᠬᠢᠲᠡᠢ ᠪᠠᠷ ᠥᠷᠭᠡᠳᠬᠡᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠲᠣᠭᠠᠴᠢᠯᠠᠭᠰᠠᠨ ᠡᠵᠡᠩᠨᠡᠯᠲᠡ ᠪᠣᠷᠤᠯᠠᠭᠤᠯᠭ᠎ᠠ᠂ ᠵᠣᠯᠭᠠᠬᠤ | ᠦᠭᠡᠢ ᠪᠠᠷ ᠪᠠᠷᠠᠭ᠎ᠠ ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠬᠥᠭᠵᠢᠯᠲᠡ ᠶᠢ ᠳᠡᠮᠵᠢᠨ᠎ᠡ᠃ ᠡᠯᠧᠺᠲᠷᠣᠨ ᠬᠤᠳᠠᠯᠳᠤᠭᠠᠨ ᠤ ᠦᠢᠯᠡᠰ ᠢ ᠶᠡᠬᠡᠪᠡᠷ | ᠬᠥᠭᠵᠢᠭᠦᠯᠵᠦ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠴᠢᠳᠠᠪᠤᠷᠢᠲᠠᠨ ᠢ ᠬᠥᠮᠥᠵᠢᠭᠦᠯᠦᠨ ᠬᠤᠲᠠ | ᠬᠥᠳᠡᠭᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ ᠨᠠᠩ ᠣᠯᠠᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠳᠡᠮᠵᠢᠵᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ | ᠬᠡᠮᠵᠢᠶ᠎ᠡ ᠶᠢ 50% ᠠᠴᠠ ᠳᠡᠭᠡᠭᠰᠢ ᠨᠡᠮᠡᠭᠳᠡᠭᠦᠯᠦᠨ᠎ᠡ᠃ | ᠲᠦᠷᠦ ᠶᠢᠨ ᠪᠣᠳᠣᠯᠭ᠎ᠠ ᠪᠠᠷ ᠵᠢᠯᠣᠭᠤᠳᠤᠭᠤᠯᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ᠎ᠠ᠃ ᠤᠯᠤᠰ ᠤᠨ ᠭᠠᠶᠢᠯᠢ ᠶᠢᠨ ᠳᠡᠮᠵᠢᠯᠭᠡ ᠪᠠ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ | ᠵᠠᠬᠢᠶᠠᠯᠠᠭ᠎ᠠ ᠶᠢ ᠣᠯᠬᠤ᠂ ᠲᠦᠭᠦᠬᠡᠢ ᠮᠠᠲ᠋ᠧᠷᠢᠶᠠᠯ ᠡᠷᠢᠬᠦ᠂ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠬᠦ᠂ ᠠᠵᠢᠯᠴᠢᠨ ᠬᠡᠷᠡᠭᠯᠡᠬᠦ ᠶᠢ ᠠᠬᠢᠭᠤᠯᠬᠤ ᠵᠡᠷᠭᠡ ᠶᠢ | ᠪᠦᠬᠦ ᠬᠦᠴᠦᠨ ᠢᠶᠠᠷ ᠢᠶᠠᠨ ᠬᠠᠪᠰᠤᠷᠤᠨ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠵᠤ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠬᠥᠭᠵᠢᠬᠦ ᠶᠢ ᠳᠡᠮᠵᠢᠨ᠎ᠠ᠃ ᠠᠵᠤ ᠠᠬᠤᠶᠢᠯᠠᠯ ᠤᠨ ᠱᠠᠲᠤᠯᠢᠭ ᠬᠥᠭᠵᠢᠯᠲᠡ ᠶᠢ | ᠴᠢᠩᠭᠠᠳᠬᠠᠨ ︽ᠳᠦᠷᠪᠡᠨ ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ︾ ᠠᠵᠤ ᠠᠬᠤᠶᠢᠯᠠᠯ ᠢ 10 ᠠᠴᠠ ᠳᠡᠭᠡᠭᠰᠢ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ 2000 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ ᠪᠠ | ᠲᠣᠭᠠᠴᠢᠯᠠᠭᠰᠠᠨ ᠲᠡᠰ ᠳᠡᠪᠰᠢᠭᠦᠯᠬᠦ ᠠᠵᠢᠯ ᠢ ᠥᠷᠨᠢᠭᠦᠯᠬᠦ ᠶᠢ ᠬᠥᠲᠥᠯᠥᠨ ᠵᠢᠯᠤᠭᠤᠳᠴᠤ ᠠᠵᠤ ᠠᠬᠤᠶᠢᠯᠠᠯ ᠤᠨ ᠬᠥᠳᠡᠯᠭᠡᠭᠴᠢ ᠬᠦᠴᠦᠨ ᠪᠠ | ᠥᠷᠢᠰᠦᠯᠳᠦᠭᠴᠢ ᠬᠦᠴᠦᠨ ᠢ ᠴᠢᠩᠭᠠᠷᠠᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠠᠵᠢᠯᠯᠠᠭ᠎ᠠ ᠶᠢ ᠥᠷᠨᠢᠭᠦᠯᠦᠨ ᠤᠯᠤᠰ ᠤᠨ ᠥᠮᠴᠢᠯᠡᠯᠲᠦ ᠬᠥᠷᠥᠩᠭᠡ ᠶᠢ ᠰᠢᠨ᠎ᠡ ᠡᠨᠧᠷᠭᠢ᠂ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠴᠠᠷᠠᠭᠠᠨ ᠳᠠᠬᠢ ᠬᠥᠭᠵᠢᠯᠲᠡ ᠳᠤ ᠣᠷᠤᠯᠴᠠᠬᠤ ᠶᠢ ᠲᠡᠮᠵᠢᠵᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠤᠯᠭ᠎ᠠ ᠶᠢ 8% ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠠᠬᠤᠶᠢᠯᠠᠯᠲᠠᠳ ᠲᠠᠢ ᠳᠣᠲᠣᠨᠣ ᠪᠠᠷ ᠬᠠᠷᠢᠯᠴᠠᠵᠤ ᠰᠠᠶᠢᠨ ᠠᠷᠭ᠎ᠠ ᠪᠣᠳᠠᠲᠤ | ᠠᠷᠭ᠎ᠠ ᠰᠢᠨ᠎ᠡ ᠠᠷᠭ᠎ᠠ ᠠᠪᠴᠤ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ︵ᠬᠤᠶᠠᠷ︶ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠦᠨ ᠳᠠᠶᠢᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ | ᠮᠠᠯ ᠲᠠᠷᠢᠶᠠᠯᠠᠩ ᠠᠵᠤ ᠠᠬᠤᠢ ᠶᠢ ᠰᠢᠯᠢᠳᠡᠭᠵᠢᠭᠦᠯᠦᠨ ᠬᠥᠭᠵᠢᠭᠦᠯᠦᠨ᠎ᠡ᠃ ᠨᠢᠭᠡᠳᠦᠭᠡᠷ ᠠᠵᠤ ᠦᠢᠯᠡᠰ ᠢ ᠬᠥᠭᠵᠢᠭᠦᠯᠬᠦ ᠲᠥᠯᠥᠪᠯᠡᠭᠡ ᠶᠢ ᠪᠦᠬᠦ ᠲᠠᠯ᠎ᠠ | ᠪᠠᠷ ᠠᠬᠢᠭᠤᠯᠵᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 10% ᠠᠴᠠ ᠳᠡᠭᠡᠭᠰᠢ ᠨᠡᠮᠡᠭᠳᠡᠭᠦᠯᠬᠦ ᠶᠢ ᠪᠠᠲᠤᠯᠠᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠮᠠᠯ ᠲᠠᠷᠢᠶᠠᠯᠠᠩ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ | ᠡᠷᠴᠢᠮ ᠢ ᠴᠢᠩᠭᠠᠷᠠᠭᠤᠯᠤᠨ ᠰᠢᠷ᠎ᠠ ᠪᠤᠷᠴᠠᠭ ᠡᠷᠳᠡᠨᠢ ᠰᠢᠰᠢ ᠶᠢ ᠱᠠᠩ ᠠᠯᠠᠭᠯᠠᠭᠤᠯᠤᠨ ᠳᠠᠷᠢᠬᠤ ᠡᠭᠦᠷᠭᠡ ᠶᠢ ᠪᠡᠶᠡᠯᠡᠭᠦᠯᠵᠦ ᠬᠤᠵᠢᠷᠯᠢᠭ ᠭᠠᠵᠠᠷ ᠢ | ᠰᠠᠶᠢᠵᠢᠷᠠᠭᠤᠯᠬᠤ ᠶᠢ ᠲᠤᠷᠰᠢᠨ ᠥᠷᠨᠢᠭᠦᠯᠵᠦ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨᠬᠦ ᠪᠠᠲᠤᠯᠠᠨ᠎ᠠ᠃ ᠴᠢᠨᠠᠷ ᠰᠠᠶᠢᠲᠠᠢ ᠲᠡᠵᠢᠭᠡᠯ | ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ 16 ᠲᠦᠮᠡᠨ ᠮᠦ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ | ︽ᠦᠬᠡᠷ᠂ ᠬᠤᠨᠢ᠂ ᠭᠠᠭ᠋ᠠᠢ︾ ᠪᠠᠷ ᠭᠤᠣᠯᠯᠠᠭᠤᠯᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠠᠯᠠᠰᠢᠨ ᠦᠬᠡᠷ ᠲᠡᠵᠢᠭᠡᠨ ᠮᠠᠯᠵᠢᠬᠤ ︽ᠵᠠᠭᠤ ᠮᠢᠩᠭ᠎ᠠ | ᠲᠦᠮᠡ︾ ᠶᠢᠨ ᠢᠨᠵᠧᠨᠧᠷᠢᠩ ᠢ ᠬᠡᠷᠡᠭᠵᠢᠭᠦᠯᠵᠦ ᠪᠡᠭᠡᠵᠢᠩ ᠤᠨ ᠰᠢᠦ᠋ᠩ ᠲᠧ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠶᠢᠨ ᠲᠠᠢ ᠶᠠᠩ | ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠬᠥᠲᠥᠴᠢ ᠠᠵᠤ ᠠᠬᠤᠶᠢᠯᠠᠯ ᠢᠶᠠᠷ ︽ᠬᠥᠳᠡᠯᠭᠡᠭᠦᠷ︾ ᠪᠣᠯᠭᠠᠵᠤ ᠠᠯᠠᠰᠢᠨ ᠦᠬᠡᠷ ᠤᠨ | ᠠᠵᠤ ᠦᠢᠯᠡᠰ ᠤᠨ ᠬᠡᠯᠬᠢᠶᠡᠵᠢᠯ ᠢ ᠪᠣᠶ ᠪᠣᠯᠭᠠᠨ ︽ᠦᠦᠰᠢᠨ ᠬᠠᠷ᠎ᠠ ᠦᠬᠡᠷ︾ ᠳᠡᠭᠡᠳᠦ ᠲᠠᠰ ᠤᠨ ᠠᠯᠠᠰᠢᠨ ᠦᠬᠡᠷ ᠤᠨ ᠭᠤᠣᠯᠯᠠᠭᠴᠢ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ︔ ᠣᠷᠳᠣᠰ ᠨᠠᠷᠢᠨ ᠨᠣᠣᠰᠣᠲᠤ ᠬᠤᠨᠢ ᠶᠢ ᠢᠬᠡᠷᠡᠯᠡᠭᠦᠯᠬᠦ ᠮᠡᠷᠭᠡᠵᠢᠯ ᠢ ᠳᠡᠯᠭᠡᠷᠡᠭᠦᠯᠬᠦ ᠶᠢ ᠳᠡᠮᠵᠢᠵᠤ ᠳᠤᠭᠠᠴᠢᠯᠠᠭᠰᠠᠨ ᠬᠠᠮᠢᠶᠠᠷᠤᠯᠲᠠ | ᠶᠢᠨ ᠲᠤᠭᠲᠠᠯᠴᠠᠭ᠎ᠠ ᠶᠢ ᠪᠠᠶᠢᠭᠤᠯᠵᠤ ᠣᠷᠳᠣᠰ ᠨᠠᠷᠢᠨ ᠨᠣᠣᠰᠣᠲᠤ ᠬᠤᠨᠢᠨ ᠤ ᠡᠭᠦᠯᠳᠡᠷ ᠢ ᠬᠠᠮᠠᠭᠠᠯᠠᠨ ᠮᠠᠯᠵᠢᠬᠤ᠂ ᠨᠣᠣᠰᠣ ᠨᠣᠣᠯᠣᠭᠤᠷ ᠠᠷᠠᠰᠤ ᠶᠢ | ᠡᠳ᠋ᠰᠢᠭᠦᠯᠬᠦ ᠵᠡᠷᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ︔ ︽ᠬᠤᠸᠠᠩ ᠰᠢᠶᠠᠩ︾ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰ ᠢ | ᠰᠠᠶᠢᠲᠤᠷ ᠬᠥᠭᠵᠢᠭᠦᠯᠵᠦ ᠥᠪᠥᠷ ᠮᠣᠩᠭᠤᠯ ᠤᠨ ᠵᠧᠩ ᠳ᠋ᠡ ᠬᠢᠵᠠᠭᠠᠷᠲᠤ ᠺᠣᠮᠫᠠᠨᠢ᠂ ᠦᠦᠰᠢᠨ ᠬᠤᠰᠢᠭᠤᠨ ᠤ ᠱᠤᠸᠠᠩ ᠺᠠᠩ ᠮᠠᠯ ᠲᠠᠷᠢᠶᠠᠯᠠᠩ ᠤᠨ ᠦᠢᠯᠡᠰ | ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠡᠷᠭᠡ ᠭᠠᠭ᠋ᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠭᠠᠭ᠋ᠠᠢ ᠶᠢᠨ ᠮᠢᠬᠠᠨ ᠤ ᠵᠠᠬ᠎ᠠ ᠳᠡᠯᠭᠡᠭᠦᠷ ᠤᠨ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠰᠦ ᠰᠠᠭᠠᠯᠢ ᠶᠢᠨ ᠦᠢᠯᠡᠰ ᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠠᠬᠢᠭᠤᠯᠤᠨ᠎ᠠ᠃ ᠦᠷ᠎ᠡ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠯᠬᠤᠴᠠ | ᠶᠢ ᠲᠦᠷᠭᠡᠳᠭᠡᠵᠤ ᠭᠠᠳᠠᠭᠠᠳᠤ ᠠᠴᠠ 2500 ᠰᠢᠯᠢᠳᠡᠭ ᠡᠭᠦᠯᠳᠡᠷ ᠤᠨ ᠪᠤᠬ᠎ᠠ ᠶᠢ ᠣᠷᠣᠭᠤᠯᠤᠨ ᠠᠪᠴᠢᠷᠠᠵᠤ ᠳᠡᠯᠡᠬᠡᠢ ᠶᠢᠨ ᠨᠡᠷᠡᠳᠤ ᠰᠢᠯᠢᠳᠡᠭ ᠡᠭᠦᠯᠳᠡᠷ ᠢ | ᠣᠷᠣᠨ ᠨᠤᠲᠤᠭᠴᠢᠯᠠᠨ ᠬᠡᠪᠴᠢᠶᠡᠵᠢᠭᠦᠯᠵᠦ ᠦᠦᠰᠢᠨ ᠠᠳᠤᠭᠤ ᠶᠢᠨ ᠡᠭᠦᠯᠳᠡᠷ ᠢ ᠬᠠᠮᠠᠭᠠᠯᠵᠤ ᠦᠷᠡᠵᠢᠬᠦᠯᠦᠨ ᠪᠤᠶᠢᠵᠢᠭᠤᠯᠬᠤ ᠭᠤᠷᠪᠠᠨ ᠵᠢᠯ ᠤᠨ ᠠᠵᠢᠯᠯᠠᠭ᠎ᠠ | ᠶᠢ ᠶᠠᠪᠤᠭᠳᠠᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ᠂ ᠠᠵᠤ ᠦᠢᠯᠡᠰᠴᠢᠯᠡᠭᠰᠡᠨ ᠬᠤᠯᠪᠣᠭᠠᠲᠤ ᠴᠣᠭᠴᠠ ᠶᠢ ᠴᠢᠨᠠᠷ ᠰᠠᠶᠢᠲᠠᠢ | ᠬᠥᠭᠵᠢᠭᠦᠯᠵᠦ ᠨᠢᠭᠡ ᠪᠦᠯᠦᠭ ᠠᠵᠤ ᠦᠢᠯᠡᠰ ᠤᠨ ᠬᠦᠴᠦᠷᠬᠡᠭ ᠰᠤᠮᠤ ᠪᠠᠯᠭᠠᠰᠤ ᠪᠠ ︽ᠨᠢᠭᠡ ᠭᠠᠴᠠᠭ᠎ᠠ ᠲᠣᠰᠬᠤᠨ ᠨᠢᠭᠡ ᠪᠦᠲᠦᠭᠡᠭᠳᠡᠬᠦᠨ︾ ᠤ ᠵᠢᠱᠢᠶ᠎ᠡ | ᠦᠵᠡᠭᠦᠯᠬᠦ ᠭᠠᠴᠠᠭ᠎ᠠ ᠲᠣᠰᠬᠤᠨ ᠢ ᠪᠠᠶᠢᠭᠤᠯᠵᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠴᠢᠩᠭᠠᠳᠬᠠᠨ | ᠨᠢᠭᠡ ᠪᠦᠯᠦᠭ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ | ᠪᠦᠲᠦᠭᠡᠭᠳᠡᠬᠦᠨ᠂ ᠪᠦᠬᠦ ᠤᠯᠤᠰ ᠤᠨ ᠨᠠᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯᠲᠡ ᠶᠢ ᠰᠢᠨ᠎ᠡ ᠪᠠᠷ ᠣᠯᠵᠤ | ᠨᠢᠭᠡᠳᠦᠭᠡᠷ ᠬᠤᠶᠠᠳᠤᠭᠠᠷ ᠳᠡᠰ ᠤᠨ ᠬᠤᠲᠠ ᠳᠠᠬᠢ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠥᠷᠭᠡᠳᠬᠡᠵᠦ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠰᠠᠶᠢᠲᠤᠷ ᠬᠤᠳᠠᠯᠳᠤᠨ ᠭᠠᠷᠭᠠᠨ᠎ᠠ᠃ | ᠠᠵᠤ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠤᠷᠢ ᠶᠢ ᠥᠷᠭᠡᠳᠬᠡᠬᠦ ᠶᠢ ᠠᠬᠢᠭᠤᠯᠤᠨ᠎ᠠ᠃ ︽ᠭᠤᠷᠪᠠᠨ ᠶᠡᠭᠡ ᠤᠯᠤᠰ ᠤᠨ ᠲᠠᠰ ᠤᠨ | ᠠᠵᠤ ᠦᠢᠯᠡᠰ ᠤᠨ ᠭᠤᠣᠯ ᠣᠷᠣᠨ︾ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠠᠵᠤ ᠦᠢᠯᠡᠰ ᠤᠨ ᠬᠦᠭᠵᠢᠯᠲᠡ ᠶᠢᠨ ᠴᠢᠳᠠᠪᠤᠷᠢ | ᠳᠡᠰ ᠢ ᠳᠡᠭᠡᠭᠰᠢᠯᠡᠬᠦᠯᠦᠨ᠎ᠡ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ ᠨᠡᠭᠦᠷᠡᠰᠦᠨ ᠤ ᠭᠠᠷᠭᠠᠯᠳᠠ ᠶᠢ 4600 | ᠲᠦᠮᠡᠨ ᠲᠣᠨ ᠳᠤ ᠬᠦᠷᠬᠡᠵᠦ ᠮᠠᠩᠬᠢᠰᠤᠨ ᠵᠠᠳᠠᠭᠠᠢ ᠨᠡᠭᠦᠷᠡᠰᠦᠨ ᠠᠭᠤᠷᠬᠠᠢ ᠪᠣᠯᠣᠨ ᠲᠤᠭᠤᠭᠠᠲᠤ ᠨᠡᠭᠦᠷᠡᠰᠦᠨ ᠠᠭᠤᠷᠬᠠᠢ ᠶᠢ ᠡᠬᠢᠯᠡᠭᠦᠯᠦᠨ ᠪᠦᠲᠦᠭᠡᠨ | ᠪᠠᠶᠢᠭᠤᠯᠵᠦ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢ ᠭᠦᠨᠵᠡᠭᠡᠢ ᠰᠢᠢᠳᠪᠦᠷᠢᠯᠡᠬᠦ ᠶᠡᠷᠦᠩᠬᠡᠢ ᠦᠢᠯᠡᠳᠪᠦᠷᠢ᠂ ᠷᠦᠩ ᠬᠤᠩ ᠱᠧᠩ ᠷᠦᠢ ᠡᠨᠧᠷᠭᠢ ᠶᠢᠨ | ᠬᠢᠵᠠᠭᠠᠷᠲᠤ ᠺᠤᠮᠫᠠᠨᠢ ᠶᠢᠨ 40 ᠲᠦᠮᠡᠨ ᠲᠣᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠲᠥᠷᠥᠯ ᠵᠦᠢᠯ ᠢ ᠬᠡᠷᠡᠭᠵᠢᠭᠦᠯᠵᠦ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠠᠳᠠᠭᠠᠯᠠᠭᠳᠠᠴᠠ ᠶᠢ ᠨᠡᠮᠡᠭᠳᠡᠭᠦᠯᠤᠨ ᠭᠠᠷᠭᠠᠯᠳᠠ ᠶᠢ ᠶᠡᠭᠡᠰᠭᠡᠵᠦ ᠪᠠ ᠬᠡᠯᠬᠢᠶᠡᠵᠢᠯ ᠢ ᠤᠷᠲᠤᠳᠬᠠᠨ ᠬᠥᠭᠵᠢᠭᠦᠯᠵᠦ ᠵᠦᠩ ᠮᠧᠢ | ᠪᠦᠯᠦᠭᠯᠡᠯ ᠤᠨ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ᠢᠨᠵᠧᠨᠧᠷᠢᠩ ᠢ ᠤᠷᠤᠨᠵᠢᠭᠤᠯᠤᠨ᠂ ᠪᠠᠷᠢᠯᠭ᠎ᠠ | ᠡᠬᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢ 137 ᠲᠦᠮᠡᠨ ᠺᠢᠯᠣᠸᠠᠲ ᠲᠤ ᠬᠦᠷᠭᠡᠭᠦ ᠪᠠᠷ | ᠴᠢᠷᠮᠠᠶᠢᠨ᠎ᠠ᠃ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠤᠣᠯᠯᠠᠭᠴᠢ ᠣᠷᠣᠨ ᠢ ᠪᠠᠶᠢᠭᠤᠯᠬᠤ ᠳᠤ ᠰᠠᠭᠤᠷᠢᠯᠠᠨ | ᠵᠦᠩ ᠮᠧᠢ ᠪᠦᠯᠦᠭᠯᠡᠯ ᠤᠨ ᠲᠤᠭ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠪᠤᠬᠢᠷᠳᠤᠯ ᠦᠬᠡᠢ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠦᠦ ᠹᠧᠩ ᠪᠦᠯᠦᠭᠯᠡᠯ ᠤᠨ ᠪᠤᠬᠢᠷᠳᠤᠯ ᠦᠬᠡᠢ ᠤᠰᠤᠲᠥ᠋ᠷᠥᠭᠴᠢ ᠪᠣᠯᠣᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢ ᠡᠪᠴᠡᠯᠳᠦᠬᠦᠯᠬᠦ ᠵᠢᠱᠢᠶ᠎ᠡ ᠦᠵᠡᠬᠦᠯᠬᠦ ᠲᠦᠷᠦᠯ ᠵᠦᠢᠯ ᠢ ᠬᠡᠷᠡᠭᠵᠢᠬᠦᠯᠬᠦ ᠳᠤ ᠪᠠᠲᠤᠯᠠᠭ᠎ᠠ ᠬᠠᠩᠭᠠᠵᠤ ᠳᠤᠮᠳᠠᠳᠤ ᠤᠯᠤᠰ ᠤᠨ ᠴᠢᠯᠠᠭᠤᠨ | ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 120 ᠲᠦᠮᠡᠨ ᠲᠣᠨ ᠡᠲ᠋ᠡᠨ ᠢᠶᠠᠷ ᠡᠲ᠋ᠧᠨ ᠦᠢᠯᠡᠳᠬᠦ ᠲᠦᠷᠦᠯ | ᠵᠦᠢᠯ ᠢ ᠤᠷᠤᠨᠵᠢᠭᠤᠯᠬᠤ ᠶᠢ ᠠᠬᠢᠭᠤᠯᠤᠨ ᠵᠦᠩ ᠲᠢᠶᠠᠨ ᠾᠧ ᠴᠤᠸᠠᠩ ᠺᠤᠮᠫᠠᠨᠢ ᠶᠢᠨ ᠭᠤᠷᠪᠠᠳᠤᠭᠠᠷ ᠬᠤᠭᠤᠴᠠᠭᠠᠨ ᠤ 121 ᠲᠦᠮᠡᠨ ᠲᠣᠨ ᠪᠥᠭᠡᠭᠡᠨᠡᠷᠡᠯ | ᠠᠯᠺᠧᠨ ᠶᠢᠨ ᠲᠦᠷᠦᠯ ᠵᠦᠢᠯ ᠢ ᠴᠢᠷᠮᠠᠶᠢᠨ ᠵᠥᠪᠰᠢᠶᠡᠷᠡᠭᠦᠯᠵᠤ ︽ᠳᠤᠮᠳᠠᠳᠤ ᠤᠯᠤᠰ ᠤᠨ ᠠᠯᠺᠧᠨ ᠶᠢᠨ ᠬᠤᠳᠠ︾ ᠶᠢ ᠪᠦᠬᠦ ᠬᠦᠴᠦᠨ ᠢᠶᠠᠷ ᠪᠦᠲᠦᠭᠡᠨ | ᠪᠠᠶᠢᠭᠤᠯᠤᠨ᠎ᠠ᠃ ᠵᠦᠩ ᠮᠧᠢ ᠪᠦᠯᠦᠭᠯᠡᠯ ᠤᠨ 6 ᠲᠦᠮᠡᠨ ᠲᠣᠨ ᠭᠤᠷᠪᠠᠨ ᠼᠢᠶᠠᠨᠲᠤ ᠠᠮᠢᠨ ᠤ ᠪᠥᠭᠡᠭᠡᠨᠡᠪᠤᠷᠢ᠂ ᠪᠦᠸᠧ ᠶᠤᠸᠠᠨ ᠬᠢᠮᠢ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠶᠢᠨ 10 ᠲᠦᠮᠡᠨ ᠲᠣᠨ ᠮᠧᠲ᠋ᠢᠯ ᠠᠮᠢᠨ ᠤ ᠪᠥᠭᠡᠭᠡᠨᠡᠪᠦᠷᠢ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠵᠤ ᠵᠦᠸᠧ ᠵᠧᠩ | ᠨᠡᠬᠦᠷᠡᠰᠦ ᠬᠢᠮᠢ ᠶᠢᠨ ᠠᠵᠦ ᠦᠢᠯᠡᠳᠪᠤᠷᠢ ᠶᠢᠨ ᠬᠢᠵᠠᠭᠠᠷᠲᠤ ᠺᠤᠮᠫᠠᠨᠢ ᠶᠢᠨ 260 ᠲᠦᠮᠡᠨ ᠲᠣᠨ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠬᠦᠯᠬᠦ ᠲᠦᠷᠦᠯ | ᠵᠦᠢᠯ ᠵᠡᠷᠭᠡ ᠶᠢ ᠤᠷᠤᠨᠵᠢᠭᠤᠯᠬᠤ ᠶᠢ ᠬᠦᠴᠦᠯᠡᠨ ᠠᠬᠢᠭᠤᠯᠵᠤ ᠰᠤᠪᠤᠷᠭ᠎ᠠ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠡᠬᠢᠯᠡᠬᠦᠯᠦᠨ | ᠪᠦᠲᠦᠭᠡᠨ ᠪᠠᠶᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠ ᠰᠢᠨ᠎ᠡ ᠡᠨᠧᠷᠭᠢ ᠶᠢ ᠡᠪᠴᠡᠯᠳᠤᠭᠦᠯᠦᠨ ᠬᠥᠭᠵᠢᠬᠦᠯᠬᠦ ᠶᠢ ᠠᠬᠢᠭᠤᠯᠵᠤ ᠵᠦᠩ ᠮᠧᠢ | ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ 10 ᠲᠦᠮᠡᠨ ᠲᠣᠨ ᠤ ︽ᠨᠡᠷᠡᠨ ᠡᠨᠧᠷᠭᠢ ᠶᠢ ᠰᠢᠩᠬᠡᠨ ᠲᠦᠯᠦᠪᠲᠤ ᠪᠠᠷ | ᠬᠠᠳᠠᠭᠠᠯᠠᠬᠤ︾᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠰᠠᠯᠬᠢ ᠬᠡᠷᠡᠯ ᠤᠨ ᠡᠨᠧᠷᠬᠢ ᠶᠢ ᠪᠤᠬᠢᠷᠳᠤᠯ | ᠦᠬᠡᠢ ᠤᠰᠤᠲᠥ᠋ᠷᠥᠭᠴᠢ ᠦᠢᠯᠡᠳᠬᠦ ᠲᠠᠢ ᠠᠭᠤᠰᠤᠯᠴᠠᠭᠤᠯᠬᠤ ᠬᠢᠮᠢ ᠶᠢᠨ ᠠᠵᠤ ᠦᠢᠯᠡᠳᠪᠦᠷᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠤ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢ ᠪᠤᠬᠢᠷᠳᠤᠯ ᠦᠬᠡᠢ ᠴᠠᠬᠢᠯᠭᠠᠨ᠂ ᠪᠤᠬᠢᠷᠳᠤᠯ ᠦᠬᠡᠢ ᠤᠰᠤᠳᠦ᠋ᠷᠦᠭᠴᠢ ᠵᠡᠷᠭᠡ ᠠᠵᠤ ᠦᠢᠯᠡᠰ | ᠲᠠᠢ ᠬᠤᠯᠪᠤᠭᠳᠠᠭᠤᠯᠤᠨ ᠵᠢᠱᠢᠶ᠎ᠡ ᠦᠵᠡᠬᠦᠯᠬᠦ ᠶᠢ ᠪᠡᠶᠡᠯᠡᠬᠦᠯᠦᠨ᠎ᠡ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠲᠦᠯᠬᠢᠨ ᠠᠬᠢᠭᠤᠯᠤᠨ᠎ᠠ᠃ ︽ᠬᠤᠪᠢᠰᠬᠠᠯ ᠤᠨ ᠰᠤᠶᠤᠯ ᠪᠠ ᠠᠮᠢ ᠠᠬᠤᠢ ᠶᠢ | ᠠᠭᠤᠰᠤᠯᠴᠠᠭᠤᠯᠤᠨ ᠬᠦᠭᠵᠢᠬᠦᠯᠬᠦ︾ ᠶᠢ ᠰᠠᠶᠢᠲᠤᠷ ᠬᠢᠵᠦ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠡᠯ᠎ᠡ ᠲᠥᠷᠥᠯ ᠤᠨ ᠲᠥᠯᠦᠪᠵᠢᠭᠦᠯᠭᠡ ᠶᠢ | ᠨᠠᠶᠢᠷᠠᠭᠤᠯᠤᠨ ᠲᠤᠭᠲᠠᠭᠠᠵᠦ ᠤᠯᠤᠰ ᠤᠨ ᠰᠤᠶᠤᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠦᠭᠰᠡᠨ | ᠵᠢᠱᠢᠶ᠎ᠡ ᠦᠵᠡᠬᠦᠯᠬᠦ ᠤᠷᠤᠨ ᠢ ᠡᠬᠦᠳᠦᠨ ᠪᠠᠶᠢᠭᠤᠯᠤᠨ᠎ᠠ᠃ ᠰᠣᠶᠣᠯ ᠤᠨ ᠰᠤᠳᠤᠯᠤᠯᠳᠠ ᠬᠠᠮᠠᠭᠠᠯᠠᠯᠲᠠ ᠪᠠ ᠨᠡᠭᠡᠭᠡᠨ ᠠᠰᠢᠭᠯᠠᠯᠲᠠ ᠶᠢ ᠴᠢᠩᠭᠠᠳᠬᠠᠵᠤ ︽ | ᠪᠣᠷᠣᠳᠣᠬᠤᠢ ᠬᠥᠮᠥᠨ︾ ᠤ ᠪᠠᠭᠤᠷᠢ ᠶᠢᠨ ᠮᠦᠽᠧᠢ ᠶᠢ ᠪᠠᠶᠢᠭᠤᠯᠤᠨ ᠪᠦᠲᠦᠭᠡᠵᠦ ︽ᠪᠣᠷᠣᠳᠣᠬᠤᠢ ᠬᠥᠮᠥᠨ︾ ᠤ ᠪᠠᠭᠤᠷᠢ ᠶᠢᠨ ᠰᠣᠶᠣᠯ ᠬᠢᠭᠡᠳ | ᠪᠠᠶᠢᠭᠠᠯᠢ ᠶᠢᠨ ᠬᠤᠣᠰ ᠥᠪ ᠢ ᠭᠤᠶᠤᠴᠢᠯᠠᠨ ᠮᠡᠳᠡᠭᠦᠯᠬᠦ ᠪᠠ ᠰᠢᠷᠬᠤᠰᠣ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ ︽ | ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠳᠠᠪᠴᠠᠩ ᠢ ᠰᠠᠶᠢᠲᠤᠷ ᠡᠷᠭᠢᠯᠡᠵᠦ ︽ᠪᠣᠷᠣᠳᠣᠬᠤᠢ | ᠬᠥᠮᠥᠨ︾ ᠭᠡᠬᠦ ᠰᠣᠶᠣᠯ ᠤᠨ ᠨᠠᠷᠡᠲᠤ ᠲᠡᠮᠳᠡᠭ ᠢ ᠪᠣᠶ ᠪᠣᠯᠭᠠᠨ᠎ᠠ᠃ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠭᠠᠵᠠᠷ ᠢ ᠦᠨᠳᠦᠷ ᠪᠠᠷᠢᠮᠵᠢᠶ᠎ᠠ | ᠲᠠᠢ ᠪᠠᠶᠢᠭᠤᠯᠵᠤ ᠪᠠᠲᠤ ᠶᠢᠨ ᠲᠤᠬᠤᠢ ᠶᠢᠨ ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤ ᠪᠠ ᠥᠥᠰᠢᠨ ᠬᠤᠰᠢᠭᠤᠨ ᠤ ᠬᠤᠪᠢᠰᠬᠠᠯ ᠤᠨ ᠦᠯᠢᠭᠡᠷ ᠢ | ᠲᠠᠶᠢᠯᠪᠤᠷᠢᠯᠠᠨ ᠰᠤᠳᠤᠯᠵᠦ ᠰᠤᠷᠤᠯᠴᠠᠬᠤ ᠣᠷᠳᠣᠨ ᠢ ᠪᠦᠲᠦᠭᠡᠨ ᠪᠠᠶᠢᠭᠤᠯᠵᠤ᠂ ᠬᠤᠪᠢᠰᠬᠠᠯ ᠤᠨ ᠰᠤᠶᠤᠯ ᠤᠨ ᠬᠦᠮᠦᠵᠢᠯ ᠤᠨ ᠭᠤᠤᠯ ᠰᠡᠲᠦᠪᠲᠤ ᠤᠷᠳᠤᠨ | ᠵᠡᠷᠭᠡ ᠲᠠᠯᠠᠪᠠᠢ ᠤᠷᠳᠤᠨ ᠢ ᠳᠡᠰ ᠳᠡᠪᠰᠢᠬᠦᠯᠦᠨ ᠦᠭᠡᠷᠡᠴᠢᠯᠡᠨ ᠪᠠᠶᠢᠭᠤᠯᠵᠤ ᠦᠦᠰᠢᠨ ᠬᠤᠰᠢᠭᠤᠨ ᠤ ᠤᠤᠯ ᠤᠨ ᠶᠡᠭᠡ ᠵᠤᠤ ᠠᠶᠢᠮᠠᠭ ᠤᠨ ᠨᠠᠮ ᠤᠨ | ᠪᠠᠶᠢᠭᠤᠯᠤᠯᠲᠠ ᠪᠣᠯᠣᠨ ᠬᠤᠪᠢᠰᠬᠠᠯ ᠤᠨ ᠲᠡᠦᠬᠡᠨ ᠳᠡᠭᠡᠷ᠎ᠡ ᠡᠭᠦᠳᠦᠭᠰᠡᠨ ︽ᠠᠷᠪᠠᠨ ᠠᠩᠬᠠᠳᠤᠭᠠᠷ︾ ᠤᠨ ᠪᠠᠶᠠᠯᠢᠭ ᠠᠭᠤᠯᠤᠭᠳᠠᠬᠤᠨ᠂ ᠴᠠᠭ ᠦᠶ᠎ᠡ ᠶᠢᠨ | ᠦᠨ᠎ᠡ ᠦᠷᠳᠡᠭ ᠢ ᠭᠦᠨᠵᠡᠭᠡᠢ ᠠᠭᠤᠳᠠᠯᠬᠤ ᠶᠢᠨ ᠬᠠᠮᠲᠤ ᠰᠠᠶᠢᠲᠤᠷ ᠲᠠᠶᠢᠯᠪᠤᠷᠢᠯᠠᠵᠤ ᠦᠦᠰᠢᠨ ᠬᠤᠰᠢᠭᠤᠨ ᠤ ᠬᠤᠪᠢᠰᠬᠠᠯ ᠤᠨ ᠦᠯᠢᠭᠡᠷ ᠤᠨ ᠪᠦᠬᠦ | ᠤᠯᠤᠰ ᠲᠤ ᠬᠥᠭᠵᠢᠬᠦ ᠶᠢ ᠨᠡᠩ ᠰᠠᠶᠢᠲᠤᠷ ᠲᠦᠯᠬᠢᠨ ᠠᠬᠢᠭᠤᠯᠤᠨ᠎ᠠ᠃ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ᠂ ᠪᠠᠶᠢᠭᠠᠯᠢ ᠶᠢᠨ ᠠᠮᠢ ᠠᠬᠤᠢ ᠶᠢᠨ | ᠦᠵᠡᠮᠵᠢ᠂ ᠦᠨᠳᠦᠰᠦᠲᠡᠨ ᠤ ᠣᠨᠴᠠᠯᠢᠭᠲᠤ ᠵᠠᠩ ᠦᠶᠯᠡ ᠵᠡᠷᠭᠡ ᠡᠬᠢ ᠪᠠᠶᠠᠯᠢᠭ ᠢ ᠭᠦᠢᠴᠡᠳ ᠠᠭᠤᠳᠠᠯᠤᠨ ᠨᠢᠭᠡᠳᠬᠡᠵᠦ ᠬᠥᠷᠰᠢ ᠵᠡᠷᠭᠡᠯᠡᠳᠡᠭᠡ ᠭᠠᠵᠠᠷ ᠣᠷᠣᠨ | ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ ᠨᠡᠷ᠎ᠡ ᠴᠤᠤᠲᠠᠢ ᠬᠡᠳᠦᠨ ᠵᠢᠭᠤᠯᠴᠢᠯᠠᠯ ᠤᠨ ᠭᠠᠵᠠᠷ ᠢ ᠲᠥᠪᠯᠡᠷᠡᠭᠦᠯᠦᠨ ᠪᠣᠶ ᠪᠣᠯᠭᠠᠵᠤ ᠨᠠᠩ | ᠣᠯᠠᠨ ᠵᠢᠭᠤᠯᠴᠢᠯᠠᠭᠰᠠᠳ ᠢ ᠲᠡᠳᠡᠨ ᠭᠡᠷᠡᠭᠯᠡᠭᠡ ᠬᠢᠯᠬᠡᠨ᠎ᠡ᠃ ᠪᠦᠬᠦ ᠵᠢᠯ ᠤᠨ ᠵᠢᠭᠤᠯᠴᠢᠯᠠᠭᠰᠠᠳ ᠤᠨ ᠲᠤᠭ᠎ᠠ ᠶᠢ 150 ᠲᠦᠮᠡᠨ ᠬᠥᠮᠥᠨ ᠤᠳᠠᠭ᠎ᠠ ᠠᠴᠠ | ᠳᠠᠪᠠᠭᠤᠯᠵᠦ᠂ ᠶᠡᠷᠦᠩᠬᠡᠢ ᠣᠷᠣᠯᠭ᠎ᠠ ᠶᠢ 47 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ᠠᠵᠤ ᠦᠢᠯᠡᠳᠪᠦᠷᠢ ᠶᠢᠨ ᠨᠡᠭᠡᠭᠡᠯᠲᠡ ᠶᠢᠨ ᠤᠷᠤᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠲᠥᠷᠥ ᠶᠢᠨ | ᠪᠣᠳᠣᠯᠭ᠎ᠠ᠂ ᠡᠯᠧᠮᠧᠨ᠋ᠲ᠂ ᠠᠵᠤ ᠦᠢᠯᠡᠰ ᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ ᠶᠢ ᠠᠬᠢᠭᠤᠯᠤᠨ ︽ᠳᠥᠷᠪᠡᠨ ᠬᠡᠯᠪᠡᠷᠢ︾ ᠶᠢᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠦᠢᠯᠡᠳᠬᠦᠨ ᠤ ᠶᠡᠷᠦᠩᠬᠡᠢ ᠥᠷᠲᠡᠭ ᠢ 800 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠢᠵᠠᠭᠠᠷᠯᠠᠯ ᠪᠠ ︽ᠮᠦ ᠪᠦᠷᠢ ᠶᠢᠨ ᠳᠤᠮᠳᠠᠴᠢ | ᠦᠷ᠎ᠡ ᠠᠰᠢᠭ︾ ᠤᠨ ᠦᠨᠡᠯᠡᠯᠲᠡ ᠲᠠᠢ ᠤᠶᠠᠯᠳᠤᠭᠤᠯᠤᠨ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ᠂ ᠨᠠᠷᠢᠯᠢᠭ ᠲᠥᠯᠦᠪᠵᠢᠭᠦᠯᠭᠡ ᠵᠢᠴᠢ | ᠡᠯ᠎ᠡ ᠲᠤᠰᠬᠠᠢ ᠲᠦᠷᠦᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠵᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠬᠥᠲᠥᠯᠥᠨ ᠳᠠᠭᠠᠭᠤᠯᠤᠨ᠎ᠠ᠃ ᠠᠵᠤ ᠦᠢᠯᠡᠰ ᠤᠨ ᠬᠦᠭᠵᠢᠯᠲᠡ ᠪᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠤᠨ ᠲᠤᠭ ᠲᠠᠬᠢ ᠭᠤᠤᠯᠲᠤ ᠨᠠᠢᠮᠠᠳᠣᠭᠠᠷ ᠵᠠᠮ᠂ ᠬᠦᠨᠳᠡᠯᠡᠨ ᠨᠠᠢᠮᠠᠳᠤᠭᠠᠷ ᠵᠠᠮ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ | ᠪᠠᠷᠢᠮᠵᠢᠶᠠᠲᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ ᠲᠥᠪ ᠵᠡᠷᠭᠡ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠪᠠ ᠰᠢᠨ᠎ᠡ ᠬᠡᠯᠪᠡᠷᠢ ᠶᠢᠨ ᠰᠠᠭᠤᠷᠢ | ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠨᠡᠭᠡᠭᠡᠯᠲᠡᠲᠤ ᠬᠡᠯᠪᠡᠷᠢ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠳᠠᠪᠴᠠᠩ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ ᠠᠵᠤ ᠠᠬᠤᠶᠢᠯᠠᠯ ᠤᠨ ᠤᠷᠤᠨᠵᠢᠬᠤ ᠥᠪᠡᠷ ᠤᠨ ᠥᠷᠲᠡᠭ ᠢ ᠬᠦᠴᠦᠯᠡᠨ | ᠪᠠᠭᠤᠷᠠᠭᠤᠯᠤᠨ᠎ᠠ᠃ ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ ᠤᠨ ᠠᠵᠢᠯᠴᠢᠨ ᠤ ᠪᠤᠳᠠᠳᠤ ᠬᠡᠷᠡᠭᠴᠡᠭᠡ ᠶᠢ ᠦᠨᠳᠦᠰᠦᠯᠡᠨ ᠡᠮ ᠡᠮᠨᠡᠯᠬᠡ᠂ ᠰᠤᠷᠭᠠᠨ | ᠬᠥᠮᠦᠵᠢᠯ᠂ ᠰᠡᠯᠡᠭᠦᠴᠡᠯ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠢ ᠲᠦᠷᠭᠡᠳᠭᠡᠨ | ᠪᠠᠶᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ | ᠦᠷᠢᠰᠦᠯᠳᠦᠬᠡᠨ ᠤ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠨᠡᠮᠡᠭᠳᠡᠬᠦᠯᠦᠨ᠎ᠡ | ᠨᠡᠩ ᠪᠣᠳᠠᠲᠠᠢ ᠠᠷᠭ᠎ᠠ ᠬᠡᠮᠵᠢᠶ᠎ᠡ ᠠᠪᠴᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠳ᠋ ᠤᠨ ᠵᠠᠰᠠᠭ ᠤᠨ ᠲᠥᠰᠥᠪ ᠤᠨ ᠠᠮᠵᠢᠯᠲᠠ ᠪᠦᠲᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ ᠠᠵᠤ ᠠᠬᠤᠶᠢᠯᠠᠯ ᠤᠨ ︽ᠭᠠᠵᠠᠷ ᠠᠪᠤᠮᠠᠭᠴᠠ ᠪᠠᠷᠢᠯᠭ᠎ᠠ ᠪᠠᠨ ᠡᠬᠢᠯᠡᠭᠦᠯᠬᠦ︾ ᠳᠤ ᠬᠦᠴᠦ ᠨᠡᠮᠡᠷᠢᠯᠡᠨ᠎ᠡ᠃ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠯᠧᠺᠲᠷᠣᠨ | ᠦᠨᠡᠮᠯᠡᠯ ᠢ ᠳᠡᠯᠭᠡᠷᠡᠭᠦᠯᠦᠨ ︽ᠭᠡᠷ ᠪᠠᠶᠢᠰᠢᠩ ᠲᠤᠰᠢᠶᠠᠪᠠᠯ ᠳᠠᠷᠤᠢ ᠳᠤᠨᠢ ᠦᠨᠡᠮᠯᠡᠯ ᠭᠠᠷᠳᠠᠭᠤᠯᠬᠤ︾ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠵᠦ | ᠮᠠᠯᠵᠢᠬᠤ ᠲᠠᠷᠢᠶᠠᠯᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ︽ᠭᠤᠷᠪᠠᠨ ᠡᠷᠬᠡ︾ ᠶᠢᠨ ᠳᠠᠩᠰᠠᠯᠠᠯᠲᠠ ᠶᠢ ᠰᠤᠮᠤ ᠪᠠᠯᠭᠠᠰᠤᠨ ᠳᠤ ᠰᠢᠯᠵᠢᠭᠦᠯᠦᠨ | ᠭᠦᠢᠴᠡᠳᠬᠡᠵᠦ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠢ ᠲᠦᠬᠦᠮ ᠦᠵᠡᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠬᠦᠴᠦᠨ ᠵᠦᠢᠯ ᠢ ᠦᠨᠡᠨᠬᠦ | ᠠᠮᠢᠯᠠᠭᠤᠯᠤᠨ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ | ᠨᠡᠩ ᠶᠡᠭᠡ ᠡᠷᠴᠢᠮ ᠢᠶᠠᠷ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠵᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠬᠦᠯᠦᠨ᠎ᠡ᠃ ᠠᠵᠤ ᠦᠢᠯᠡᠰ ᠤᠨ ᠬᠡᠯᠬᠢᠶᠡᠵᠢᠯ᠂ ᠰᠢᠨ᠎ᠡ ᠶᠢ | ᠡᠭᠦᠳᠬᠦ ᠬᠡᠯᠬᠢᠶᠡᠵᠢᠯ ᠢ ᠭᠦᠨᠵᠡᠭᠡᠢ ᠠᠭᠤᠰᠤᠯᠴᠠᠭᠤᠯᠵᠤ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠵᠡᠷᠭᠡ | ᠲᠠᠪᠴᠠᠩ ᠤᠨ ᠡᠬᠢ ᠪᠠᠶᠠᠯᠢᠭ ᠢ ᠢᠳᠡᠪᠬᠢᠲᠡᠢ ᠠᠰᠢᠭᠯᠠᠨ ᠬᠡᠯᠬᠢᠶᠡᠵᠢᠯ ᠤᠨ ᠭᠤᠣᠯ ᠠᠵᠤ ᠠᠬᠤᠶᠢᠯᠠᠯ ᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠯᠤᠭ᠎ᠠ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠵᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ ᠴᠢᠬᠤᠯᠠ | ᠶᠡᠭᠡ ᠰᠡᠳᠦᠪ ᠤᠨ ᠰᠤᠳᠤᠯᠭᠠᠨ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠦᠨ᠎ᠡ᠃ ᠪᠥᠬᠦ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠵᠤ ᠬᠤᠰᠢᠭᠤ ᠴᠢᠳᠠᠪᠤᠷᠢᠲᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠤᠯᠪᠤᠭᠠᠯᠠᠨ ᠪᠠᠶᠢᠭᠤᠯᠵᠦ ᠠᠵᠤ ᠠᠬᠤᠶᠢᠯᠠᠯ ᠤᠨ ᠰᠢᠨ᠎ᠡ ᠶᠢ ᠡᠬᠦᠳᠬᠦ | ᠬᠦᠭᠵᠢᠯᠲᠡ ᠳᠤ ᠨᠡᠩ ᠰᠠᠶᠢᠨ ᠦᠢᠯᠡᠴᠢᠯᠡᠭᠡ ᠬᠠᠩᠭᠠᠨ᠎ᠠ᠃ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ︽ᠦᠦᠰᠢᠨ ᠤ ᠭᠠᠷᠮᠠᠭᠠᠢ ᠴᠢᠳᠠᠪᠤᠷᠢᠲᠠᠨ︾ | ᠪᠠ ︽ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠦᠨ ᠬᠡᠪ ᠴᠢᠨᠠᠷ ᠢ ᠳᠡᠭᠡᠭᠰᠢᠯᠡᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ︽ | ᠨᠡᠭᠦᠳᠡᠯ ᠤᠨ ᠰᠢᠪᠠᠭᠤ︾ ᠮᠠᠶ᠋ᠢᠭ ᠤᠨ ᠤᠷᠢᠨ ᠲᠣᠮᠢᠯᠠᠬᠤ᠂ ︽ᠤᠭᠤᠷᠴᠤᠭ ᠬᠠᠷᠢᠶ᠎ᠠ ᠭᠠᠵᠠᠷ︾ ᠮᠠᠶ᠋ᠢᠭ ᠤᠨ ᠴᠢᠳᠠᠪᠤᠷᠢᠲᠠᠨ ᠢ ᠲᠡᠳᠡᠨ ᠠᠪᠴᠢᠷᠠᠬᠤ ᠵᠡᠷᠭᠡ | ᠵᠠᠭᠪᠤᠷ ᠢ ᠬᠡᠷᠡᠭᠵᠢᠭᠦᠯᠵᠦ ᠨᠠᠩ ᠣᠯᠠᠨ ᠴᠢᠳᠠᠪᠤᠷᠢᠲᠠᠨ ᠤ ᠦᠦᠰᠢᠨ ᠨᠤᠲᠤᠭ ᠲᠤ ᠴᠤᠭᠯᠠᠷᠠᠨ ᠬᠤᠪᠢ ᠨᠡᠮᠡᠷᠢ ᠪᠠᠨ ᠦᠵᠡᠬᠦᠯᠬᠦ ᠶᠢ ᠠᠬᠢᠭᠤᠯᠤᠨ᠎ᠠ᠃ | ᠨᠡᠩ ᠥᠨᠳᠥᠷ ᠬᠢᠷᠢ ᠲᠦᠪᠰᠢᠨ ᠢᠶᠠᠷ ᠨᠡᠭᠡᠭᠡᠯᠲᠡ ᠶᠢ ᠥᠷᠭᠡᠳᠬᠡᠨ᠎ᠡ᠃ ᠮᠤᠵᠢ ᠶᠢᠨ ᠵᠠᠮ 215 ᠱᠤᠭᠤᠮ ᠤᠨ ᠲᠦᠩᠽᠢ ᠠᠴᠠ ᠬᠠᠢ ᠽᠧ ᠫᠠᠨ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠭᠠᠯᠠᠭᠤᠲᠤ ᠪᠠᠯᠭᠠᠰᠤ ᠠᠴᠠ ᠢᠦᠢ ᠶᠠᠩ ᠲᠣᠭᠤᠷᠢᠭ | ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠵᠡᠬᠦᠠᠭᠠᠷ ᠠᠴᠠ ᠢᠷᠭᠠᠢ ᠭᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠦᠦᠰᠢᠨ ᠤ ᠬᠡᠰᠡᠭ ᠤᠨ ᠡᠮᠦᠨᠡᠬᠢ | ᠬᠤᠭᠤᠴᠠᠭᠠᠨ ᠤ ᠠᠵᠢᠯ ᠢ ᠱᠠᠯᠠᠪᠳᠠᠨ ᠠᠬᠢᠭᠤᠯᠵᠤ ᠠᠮᠠᠨᠴᠢᠷᠠᠭ᠎ᠠ ᠠᠴᠠ ᠪᠠᠭ᠎ᠠ ᠬᠤᠭᠤᠯᠠᠶᠢᠲᠤ ᠬᠦᠷᠭᠦ᠂ ᠥᠥᠰᠢᠨ ᠠᠴᠠ ᠬᠦᠨᠦᠭ ᠬᠦᠷᠬᠦ ᠬᠤᠶᠠᠷ ᠮᠤᠵᠢ ᠶᠢᠨ | ᠬᠤᠭᠤᠷᠣᠨᠳᠣᠬᠢ ︽ᠳᠠᠰᠣᠷᠬᠠᠢ ᠵᠠᠮ︾ ᠢ ᠨᠡᠪᠳᠡᠷᠡᠭᠦᠯᠬᠦ ᠠᠵᠢᠯ ᠢ ᠦᠷᠭᠦᠯᠵᠢᠯᠡᠨ ᠵᠣᠬᠢᠴᠠᠭᠤᠯᠤᠨ ᠠᠬᠢᠭᠤᠯᠵᠤ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠨᠡᠪᠲᠡᠷᠡᠯᠴᠡᠭᠡ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠳᠠ ᠶᠢᠨ ᠰᠦᠷᠦᠭᠵᠢᠯ ᠤᠨ ᠬᠥᠭᠵᠢᠯᠲᠡ ᠳᠤ ᠢᠳᠡᠪᠬᠢᠲᠡᠢ ᠪᠠᠷ | ᠠᠭᠤᠰᠤᠯᠴᠠᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠠᠵᠤ ᠦᠢᠯᠡᠰ ᠤᠨ ᠬᠠᠮᠵᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠭᠦᠢᠯᠭᠡᠭᠡ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠨᠡᠩ ᠭᠦᠨᠵᠡᠬᠡᠢ ᠬᠠᠮᠲᠤᠷᠠᠯᠴᠠᠨ᠎ᠠ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠯᠤᠭ᠎ᠠ ᠶᠢᠨ ᠨᠡᠪᠲᠡᠷᠡᠯᠴᠡᠭᠡ | ᠵᠣᠯᠭᠠᠯᠴᠠᠭ᠎ᠠ ᠪᠠᠨ ᠴᠢᠩᠭᠠᠳᠬᠠᠵᠤ ︽ᠤᠭᠤᠷᠴᠤᠭ ᠬᠠᠷᠢᠶ᠎ᠠ ᠭᠠᠵᠠᠷ︾ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠠᠶᠢᠭᠤᠯᠬᠤ᠂ ᠠᠵᠤ ᠦᠢᠯᠡᠰ ᠤᠨ | ᠰᠢᠯᠵᠢᠯᠲᠡ ᠶᠢ ᠵᠣᠯᠭᠠᠭᠤᠯᠬᠤ᠂ ᠰᠤᠷᠭᠠᠨ ᠬᠥᠮᠦᠵᠢᠯ ᠡᠮ ᠡᠮᠨᠡᠯᠬᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠵᠡᠷᠭᠡ ᠬᠦᠷᠢᠶ᠎ᠡ | ᠴᠠᠷᠠᠭᠠᠨ ᠤ ᠬᠠᠮᠲᠤᠷᠠᠯᠴᠠᠭ᠎ᠠ ᠶᠢᠨ ᠳᠠᠯᠳᠠ ᠬᠦᠴᠦᠨ ᠢ ᠠᠭᠤᠳᠠᠯᠵᠤ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠪᠠᠷ ᠴᠢᠷᠮᠠᠶᠢᠨ᠎ᠠ᠃ | ᠨᠡᠩ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠲᠡᠷᠢᠭᠦᠨ ᠤ ᠬᠢ ᠲᠠᠢ ᠪᠠᠷᠢᠮᠵᠢᠶᠠᠯᠠᠵᠦ | ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠬᠤ ᠪᠠᠷ ᠭᠠᠷᠳᠠᠴᠠ ᠪᠣᠯᠭᠠᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ | ᠢ ᠰᠢᠯᠢᠳᠡᠭᠵᠢᠬᠦᠯᠬᠦ ᠠᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠬᠤ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ︽ᠭᠤᠷᠪᠠᠨ ᠶᠡᠭᠡ | ᠠᠵᠢᠯᠯᠠᠭ᠎ᠠ︾ ᠶᠢ ᠥᠷᠨᠢᠭᠦᠯᠵᠦ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ ᠬᠡᠷᠡᠭᠵᠢᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠡᠷᠡᠭ | ᠶᠠᠪᠤᠳᠠᠯ ᠢ ︽ᠠᠯᠠᠭᠠᠨ ᠳᠡᠭᠡᠷ᠎ᠡ ᠭᠦᠢᠴᠡᠳᠬᠡᠬᠦ︾ ᠨᠣᠷᠮ᠎ᠠ ᠶᠢ 70% ᠳᠤ ᠬᠦᠷᠭᠡᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠨᠣᠷᠮ᠎ᠠ ᠶᠢ | 80% ᠳᠤ ᠬᠦᠷᠭᠡᠵᠦ ︽ᠶᠡᠷᠦᠩᠬᠡᠶᠢᠯᠡᠭᠰᠡᠨ ᠨᠢᠭᠡ ᠴᠣᠩᠬᠤ︾ ᠪᠠᠷ ᠭᠥᠯᠢᠶᠡᠨ ᠠᠪᠴᠤ ᠬᠦᠢᠴᠡᠳᠬᠡᠬᠦ ᠨᠣᠷᠮ᠎ᠠ ᠶᠢ 100% ᠳᠤ ᠬᠦᠷᠭᠡᠭᠦ ᠶᠢ ᠦᠨᠡᠨᠬᠦ | ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠵᠤ ᠣᠯᠠᠨ ᠲᠦᠮᠡᠨ ᠤ ︽ᠭᠠᠴᠠᠭ᠎ᠠ ᠲᠣᠰᠬᠤᠨ ᠠᠴᠠ ᠭᠠᠷᠬᠤ | ᠦᠭᠡᠢ᠂ ᠰᠤᠮᠤ ᠪᠠᠯᠭᠠᠰᠤ ᠠᠴᠠ ᠭᠠᠷᠬᠤ ᠦᠭᠡᠢ︾ ᠪᠠᠷ ᠭᠡᠷᠡᠭ ᠶᠠᠪᠤᠳᠠᠯ ᠢᠶᠠᠨ ᠬᠦᠢᠴᠡᠳᠬᠡᠵᠦ ᠦᠨᠡᠮᠯᠡᠯ ᠣᠯᠬᠤ ᠶᠢ ᠴᠢᠷᠮᠠᠶᠢᠨ ᠪᠡᠶᠡᠯᠡᠬᠦᠯᠦᠨ᠎ᠡ᠃ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢᠨ ᠡᠬᠢ ᠪᠠᠶᠠᠯᠢᠭ ᠢ | ᠬᠤᠷᠠᠮᠳᠤᠭᠤᠯᠬᠤ᠂ ᠬᠠᠮᠲᠤᠪᠠᠷ ᠡᠳ᠋ᠯᠡᠬᠦ ᠪᠠ ᠬᠡᠷᠡᠭᠯᠡᠬᠦ ᠶᠢ ᠠᠬᠢᠭᠤᠯᠵᠤ ᠲᠤᠭ᠎ᠠ ᠪᠠᠷᠢᠮᠲᠠ ᠶᠢ ᠢᠯᠡᠬᠦᠦ ᠠᠵᠢᠯᠯᠠᠭᠤᠯᠵᠤ ᠤᠯᠠᠨ ᠲᠦᠮᠡᠨ ᠢ ᠲᠤᠲᠠᠭᠤ | ᠬᠦᠶᠦᠯᠭᠡᠨ᠎ᠡ᠃ | ︵ᠳᠥᠷᠪᠡ︶ ᠪᠦᠲᠦᠭᠡᠨ ᠪᠠᠶᠢᠭᠤᠯᠤᠯᠲᠠ ᠪᠠ ᠬᠠᠮᠢᠶᠠᠷᠦᠯᠲᠠ ᠶᠢ ᠵᠡᠷᠭᠡᠪᠡᠷ ᠴᠢᠬᠤᠯᠠᠴᠢᠯᠠᠬᠤ᠂ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠢᠭᠡ ᠬᠥᠯᠭᠡ ᠰᠢᠲᠠᠷ᠎ᠠ ᠪᠠᠷ ᠠᠬᠢᠭᠤᠯᠬᠤ᠂ ᠨᠢᠭᠡ | ᠰᠡᠳᠬᠢᠯ ᠢᠶᠠᠷ ᠪᠡᠷᠬᠡ ᠰᠡᠳᠦᠪ ᠢ ᠰᠢᠢᠳᠪᠦᠷᠢᠯᠡᠬᠦ᠂ ᠨᠢᠭᠡ ᠬᠦᠴᠦᠨ ᠢᠶᠠᠷ ᠡᠭᠦᠳᠦᠨ ᠪᠠᠶᠢᠭᠤᠯᠬᠤ ᠶᠢ ᠪᠠᠷᠢᠮᠳᠠᠯᠠᠨ ᠮᠠᠨ ᠤ ᠬᠤᠰᠢᠭᠤ ᠳᠣᠯᠣᠳᠤᠭᠠᠷ | ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠪᠠᠷ ᠰᠣᠩᠭᠤᠭᠳᠠᠬᠤ ᠶᠢ ᠪᠠᠲᠤᠯᠠᠨ᠎ᠠ᠃ ︽ᠴᠡᠴᠡᠷᠯᠢᠭ ᠤᠨ ᠬᠤᠳᠠ︾ ᠶᠢᠨ ᠣᠶᠢᠯᠠᠭᠠᠭᠳᠠᠬᠤᠨ ᠢ | ᠪᠠᠷᠢᠮᠲᠠᠯᠠᠨ ᠭᠤᠣᠯᠳᠠᠯᠭ᠎ᠠ ᠲᠠᠢ ᠬᠤᠳᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠪᠠ ᠪᠥᠳᠥᠭᠡᠨ ᠪᠠᠶᠢᠭᠤᠯᠤᠯᠲᠠ ᠶᠢᠨ ᠵᠢᠯᠣᠭᠤᠳᠬᠤ ᠳᠥᠷᠢᠮ ᠢ | ᠲᠤᠭᠲᠠᠭᠠᠵᠤ ᠣᠯᠠᠨ ᠡᠰᠢᠳᠤ ᠭᠤᠣᠯ ᠴᠣᠭᠴᠠ ᠬᠤᠳᠠ ᠶᠢᠨ ᠪᠥᠳᠥᠭᠡᠨ ᠪᠠᠶᠢᠭᠤᠯᠤᠯᠲᠠ ᠳᠤ ᠤᠷᠤᠯᠴᠠᠬᠤ ᠶᠢ ᠵᠢᠯᠣᠭᠤᠳᠣᠨ᠎ᠠ᠃ ᠬᠤᠳᠠ ᠶᠢ ᠦᠷᠭᠦᠯᠵᠢᠯᠡᠨ | ᠰᠢᠨᠡᠳᠬᠡᠨ ᠪᠥᠳᠤᠭᠡᠨ ᠪᠠᠶᠢᠭᠤᠯᠵᠤ 3 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ ᠦᠦᠰᠢᠨ ᠵᠡᠭᠡᠯᠢ ᠶᠢᠨ | ᠬᠤᠶᠢᠲᠤ ᠬᠡᠰᠡᠭ ᠵᠡᠷᠭᠡ ᠬᠤᠳᠠ ᠶᠢᠨ ᠶᠠᠪᠤᠳᠠᠯ ᠤᠨ 3 ᠵᠠᠮ ᠢ ᠵᠠᠰᠠᠨ 6 ᠺᠢᠯᠣᠮᠧᠲᠷ ᠨᠣᠭᠤᠭᠠᠨ ᠵᠠᠮ᠂ 10 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ | ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ ᠪᠠᠶᠢᠭᠤᠯᠵᠤ ᠵᠡᠭᠡᠯᠢ ᠭᠤᠳᠣᠮᠵᠢ ᠶᠢ 25 ᠲᠦᠮᠡᠨ ᠲᠡᠭᠰᠢ ᠳᠥᠷᠪᠡᠯᠵᠢᠨ ᠮᠧᠲᠷ ᠬᠠᠳᠠᠭᠤᠷᠠᠭᠤᠯᠤᠨ | ᠭᠠᠵᠠᠷ ᠳᠣᠣᠷᠠᠬᠢ ᠬᠤᠭᠤᠯᠠᠢ ᠲᠣᠣᠷ ᠢ ᠰᠢᠨ᠎ᠡ ᠪᠠᠷ 120 ᠺᠢᠯᠣᠮᠧᠲᠷ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠤᠨ ᠬᠤᠲᠠ ᠪᠠᠯᠭᠠᠰᠤᠨ ᠤ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠶᠢ ᠬᠤᠰᠢᠭᠤ ᠬᠠᠷᠢᠶᠠᠲᠤ ᠤᠯᠤᠰ ᠤᠨ ᠦᠮᠴᠢᠯᠠᠯᠲᠤ | ᠠᠵᠤ ᠠᠬᠤᠶᠢᠯᠠᠯ ᠠᠴᠠ ᠭᠤᠤᠯᠯᠠᠨ ᠡᠵᠡᠩᠨᠡᠬᠦ ᠶᠢ ᠢᠳᠡᠪᠬᠢᠲᠠᠢ ᠠᠬᠢᠭᠤᠯᠵᠤ ᠠᠷᠠᠳ ᠲᠤ ᠲᠥᠬᠦᠮ ᠦᠵᠡᠭᠦᠯᠬᠦ ᠰᠥᠨᠢ ᠶᠢᠨ ᠵᠠᠬ᠎ᠠ ᠳᠡᠯᠭᠡᠭᠦᠷ᠂ ᠳᠡᠯᠭᠡᠭᠡ | ᠮᠠᠶᠢᠮᠠᠢ ᠶᠢᠨ ᠭᠠᠵᠠᠷ ᠢ 5 ᠲᠥᠯᠥᠪᠵᠢᠭᠦᠯᠦᠨ ᠲᠣᠬᠢᠷᠠᠭᠤᠯᠵᠤ ᠨᠡᠶᠢᠲᠡ ᠶᠢᠨ ᠲᠡᠷᠭᠡᠨ ᠵᠣᠭᠰᠣᠭᠠᠯ ᠢ 3000 ᠭᠠᠷᠤᠢ ᠨᠡᠮᠡᠨ ᠪᠠᠶᠢᠭᠤᠯᠵᠤ ᠪᠠᠭ᠎ᠠ ᠬᠡᠯᠪᠡᠷᠢ ᠶᠢᠨ | ᠴᠡᠴᠡᠷᠯᠢᠭ᠂ ᠪᠠᠭ᠎ᠠ ᠬᠡᠯᠪᠡᠷᠢ ᠶᠢᠨ ᠰᠡᠯᠡᠬᠦᠴᠡᠨ ᠲᠤᠭᠤᠷᠢᠬᠤ ᠬᠦᠷᠢᠶᠡᠯᠡᠩ ᠢ 4 ᠪᠠᠶᠢᠭᠤᠯᠤᠨ ︽ᠨᠢᠭᠡ ᠮᠦᠴᠡ ᠳᠤ ᠬᠦᠷᠬᠦ ᠠᠷᠠᠳ ᠲᠤ ᠲᠥᠬᠦᠮ ᠦᠵᠡᠭᠦᠯᠬᠦ | ᠠᠮᠢᠳᠤᠷᠠᠯ ᠤᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ ᠬᠤᠲᠠ ᠶᠢᠨ | ᠶᠠᠪᠤᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠬᠡᠷᠡᠭᠵᠢᠭᠦᠯᠦᠨ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠵᠦ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠬᠦᠯᠦᠨ ᠬᠤᠲᠠ ᠶᠢ | ᠳᠤᠬᠢᠯᠢᠭ ᠲᠠᠭᠠᠯᠠᠮᠵᠢᠲᠠᠢ ᠪᠤᠯᠭᠠᠵᠤ᠂ ᠠᠷᠠᠳ ᠤᠯᠠᠨ ᠤ ᠵᠤᠯ ᠵᠢᠷᠭᠠᠯᠲᠤ ᠲᠦᠷᠦᠭᠳᠡᠯ ᠢ ᠨᠡᠮᠡᠭᠳᠡᠬᠦᠯᠦᠨ᠎ᠡ᠃ | ᠬᠦᠳᠡᠭᠡ ᠲᠤᠰᠬᠤᠨ ᠢ ᠪᠥᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ | ᠰᠢᠪᠳᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ | ᠥᠷᠭᠡᠳᠬᠡᠵᠦ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠳᠠᠢ ᠨᠡᠶᠢᠳᠡᠪᠤᠷᠢᠵᠢᠭᠤᠯᠵᠦ᠂ ᠶᠠᠳᠠᠭᠤᠷᠬᠤ | ᠪᠠ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠠᠪᠤᠷᠠᠨ ᠲᠤᠰᠠᠯᠠᠬᠤ ᠪᠠᠳᠣᠯᠠᠭ᠎ᠠ ᠶᠢ ᠪᠠᠬᠢᠵᠢᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠰᠤᠮᠤ ᠪᠠᠯᠭᠠᠰᠤ ᠶᠢ ᠡᠭᠦᠳᠦᠨ ᠪᠠᠶᠢᠭᠤᠯᠬᠤ ᠠᠵᠠ ᠲᠣᠬᠢᠶᠠᠯ ᠢ ᠠᠰᠢᠭᠯᠠᠨ ᠭᠠᠴᠠᠭ᠎ᠠ ᠲᠣᠰᠬᠤᠨ ᠤ | ᠲᠥᠯᠦᠪᠵᠢᠭᠦᠯᠭᠡ ᠶᠢ ᠨᠠᠶᠢᠷᠠᠭᠤᠯᠤᠨ ᠲᠣᠭᠳᠠᠭᠠᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ | ᠪᠠᠶᠢᠭᠤᠯᠬᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠡᠮᠡᠴᠡᠨ ᠣᠯᠬᠤ ᠵᠡᠷᠭᠡ ᠠᠵᠢᠯ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ︽ᠴᠡᠭ ᠳᠡᠭᠡᠷ᠎ᠡ ᠵᠢᠱᠢᠶ᠎ᠡ ᠦᠵᠡᠭᠦᠯᠬᠦ︾ ᠠᠴᠠ ︽ᠨᠡᠶᠢᠳᠡᠮ ᠳᠡᠯᠭᠡᠷᠡᠭᠦᠯᠬᠦ︾ ᠳᠠᠰᠢ ᠠᠬᠢᠭᠤᠯᠤᠨ᠎ᠠ᠃ ︽ᠲᠦᠮᠡᠨ ᠠᠵᠤ ᠠᠬᠤᠶᠢᠯᠠᠯ | ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠦᠨᠵᠡᠬᠡᠶᠢᠷᠡᠭᠦᠯᠦᠨ ᠮᠠᠯᠴᠢᠨ ᠲᠠᠷᠢᠶᠠᠴᠢᠨ ᠲᠠᠢ ᠬᠤᠯᠪᠣᠭᠠᠯᠠᠵᠤ ᠮᠠᠯᠴᠢᠨ | ᠲᠠᠷᠢᠶᠠᠴᠢᠨ ᠢ ᠳᠠᠶᠢᠴᠢᠯᠠᠵᠤ ᠮᠠᠯᠴᠢᠨ ᠲᠠᠷᠢᠶᠠᠴᠢᠨ ᠢ ᠪᠠᠶᠠᠵᠢᠭᠤᠯᠬᠤ ᠠᠰᠢᠭ ᠲᠤᠰᠠ ᠶᠢᠨ ᠬᠤᠯᠪᠤᠭᠠᠲᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ︽ | ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 10 ᠪᠥᠳᠦᠭᠡᠨ ᠪᠠᠶᠢᠭᠤᠯᠵᠤ | ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠮᠠᠯ ᠲᠠᠷᠢᠶᠠᠯᠠᠩ ᠤᠨ ᠤᠶᠢᠯᠡᠰ ᠤᠨ ᠦᠷ᠎ᠡ | ᠠᠰᠢᠭ ᠢ ᠨᠡᠮᠡᠭᠳᠡᠭᠦᠯᠬᠦ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠭᠦ ᠶᠢ ᠲᠦᠷᠭᠡᠳᠬᠡᠨ ᠠᠬᠢᠭᠤᠯᠤᠨ᠎ᠠ᠃ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠬᠤ᠂ ᠬᠠᠮᠢᠶᠠᠷᠤᠯᠲᠠ ᠶᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠦᠷᠭᠦᠯᠵᠢᠯᠡᠨ | ᠠᠬᠢᠭᠤᠯᠵᠤ ᠠᠶᠢᠯ ᠲᠣᠰᠬᠤᠨ ᠢ ᠴᠡᠮᠴᠡᠭᠡᠷ ᠪᠣᠯᠭᠠᠬᠤ ᠪᠠ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ | ᠲᠠᠷᠢᠶᠠᠯᠠᠩ ᠤᠨ ᠣᠯᠠᠨ ᠡᠬᠢᠲᠤ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠨ᠎ᠠ᠃ ᠬᠠᠭᠤᠴᠢᠨ ᠵᠠᠩ ᠲᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ ᠡᠷᠡᠭᠦᠯ ᠥᠭᠡᠳᠡᠷᠬᠡᠭ ᠰᠤᠷᠲᠠᠯ ᠢ ᠶᠡᠬᠡᠪᠡᠷ ᠰᠠᠨᠠᠭᠠᠴᠢᠯᠠᠨ ︽ | ᠬᠤᠪᠢ ᠬᠤᠷᠠᠮᠳᠤᠭᠤᠯᠬᠤ ᠳᠦᠷᠢᠮ︾᠂ ︽ᠨᠠᠷᠢᠨ ᠳᠠᠩᠰᠠ ᠶᠢᠨ ᠳᠦᠷᠢᠮ︾ ᠤᠨ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ ᠬᠥᠳᠡᠭᠡ ᠲᠣᠰᠬᠤᠨ ᠢ | ᠭᠤᠶᠣᠵᠢᠭᠤᠯᠤᠨ᠎ᠠ᠃ | ᠬᠤᠳᠠ ᠬᠥᠳᠡᠭᠡ ᠶᠢ ᠵᠣᠬᠢᠴᠠᠭᠤᠯᠤᠨ ᠬᠦᠭᠵᠢᠭᠦᠯᠬᠦ ᠶᠢ ᠠᠬᠢᠭᠤᠯᠤᠨ᠎ᠠ᠃ ᠲᠤᠭ ᠪᠠᠯᠭᠠᠰᠤ ᠶᠢ ᠦᠪᠡᠷᠮᠢᠴᠡ ᠣᠨᠴᠠᠯᠢᠭᠲᠤ ᠬᠤᠲᠠ ᠪᠠᠯᠭᠠᠰᠤ ᠪᠤᠯᠭᠠᠨ | ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ ᠭᠠᠯᠠᠭᠤᠳᠣ ᠲᠤᠭ ᠢᠶᠠᠷ ᠭᠤᠤᠯᠯᠠᠭᠤᠯᠤᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠷᠢᠰᠢᠭᠤᠯᠤᠯᠲᠠ ᠶᠢ ᠪᠤᠢ ᠪᠣᠯᠭᠠᠨ ᠪᠤᠰᠤᠳ ᠰᠤᠮᠤ ᠪᠠᠯᠭᠠᠰᠣ ᠶᠢ ᠣᠨᠴᠠᠯᠢᠭᠵᠢᠭᠤᠯᠤᠨ ᠵᠥᠷᠢᠶᠡᠴᠢᠭᠦᠯᠵᠦ ᠬᠦᠭᠵᠢᠭᠦᠯᠦᠨ᠎ᠡ᠃ | ᠴᠠᠶᠢᠳᠠᠮ ᠠᠴᠠ ᠲᠤᠭ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠰᠢᠨᠡᠪᠠᠯᠭᠠᠰᠤ ᠠᠴᠠ ᠦᠦᠰᠢᠨᠵᠤᠤ ᠬᠦᠷᠬᠦ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ | ᠵᠠᠮ ᠢ ᠡᠬᠢᠯᠡᠭᠦᠯᠦᠨ ᠵᠠᠰᠠᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 320 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ ᠡᠳᠦᠷ ᠲᠤᠲᠤᠮ ᠤᠨ | ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠢ 30 ᠲᠥᠷᠥᠯ ᠬᠡᠷᠡᠭᠵᠢᠭᠦᠯᠵᠦ ᠪᠥᠬᠦ ᠤᠯᠤᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠤᠨ᠎ᠠ᠃ ᠠᠮᠤᠷ ᠲᠦᠪᠰᠢᠨ ᠤᠤᠭᠤᠬᠤ ᠤᠰᠤ ᠪᠠ ᠭᠤᠣᠯᠳᠠᠯᠭ᠎ᠠ ᠲᠠᠢ | ᠤᠰᠤᠨ ᠠᠰᠢᠭᠯᠠᠯᠲᠠ ᠶᠢᠨ ᠢᠨᠵᠧᠨᠧᠷᠢᠩ ᠢ 16 ᠲᠥᠷᠥᠯ ᠬᠡᠷᠡᠭᠵᠢᠭᠦᠯᠦᠨ ᠬᠥᠳᠡᠭᠡ ᠲᠣᠰᠬᠤᠨ ᠤ ᠴᠠᠬᠢᠯᠭᠠᠨ ᠲᠣᠣᠷ ᠢ 378 ᠺᠢᠯᠣᠮᠧᠲᠷ ᠰᠢᠨ᠎ᠡ ᠪᠠᠷ | ᠳᠠᠲᠠᠬᠤ ᠪᠠ ᠥᠭᠡᠷᠡᠴᠢᠯᠡᠨ ᠳᠠᠲᠠᠵᠤ 5G ᠰᠠᠭᠤᠷᠢ ᠥᠷᠲᠡᠭᠡ ᠶᠢ 50 ᠠᠴᠠ ᠳᠡᠭᠡᠭᠰᠢ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠴᠡᠪᠡᠷ | ᠲᠣᠯᠠᠭᠠᠯᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠨᠠᠩ ᠣᠯᠠᠨ ᠲᠥᠪᠯᠡᠷᠡᠭᠰᠡᠨ ᠰᠠᠭᠤᠭᠠᠯᠢ ᠠᠷᠠᠳ ᠤᠨ ᠴᠡᠭ ᠲᠤ ᠪᠠᠶᠢᠭᠠᠯᠢ ᠶᠢᠨ ᠰᠢᠲᠠᠮᠠᠬᠠᠢ | ᠬᠡᠢ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ | ︵ᠲᠠᠪᠤ︶ ᠡᠬᠢ ᠡᠭᠦᠰᠦᠯ ᠠᠴᠠ ᠨᠢ ᠵᠠᠰᠠᠬᠤ ᠤᠯᠠᠨ ᠲᠠᠯ᠎ᠠ ᠪᠠᠷ ᠭᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ | ᠬᠥᠭᠵᠢᠯᠲᠡ ᠶᠢ ᠪᠦᠬᠦ ᠲᠠᠯ᠎ᠠ ᠪᠠᠷ ᠬᠦᠭᠵᠢᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠮᠤᠤᠠᠤᠰᠤ ᠶᠢᠨ ᠡᠯᠡᠰᠦᠷᠭᠡᠭ ᠭᠠᠵᠠᠷ ᠢ ᠵᠠᠰᠠᠬᠤ ᠵᠠᠭᠪᠤᠷ ᠢ ᠦᠷᠬᠦᠯᠵᠢᠯᠡᠨ | ᠳ᠋ᠦᠩᠨᠡᠵᠤ ᠳᠡᠯᠭᠡᠷᠡᠭᠦᠯᠦᠨ᠎ᠡ᠃ ᠠᠭᠤᠯᠠ ᠤᠰᠤ ᠤᠢ ᠰᠢᠭᠤᠢ ᠨᠠᠭᠤᠷ ᠴᠥᠭᠦᠷᠥᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠰᠢᠨᠵᠢᠯᠡᠬᠦ | ᠤᠬᠠᠭᠠᠨᠴᠢ ᠪᠠᠷ ᠨᠣᠭᠤᠭᠠᠷᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠪᠠ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ︽ᠵᠢᠱᠢᠶ᠎ᠡ | ᠦᠵᠡᠭᠦᠯᠬᠦ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠦᠨ ᠰᠢᠷᠬᠤᠰᠣᠨ ᠭᠤᠣᠯ ᠤᠨ ᠰᠠᠪᠠ ᠭᠠᠵᠠᠷ ᠤᠨ ᠠᠮᠢ ᠠᠬᠤᠢ᠂ | ᠰᠢᠷᠬᠤᠰᠣ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ | ᠬᠤᠯᠪᠤᠭᠠᠯᠵᠢ ᠲᠣᠰᠬᠤᠨ ᠤ ᠱᠤᠸᠠᠩ ᠹᠧᠩ ᠱᠠᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ ᠭᠤᠣᠯᠳᠠᠯᠭ᠎ᠠ ᠲᠠᠢ ᠣᠷᠣᠨ | ᠪᠦᠰᠡ ᠶᠢᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠣᠶ ᠰᠢᠭᠤᠢ ᠨᠣᠳᠤᠭ ᠪᠡᠯᠴᠢᠭᠡᠷ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢ 48 ᠲᠦᠮᠡᠨ ᠮᠦ ᠪᠡᠶᠡᠯᠡᠭᠦᠯᠦᠨ᠎ᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ | ᠰᠡᠷᠭᠦᠭᠡᠬᠦ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ ᠤᠰᠤᠨ ᠤ ᠡᠬᠢ ᠪᠠᠶᠠᠯᠢᠭ ᠤᠨ ᠲᠣᠭᠠᠴᠢᠯᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ | ᠬᠠᠳᠠᠭᠤᠴᠠᠶᠢᠳᠠᠮ ᠤᠰᠤᠨ ᠰᠤᠷᠪᠤᠯᠵᠢ ᠶᠢᠨ ᠣᠷᠣᠨ ᠤ ᠭᠤᠣᠯ ᠣᠷᠣᠨ ᠤ ᠠᠷᠠᠳ ᠢ ᠨᠡᠭᠦᠯᠭᠡᠵᠦ ᠬᠥᠷᠥᠰᠥ ᠰᠢᠷᠣᠢ ᠶᠢᠨ ᠢᠳᠡᠭᠳᠡᠯ ᠤᠨ ᠶᠡᠷᠦᠩᠬᠡᠶᠢᠯᠡᠭᠰᠡᠨ | ᠵᠠᠰᠠᠯᠲᠠ ᠶᠢ 15 ᠲᠦᠮᠡᠨ ᠮᠦ ᠬᠡᠷᠡᠭᠵᠢᠭᠦᠯᠵᠦ᠂ ᠰᠢᠷᠬᠤᠰᠣᠨ ᠭᠤᠣᠯ ᠢ ᠤᠯᠤᠰ ᠤᠨ ᠳᠡᠰ ᠤᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ | ᠴᠥᠭᠦᠷᠥᠮ ᠪᠤᠯᠭᠠᠨ ᠡᠭᠦᠳᠦᠨ ᠪᠠᠶᠢᠭᠤᠯᠵᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠬᠤ ᠶᠢ ᠰᠡᠷᠭᠡᠶᠢᠯᠡᠨ ᠵᠠᠰᠠᠬᠤ ᠪᠠ ᠠᠭᠤᠷᠬᠠᠢ ᠶᠢᠨ ᠬᠤᠳᠳᠤᠭ ᠤᠨ | ᠤᠰᠤ ᠶᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠤᠨ | ᠤᠰᠤᠨ ᠤ ᠠᠵᠢᠯ ᠢ ᠦᠨᠡᠨᠬᠦ ᠰᠠᠶᠢᠳᠦᠷ ᠬᠢᠨ᠎ᠡ᠃ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠪᠣᠬᠢᠷᠳᠤᠯ ᠢ ᠪᠠᠭᠠᠰᠬᠠᠬᠤ ᠶᠢ ᠵᠣᠬᠢᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠳᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠡᠮᠬᠢ | ᠵᠢᠷᠤᠮ ᠲᠠᠢ ᠪᠠᠷ ᠥᠷᠨᠢᠭᠦᠯᠵᠦ ︽ᠬᠤᠶᠠᠷ ᠶᠡᠬᠡᠲᠠᠢ︾ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠬᠦᠯᠬᠦ ᠶᠢ ᠡᠷᠡᠰ ᠬᠤᠷᠢᠭᠯᠠᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠶᠡᠬᠡᠪᠡᠷ ᠪᠤᠢ ᠪᠤᠯᠭᠠᠬᠤ ᠪᠠ ᠣᠷᠣᠭᠤᠯᠤᠨ ᠠᠪᠴᠢᠷᠠᠵᠤ ᠪᠣᠬᠢᠷᠳᠤᠯ ᠦᠭᠡᠢ | ᠴᠠᠬᠢᠯᠭᠠᠨ ᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠳᠤᠯ ᠢ | ᠪᠠᠭᠠᠰᠬᠠᠬᠤ ᠶᠢ ᠴᠢᠩᠭᠠᠳᠬᠠᠵᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠭᠦᠨᠵᠡᠭᠡᠢ ᠵᠠᠰᠠᠬᠤ ᠶᠢ | ᠪᠠᠶᠡᠯᠡᠭᠦᠯᠦᠨ ᠠᠭᠠᠷ ᠮᠠᠨᠳᠠᠯ ᠤᠨ ᠴᠡᠪᠡᠷᠴᠡ ᠶᠢᠨ ᠨᠤᠷᠮ᠎ᠠ ᠶᠢ 90% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠤᠰᠤᠨ ᠤ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ 5 ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠳᠠᠭᠠᠬᠤ | ᠴᠥᠭᠦᠷᠦᠮ ᠤᠨ ᠥᠨᠳᠥᠷ ᠳᠠᠪᠤᠰᠤᠲᠤ ᠤᠰᠤᠨ ᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠠᠶᠡᠯᠡᠭᠦᠯᠦᠨ ᠠᠭᠤᠷᠬᠠᠢ ᠶᠢᠨ ᠬᠤᠳᠳᠤᠭ ᠤᠨ ᠤᠰᠤ ᠶᠢ | ᠶᠡᠷᠦᠩᠬᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠤᠯᠤᠰ ᠪᠠ ᠣᠷᠣᠨ ᠤ ᠱᠠᠳᠤᠨ ᠤ ᠬᠢᠨᠠᠯᠲᠠ ᠦᠨᠡᠯᠡᠯᠲᠡ ᠳᠠᠬᠢ ᠤᠰᠤᠨ ᠤ | ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠭᠦᠷᠭᠡᠨ᠎ᠡ᠃ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠤ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ ᠵᠢᠴᠢ ᠡᠮ ᠡᠮᠨᠡᠯᠭᠡ ᠶᠢᠨ ᠬᠠᠶᠠᠭᠳᠠᠮᠠᠯ ᠪᠣᠳᠠᠰ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠪᠠᠶᠢᠳᠠᠯ ᠤᠨ | ᠪᠠᠶᠢᠴᠠᠭᠠᠯᠲᠠ ᠶᠢ ᠰᠠᠶᠢᠲᠤᠷ ᠬᠢᠵᠦ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠨ᠎ᠠ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠨᠠᠮ ᠪᠠ | ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠦᠭᠭᠦᠨ᠎ᠡ᠃ | ᠠᠷᠪᠢᠴᠢ ᠭᠠᠮᠲᠠᠢ ᠡᠷᠬᠢᠯᠲᠡᠲᠤ ᠬᠦᠭᠵᠢᠯᠲᠡ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠭᠦᠴᠦᠲᠠᠢ ᠡᠵᠡᠮᠰᠢᠯ ᠢ | ᠲᠡᠭᠦᠯᠳᠡᠷᠵᠢᠭᠦᠯᠵᠦ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠥᠷᠨᠢᠭᠦᠯᠬᠦ ᠶᠢ ᠵᠣᠷᠢᠭᠵᠢᠭᠤᠯᠤᠨ ᠠᠵᠤ ᠠᠬᠤᠶᠢᠯᠠᠯ ᠡᠨᠧᠷᠭᠢ ᠶᠢᠨ | ᠠᠰᠢᠭᠯᠠᠮᠵᠢ ᠶᠢᠨ ︽ᠳᠠᠭᠠᠭᠤᠯᠤᠭᠴᠢ︾ ᠶᠢᠨ ᠪᠠᠷᠢᠮᠵᠢᠶ᠎ᠠ ᠶᠢ ᠲᠣᠭᠲᠠᠭᠠᠬᠤ ᠳᠤ ᠣᠷᠤᠯᠴᠠᠬᠤ ᠶᠢ ᠲᠡᠮᠵᠢᠨ᠎ᠡ᠃ ᠬᠠᠶᠢᠷ ᠴᠢᠯᠠᠭᠤ ᠨᠠᠩᠭᠢ ᠰᠢᠷᠣᠢ ᠶᠢᠨ | ᠠᠭᠤᠷᠬᠠᠢ ᠶᠢ ᠢᠯᠡ ᠪᠠᠷ ᠰᠢᠯᠵᠢᠭᠦᠯᠦᠨ ᠬᠤᠳᠠᠯᠳᠤᠬᠤ ᠪᠠ ᠨᠡᠭᠡᠭᠡᠨ ᠠᠰᠢᠭᠯᠠᠬᠤ ᠶᠢ ᠢᠳᠡᠪᠬᠢᠲᠡᠢ ᠠᠬᠢᠭᠤᠯᠵᠤ ᠤᠯᠤᠰ ᠤᠨ ᠲᠠᠰ ᠤᠨ ᠪᠣᠬᠢᠷᠳᠤᠯ ᠦᠭᠡᠢ | ᠠᠭᠤᠷᠬᠠᠢ ᠶᠢ 7᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠭᠤᠷᠬᠠᠢ ᠶᠢ 1 ᠡᠭᠦᠳᠦᠨ ᠪᠠᠶᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ︽ᠨᠡᠮᠡᠭᠳᠡᠭᠦᠯᠬᠦ ᠬᠠᠳᠠᠭᠠᠯᠠᠬᠤ ᠶᠢ ᠬᠤᠯᠪᠣᠭᠳᠠᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠵᠤ ᠨᠡᠮᠡᠭᠳᠡᠯ ᠢ ᠴᠢᠩᠭ᠎ᠠ ᠬᠢᠵᠠᠭᠠᠷᠯᠠᠬᠤ ᠪᠠ | ᠬᠠᠳᠠᠭᠠᠯᠠᠭᠳᠠᠴᠠ ᠶᠢᠨ ᠬᠡᠮᠵᠢᠶ᠎ᠡ ᠶᠢ ᠳᠠᠬᠢᠨ ᠨᠡᠭᠡᠭᠡᠨ ᠠᠰᠢᠭᠯᠠᠬᠤ ᠶᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠨ ᠭᠠᠵᠠᠷ ᠰᠢᠷᠣᠢ ᠶᠢ ᠠᠷᠪᠢᠯᠠᠨ ᠭᠠᠮᠨᠠᠵᠤ | ᠡᠷᠴᠢᠮᠵᠢᠭᠦᠯᠦᠨ ᠠᠰᠢᠭᠯᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠶᠢᠯᠡᠰ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ | ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ ᠬᠤᠸ ᠲᠦᠩ᠂ ᠯᠢ ᠸᠧᠢ ᠵᠡᠷᠭᠡ | ᠺᠤᠮᠫᠠᠨᠢ ᠶᠢᠨ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠥᠳᠦᠭᠡᠨ ᠪᠠᠶᠢᠭᠤᠯᠵᠤ ᠬᠠᠶᠠᠭᠳᠠᠮᠠᠯ | ᠡᠬᠢ ᠪᠠᠶᠠᠯᠢᠭ ᠢ ᠬᠡᠪᠴᠢᠶᠡᠵᠢᠭᠦᠯᠦᠨ ᠠᠰᠢᠭᠯᠠᠬᠤ ᠪᠠ ᠠᠵᠤ ᠦᠶᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠡᠨᠧᠷᠭᠢ ᠠᠷᠪᠢᠯᠠᠬᠤ ᠤᠬᠠᠭᠤᠯᠭ᠎ᠠ ᠶᠢ | ᠥᠷᠭᠡᠨ ᠳᠡᠯᠭᠡᠷᠡᠩᠭᠦᠢ ᠥᠷᠨᠢᠭᠦᠯᠦᠨ ᠬᠠᠮᠲᠤᠪᠠᠷ ᠡᠳ᠋ᠯᠡᠬᠦ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠤᠯᠠᠨ ᠲᠦᠮᠡᠨ ᠢ ᠬᠥᠲᠥᠯᠥᠨ | ᠵᠢᠯᠤᠭᠤᠳᠴᠤ ᠡᠬᠢ ᠡᠭᠦᠰᠦᠯ ᠠᠴᠠ ᠨᠢ ᠡᠨᠧᠷᠭᠢ ᠠᠷᠪᠢᠯᠠᠭᠤᠯᠵᠤ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠶᠠᠪᠤᠳᠠᠯ ᠢ ᠰᠢᠨ᠎ᠡ ᠴᠠᠭ ᠤᠨ ᠤᠷᠤᠰᠬᠠᠯ ᠪᠣᠯᠭᠠᠨ᠎ᠠ᠃ | ︵ᠵᠢᠷᠭᠤᠭ᠎ᠠ︶ ᠠᠷᠠᠳ ᠲᠦᠮᠡᠨ ᠢ ᠳᠡᠭᠡᠳᠦᠯᠡᠬᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠦᠨ᠎ᠡ | ᠠᠷᠠᠳ ᠤᠨ ᠠᠮᠢᠳᠤᠷᠠᠯ ᠤᠨ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ | ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠰ ᠭᠠᠵᠠᠷ ᠤᠨ ᠬᠥᠳᠡᠯᠮᠦᠷᠢ ᠬᠦᠴᠦᠨ ᠢ ᠤᠷᠢᠳᠠᠪᠠᠷ ᠬᠡᠷᠡᠭᠯᠡᠬᠦ ᠶᠢ | ᠵᠣᠷᠢᠭᠵᠢᠭᠤᠯᠵᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠦᠨᠳᠦᠰᠦᠨ ᠵᠦᠢᠯ ᠢ ᠪᠠᠳᠤᠯᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠪᠠ ᠬᠥᠯᠥᠰᠦᠨ ᠠᠵᠢᠯᠴᠢᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ | ᠦᠨᠡᠨᠬᠦ ᠰᠠᠶᠢᠲᠤᠷ ᠠᠳᠬᠤᠵᠤ ᠬᠤᠲᠠ ᠪᠠᠯᠭᠠᠰᠦᠨ ᠤ 1200 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ 3500 ᠭᠠᠷᠤᠢ ᠮᠠᠯᠴᠢᠨ ᠲᠠᠷᠢᠶᠠᠴᠢᠨ | ᠢ ᠰᠢᠯᠵᠢᠭᠦᠯᠦᠨ ᠰᠢᠨ᠎ᠡ ᠪᠠᠷ ᠠᠵᠢᠯ ᠣᠯᠭᠤᠵᠤ ᠨᠢᠭᠡ ᠴᠦ ᠠᠵᠢᠯ ᠣᠯᠣᠭᠰᠠᠨ ᠬᠦᠮᠦᠨ ᠦᠭᠡᠢ ᠪᠠᠶᠢᠭ᠎ᠠ ᠭᠡᠷ ᠪᠦᠯᠢ ᠶᠢ ᠬᠦᠳᠡᠯᠦᠩᠬᠦᠢ ᠪᠠᠷ ᠦᠭᠡᠶᠢᠰᠭᠡᠬᠦ ᠶᠢ | ᠪᠠᠲᠤᠯᠠᠨ᠎ᠠ᠃ ᠠᠳᠠᠯ ᠦᠢᠯᠡᠰ ᠪᠣᠰᠬᠠᠬᠤ ᠪᠠᠳᠤᠯᠠᠪᠤᠷᠢ ᠶᠢᠨ ᠵᠢᠭᠡᠯᠡᠯᠭᠡ ᠪᠠ ᠳᠠᠮ ᠬᠦᠦ ᠮᠦᠩᠭᠦ ᠶᠢᠨ ᠡᠷᠴᠢᠮ ᠢ ᠴᠢᠩᠭᠠᠳᠬᠠᠵᠤ ᠭᠠᠳᠠᠨ᠎ᠠ ᠣᠷᠣᠨ ᠳᠤ | ᠪᠠᠶᠢᠭ᠎ᠠ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃ ᠬᠥᠯᠦᠰᠦᠨ ᠠᠵᠢᠯᠴᠢᠨ ᠤ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠰᠠᠶᠢᠲᠤᠷ ᠪᠠᠲᠤᠯᠠᠨ᠎ᠠ᠃ ᠣᠨᠣᠴᠠᠲᠠᠢ ᠪᠠᠷ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ | ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠭᠰᠠᠳ ᠤᠨ ᠳᠠᠭᠠᠳᠬᠠᠯ ᠳᠤ ᠣᠷᠤᠯᠴᠠᠬᠤ ᠶᠣᠰᠣᠲᠠᠢ ᠶᠢ ᠨᠢ ᠪᠦᠬᠦᠨ ᠢ | ᠣᠷᠣᠭᠤᠯᠬᠤ ᠶᠢ ᠠᠬᠢᠭᠤᠯᠤᠨ᠎ᠠ᠃ ᠣᠨᠴᠠ ᠭᠦᠴᠢᠷᠳᠡᠯᠳᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ ᠬᠦᠴᠢᠷᠳᠡᠯᠳᠠᠢ ᠤᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ ᠠᠷᠠᠳ ᠤᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠶᠢᠲᠤᠷ ᠪᠠᠲᠤᠯᠠᠨ᠎ᠠ᠃ ︽ᠨᠠᠰᠤᠳᠠᠶᠢᠴᠤᠳ ᠪᠠ ᠬᠡᠦᠬᠡᠳ︾ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ | ᠣᠶᠤᠨᠴᠢ ᠨᠠᠰᠤᠵᠢᠯ ᠤᠨ ᠠᠰᠠᠷᠠᠮᠵᠢ ᠪᠠ ᠠᠮᠢᠳᠤᠷᠠᠯ ᠤᠨ ᠬᠡᠷᠡᠭᠯᠡᠭᠡᠨ ᠤ ᠵᠦᠢᠯᠡᠰ ᠢ ᠨᠠᠰᠤᠳᠠᠶᠢᠴᠤᠳ ᠲᠤ ᠲᠣᠬᠢᠷᠠᠭᠤᠯᠤᠨ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠦᠨ ᠬᠥᠳᠡᠭᠡ ᠲᠣᠰᠬᠤᠨ ᠤ ᠨᠠᠰᠤᠲᠠᠶᠢᠴᠤᠳ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ ᠤᠶᠢᠯᠡᠴᠢᠯᠡᠭᠡ ᠶᠢ ᠨᠠᠶᠢᠳᠡᠮᠵᠢᠭᠦᠯᠦᠨ ᠥᠷᠭᠡᠳᠬᠡᠵᠦ | ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠣᠯᠠᠨ ᠡᠰᠢᠲᠦ ᠬᠠᠩᠭᠠᠯᠭ᠎ᠠ ᠶᠢ ᠥᠷᠭᠡᠳᠬᠡᠨ ᠠᠷᠠᠳ ᠣᠯᠠᠨ ᠳᠤ ᠠᠷᠠᠳ ᠤᠨ ᠠᠮᠢᠳᠤᠷᠠᠯ ᠤᠨ ᠬᠠᠯᠠᠭᠤᠨ | ᠳᠤᠯᠠᠭᠠᠨ ᠢ ᠮᠡᠳᠡᠷᠡᠭᠦᠯᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠰᠢᠷᠬᠤᠰᠤᠨ ᠪᠠᠭ᠎ᠠ ᠰᠤᠷᠭᠠᠭᠤᠯᠢ ᠵᠡᠷᠭᠡ 5 | ᠰᠤᠷᠭᠠᠭᠤᠯᠢ ᠶᠢ ᠵᠠᠰᠠᠵᠤ ᠦᠭᠡᠷᠡᠴᠢᠯᠡᠨ᠎ᠡ᠃ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ ᠭᠡᠷ ᠪᠦᠯᠢ ᠶᠢᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠢᠭᠡᠳᠦᠭᠡᠷ ᠬᠡᠦᠬᠡᠳ ᠤᠨ ᠴᠡᠴᠡᠷᠯᠢᠭ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠱᠢᠶ᠎ᠡ ᠦᠵᠡᠬᠦᠯᠬᠦ ᠬᠡᠦᠬᠡᠳ ᠤᠨ ᠴᠡᠴᠡᠷᠯᠢᠭ ᠪᠤᠯᠭᠠᠨ ᠡᠭᠦᠳᠦᠨ ᠪᠠᠶᠢᠭᠤᠯᠬᠤ ᠶᠢ ᠳᠡᠮᠵᠢᠵᠦ ᠪᠥᠬᠦ ᠤᠯᠤᠰ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ︽ᠲᠦᠭᠡᠮᠡᠯᠵᠢᠭᠦᠯᠬᠦ᠂ ᠲᠦᠭᠡᠮᠡᠯ ᠬᠠᠷᠠᠭᠠᠯᠵᠠᠯ ᠬᠦᠷᠲᠡᠭᠡᠬᠦ︾ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ | ᠲᠦᠷᠭᠡᠳᠬᠡᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠦᠮᠦᠵᠢᠬᠦᠯᠬᠦ ᠶᠢ ᠲᠦᠯᠬᠢᠨ ᠠᠬᠢᠭᠤᠯᠵᠤ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠬᠢᠭᠡᠳ ᠵᠢᠩᠬᠢᠨᠢ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠢᠳᠠᠪᠤᠷᠢᠲᠠᠨ ᠢ | ᠬᠠᠮᠲᠤᠷᠠᠨ ᠬᠥᠮᠥᠵᠢᠭᠦᠯᠬᠦ ᠵᠠᠭᠪᠤᠷ ᠢ ᠭᠦᠨᠵᠡᠭᠡᠶᠢᠷᠡᠭᠦᠯᠵᠦ ᠰᠤᠷᠤᠭᠴᠢᠳ ᠤᠨ ᠠᠵᠢᠯ ᠣᠯᠬᠤ ᠠᠷᠭ᠎ᠠ ᠵᠠᠮ ᠢ ᠴᠢᠷᠮᠠᠶᠢᠨ ᠥᠷᠭᠡᠳᠬᠡᠨ᠎ᠡ᠃ ᠥᠨᠳᠥᠷ ᠬᠢᠷᠢ | ᠲᠦᠪᠰᠢᠨ ᠪᠦᠬᠦᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ 136 ᠪᠠᠭᠰᠢ ᠶᠢ ᠰᠣᠩᠭᠤᠵᠤ ᠤᠷᠢᠨ ᠠᠪᠴᠢᠷᠠᠨ᠎ᠠ᠃ ᠡᠷᠡᠭᠦᠯ ᠡᠩᠭᠡ ᠦᠦᠰᠢᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ ᠬᠤᠰᠢᠭᠤ ᠠᠷᠠᠳ ᠤᠨ | ᠡᠮᠨᠡᠯᠭᠡ ᠶᠢᠨ ᠬᠤᠷᠢᠶᠠᠨ ᠤ 2 ᠰᠢᠨᠵᠢᠯᠡᠭᠡᠨ ᠤ ᠰᠠᠯᠠᠭ᠎ᠠ ᠶᠢ ᠰᠢᠨ᠎ᠡ ᠪᠠᠷ ᠪᠠᠶᠢᠭᠤᠯᠬᠤ ᠪᠠ ᠬᠤᠲᠠ ᠶᠢᠨ ᠲᠠᠰ ᠤᠨ ᠭᠤᠣᠯᠳᠠᠯᠭ᠎ᠠ ᠲᠠᠢ 3 ᠰᠢᠨᠵᠢᠯᠡᠭᠡᠨ ᠤ | ᠰᠠᠯᠠᠭ᠎ᠠ ᠶᠢ ᠪᠠᠶᠢᠭᠤᠯᠬᠤ ᠶᠢ ᠳᠡᠮᠵᠢᠵᠦ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠡᠷᠡᠭᠦᠯᠵᠢᠯ ᠰᠤᠪᠢᠯᠠᠯᠲᠠ ᠶᠢᠨ ᠲᠥᠪ ᠢ | ᠪᠠᠶᠢᠭᠤᠯᠤᠨ ᠠᠰᠢᠭᠯᠠᠯᠲᠠ ᠳᠤ ᠤᠷᠤᠭᠤᠯᠵᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠤᠯᠤᠰ ᠤᠨ ᠳᠡᠰ ᠤᠨ ᠵᠢᠱᠢᠶ᠎ᠡ | ᠦᠵᠡᠬᠦᠯᠬᠦ ᠣᠷᠣᠨ ᠪᠠ ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠡᠬᠦᠳᠦᠨ ᠪᠠᠶᠢᠭᠤᠯᠬᠤ ᠪᠠᠷ | ᠴᠢᠷᠮᠠᠶᠢᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾ | ᠶᠢᠨ ᠲᠥᠷᠥᠯ ᠵᠦᠢᠯ ᠢ ᠬᠡᠷᠡᠭᠵᠢᠭᠦᠯᠦᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠰᠢᠨ᠎ᠡ ᠱᠠᠲᠤ ᠦᠶ᠎ᠡ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ | ᠡᠮᠴᠢᠯᠡᠭᠡᠨ ᠤ ᠠᠪᠤᠷᠠᠨ ᠡᠮᠨᠡᠬᠦ ᠪᠠᠲᠤᠯᠠᠭ᠎ᠠ ᠪᠠ ᠪᠥᠬᠦ ᠬᠥᠮᠥᠰ ᠤᠨ ᠡᠭᠡᠯᠢᠯᠡᠭᠡ ᠶᠢᠨ ᠲᠠᠷᠢᠯᠭ᠎ᠠ ᠶᠢ ᠰᠠᠶᠢᠲᠤᠷ ᠠᠳᠬᠤᠵᠤ ᠦᠨᠳᠦᠰᠦᠨ ᠱᠠᠲᠤᠨ ᠤ ᠬᠢᠵᠢᠭ ᠢ | ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠡᠭᠦᠯ ᠡᠩᠭᠡ ᠦᠦᠰᠢᠨ ᠤ 14 ᠲᠦᠷᠦᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ | ᠠᠬᠢᠭᠤᠯᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠤᠨ ᠪᠣᠯᠪᠠᠰᠤᠨ ᠡᠷᠡᠬᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ ᠮᠦᠽᠧᠢ ᠶᠢᠨ ᠪᠦᠲᠦᠬᠡᠨ ᠪᠠᠶᠢᠭᠤᠯᠤᠯᠲᠠ ᠶᠢ | ᠲᠦᠷᠭᠡᠳᠬᠡᠵᠤ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠰᠣᠶᠣᠯ ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ | ᠣᠯᠠᠨ ᠶᠠᠩᠵᠤ ᠶᠢᠨ ᠠᠵᠢᠯᠯᠠᠭ᠎ᠠ ᠶᠢ ᠥᠷᠨᠢᠭᠦᠯᠦᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠦᠬᠦᠭᠡᠷᠦᠮᠵᠢ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ | ᠦᠭᠡᠢ ᠲᠤᠭᠤᠰᠢᠯᠠᠭᠤᠯᠤᠨ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ | ᠠᠵᠢᠯ ᠢ ᠭᠦᠨᠵᠡᠭᠡᠶᠢᠷᠡᠭᠦᠯᠵᠦ ᠲᠤᠰᠬᠠᠢ ᠮᠡᠷᠭᠡᠵᠢᠯᠲᠡᠨ ᠠᠴᠠ ᠲᠠᠯᠳᠠ ᠭᠡᠮ ᠢ ᠪᠠᠶᠢᠴᠠᠭᠠᠬᠤ ᠶᠢ ᠪᠠᠶᠢᠩᠭᠤᠵᠢᠭᠤᠯᠤᠨ ᠠᠬᠢᠭᠤᠯᠵᠤ ᠬᠦᠨᠳᠦ ᠣᠨᠴᠠ ᠶᠡᠭᠡ ᠡ᠊ᠨᠳᠡᠯ | ᠭᠠᠷᠬᠤ ᠶᠢ ᠡᠷᠡᠰ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠰᠢᠢᠳᠪᠦᠷᠢᠯᠡᠬᠦ | ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ | ᠲᠤᠶᠢᠮᠠᠷ ᠢ ᠰᠡᠷᠭᠡᠶᠢᠯᠡᠬᠦ ᠤᠨᠲᠠᠷᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠢᠳᠡᠭᠡᠨ ᠤᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ | ᠪᠥᠬᠦ ᠲᠠᠯ᠎ᠠ ᠪᠠᠷ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ ᠵᠠᠰᠠᠭ ᠤᠨ | ᠣᠷᠳᠣᠨ ᠤ ᠨᠢᠭᠤᠭᠳᠠᠮᠠᠯ ᠥᠷᠢ ᠰᠢᠷᠢ ᠶᠢ 14.76 ᠳ᠋ᠦᠩᠰᠢᠭᠤᠷ ᠲᠥᠭᠦᠷᠢᠭ ᠢᠯᠭᠠᠷᠠᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ | ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠦᠷᠭᠦᠯᠵᠢᠯᠡᠨ ᠢᠯᠭᠠᠷᠠᠭᠤᠯᠤᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠵᠤ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠦᠷᠬᠦᠯᠵᠢᠯᠡᠨ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠵᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ ᠵᠠᠬᠢᠳᠠᠯ | ᠰᠣᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ ᠵᠦᠷᠢᠴᠡᠯ | ᠵᠢᠭᠤᠷᠠᠯᠳᠤᠭᠠᠨ ᠢ ᠲᠠᠷᠤᠢ ᠳᠤ ᠨᠢ ᠡᠶᠡᠳᠡᠬᠦᠯᠬᠦ᠂ ᠲᠦᠷᠦᠯ ᠬᠤᠪᠢᠶᠠᠨ ᠡᠶᠡᠳᠡᠬᠦᠯᠬᠦ᠂ ᠬᠠᠮᠲᠤᠷᠠᠨ ᠬᠠᠮᠢᠶᠠᠷᠴᠤ ᠡᠶᠡᠳᠡᠬᠦᠯᠬᠦ ᠠᠷᠭ᠎ᠠ ᠶᠢ ᠰᠠᠶᠢᠲᠤᠷ ᠬᠡᠷᠡᠭᠯᠡᠵᠤ | ᠴᠠᠭ ᠲᠤᠬᠠᠢ ᠳᠤᠨᠢ᠂ ᠦᠨᠳᠦᠰᠦᠨ ᠱᠠᠲᠤᠨ ᠳᠤ᠂ ᠡᠬᠢᠯᠡᠬᠦ ᠦᠶ᠎ᠡ ᠳᠤ ᠨᠢ ᠰᠢᠢᠳᠪᠦᠷᠢᠯᠡᠨ᠎ᠠ᠃ ᠨᠡᠩ ᠥᠨᠳᠥᠷ ᠬᠢᠷᠢ ᠲᠦᠪᠰᠢᠨ ᠪᠦᠬᠦᠢ ︽ᠠᠮᠤᠭᠤᠯᠠᠩᠲᠤ | ᠦᠦᠰᠢᠨ︾ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ ᠣᠶᠤᠨᠴᠢᠯᠠᠭᠰᠠᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠦᠷᠭᠦᠯᠵᠢᠯᠡᠨ ᠠᠬᠢᠭᠤᠯᠵᠤ ᠬᠤᠣᠷ ᠴᠠᠭᠠᠵᠠᠯᠠᠬᠤ᠂ | ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠵᠦ ᠲᠤᠤᠷ ᠰᠦᠯᠵᠢᠶᠡᠨ ᠤ ᠠᠮᠤᠷ ᠲᠦᠪᠰᠢᠨ ᠢ ᠪᠠᠬᠢᠵᠢᠬᠦᠯᠵᠤ ᠠᠷᠠᠳ ᠤᠯᠠᠨ ᠤ ᠠᠰᠢᠭ ᠬᠦᠷᠲᠡᠭᠰᠡᠨ ᠲᠥᠷᠥᠭᠳᠡᠯ᠂ ᠵᠤᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠨᠡᠩ ᠴᠢᠬᠤᠯᠠᠴᠢᠯᠠᠨ᠎ᠠ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠬᠤᠰᠢᠭᠤᠨ ᠤ ᠬᠥᠭᠵᠢᠯᠲᠡ ᠳᠤ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ | ᠪᠠᠶᠢᠨ᠎ᠠ᠃ ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠨᠠᠩ ᠥᠨᠳᠥᠷ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ | ᠰᠢᠳᠤᠷᠭᠤ ᠪᠠᠷ ᠭᠦᠢᠴᠡᠳᠬᠡᠵᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ ︽ᠬᠤᠶᠠᠷ ᠢ ᠲᠣᠭᠲᠠᠭᠠᠭᠰᠠᠨ︾ ᠢ ᠴᠢᠩ ᠰᠡᠳᠬᠢᠯ ᠠᠴᠠ ᠪᠠᠨ | ᠬᠦᠷᠢᠶᠡᠯᠡᠨ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ ᠡᠷᠡᠰ ᠭᠤᠶᠢᠪᠢᠰᠢ ᠦᠭᠡᠢ ᠪᠠᠷ ᠬᠤᠰᠢᠭᠤ ᠨᠠᠮ ᠤᠨ ᠬᠤᠷᠢᠶᠠᠨ | ᠤ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠭᠴᠢ᠂ ᠬᠥᠭᠵᠢᠯᠲᠡ ᠶᠢ ᠠᠬᠢᠭᠤᠯᠬᠤ ᠨᠠᠶᠢᠳᠠᠪᠤᠷᠢᠵᠢᠭᠤᠯᠤᠭᠴᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠦᠢᠯᠡᠳᠦᠯᠭᠡᠵᠢᠭᠦᠯᠦᠭᠴᠢ ᠪᠣᠯᠵᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠡᠶᠡᠯᠡᠭᠦᠯᠦᠨ᠎ᠡ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ ︽ | ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠢ ᠴᠢᠩᠭ᠎ᠠ ᠬᠡᠷᠡᠭᠵᠢᠭᠦᠯᠦᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠳᠦᠷᠢᠮ ᠢᠶᠠᠷ | ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠰᠢᠢᠳᠪᠦᠷᠢᠯᠡᠬᠦ ᠶᠢ ᠪᠠᠷᠢᠮᠲᠠᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠯ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠯᠢᠭ ᠰᠠᠶᠢᠲᠤᠷ ᠭᠦᠢᠴᠡᠳᠬᠡᠨ᠎ᠡ᠃ ᠭᠡᠷ᠎ᠡ ᠶᠢᠨ ᠵᠣᠷᠢᠭ ᠰᠠᠨᠠᠭ᠎ᠠ ᠶᠢ ᠶᠡᠬᠡᠪᠡᠷ | ᠰᠠᠨᠠᠭᠠᠴᠢᠯᠠᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠲᠥᠪ ᠭᠤᠣᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠳᠦᠷᠢᠮᠵᠢᠭᠦᠯᠵᠦ ᠵᠠᠰᠠᠭ ᠤᠨ ᠣᠷᠳᠣᠨ ᠤ ᠢᠲᠡᠭᠡᠮᠵᠢ ᠶᠢᠨ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡ ᠭᠡᠬᠦ ᠤᠭ ᠰᠠᠨᠠᠭ᠎ᠠ ᠶᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠢᠮᠠᠭᠲᠠ ᠰᠡᠳᠬᠢᠯ ᠳᠡᠭᠡᠨ ᠪᠤᠳᠤᠵᠤ ᠬᠤᠭᠤᠰᠤᠨ ᠨᠡᠷ᠎ᠡ ᠬᠤᠭᠤᠰᠤᠨ | ᠭᠠᠪᠢᠶ᠎ᠠ ᠶᠢ ᠬᠥᠭᠡᠭᠡᠴᠡᠯᠳᠦᠬᠦ ᠦᠭᠡᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠦᠬᠦᠨ ᠢ ᠪᠡᠶᠡᠯᠡᠭᠦᠯᠦᠨ᠎ᠡ᠃ | ᠠᠷᠪᠢᠴᠢ ᠭᠠᠮᠲᠠᠢ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠡᠬᠢ ᠪᠠᠶᠠᠯᠢᠭ ᠪᠠ ᠡᠳ᠋ ᠤᠨ ᠬᠦᠴᠦᠨ ᠢᠶᠠᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠪᠦᠲᠦᠮᠵᠢᠲᠡᠶ ᠬᠡᠷᠡᠭᠯᠡᠵᠦ ᠵᠠᠰᠠᠭ ᠤᠨ ᠣᠷᠳᠣᠨ ᠤ ᠴᠢᠷᠮᠠᠶᠢᠯᠭ᠎ᠠ ᠪᠠᠷ | ᠠᠷᠠᠳ ᠤᠯᠠᠨ ᠢ ᠠᠮᠤᠷ ᠲᠠᠶᠢᠪᠤᠩ ᠠᠮᠢᠳᠤᠷᠠᠭᠤᠯᠤᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠎ᠠ᠃ ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠨ ᠳᠣᠯᠤᠭᠠᠨ ᠲᠠᠯ᠎ᠠ ᠶᠢᠨ | ᠴᠠᠭ ᠤᠨ ᠪᠠᠶᠢᠳᠠᠯ ᠲᠠᠢ ᠲᠣᠬᠢᠷᠠᠬᠤ ᠦᠭᠡᠢ ᠪᠣᠳᠣᠯ ᠰᠠᠨᠠᠯ ᠪᠠ ᠦᠵᠡᠯᠲᠡ ᠲᠠᠨᠢᠯᠲᠠ ᠶᠢ ᠲᠠᠶᠠᠭᠳᠠᠵᠤ ᠦᠷ᠎ᠡ ᠳ᠋ᠦᠩ ᠪᠠ ᠪᠣᠳᠠᠲᠤ ᠬᠢᠷᠢ ᠪᠦᠲᠦᠮᠵᠢ ᠪᠠᠷ | ᠦᠨᠡᠯᠡᠬᠦ ᠤᠳᠤᠷᠢᠳᠤᠮᠵᠢ ᠶᠢ ᠴᠢᠩᠭᠠᠳᠬᠠᠨ ᠬᠥᠭᠵᠢᠯᠲᠡ ᠶᠢ ᠲᠦᠷᠭᠡᠳᠬᠡᠵᠦ ᠬᠥᠭᠵᠢᠯᠲᠡ ᠶᠢ ᠠᠳᠬᠤᠬᠤ ᠴᠤᠭ ᠵᠢᠪᠬᠤᠭ᠎ᠠ ᠶᠢ ᠪᠦᠬᠦ ᠲᠠᠯ᠎ᠠ ᠪᠠᠷ ᠬᠥᠭᠵᠢᠭᠡᠨ᠎ᠡ | ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ︽ᠰᠢᠢᠳᠪᠦᠷᠢᠯᠡᠵᠦ ᠳᠡᠶᠢᠯᠬᠦ ᠰᠡᠳᠬᠢᠬᠦᠢ︾ ᠶᠢ ᠪᠣᠢ ᠪᠣᠯᠭᠠᠨ ︽ᠲᠠᠩᠰᠠ ᠲᠤᠰᠢᠶᠠᠬᠤ ᠤᠬᠠᠮᠰᠠᠷ︾ | ᠢᠶᠠᠨ ᠴᠢᠩᠭᠠᠳᠬᠠᠵᠤ ᠬᠠᠷᠠᠯᠲᠠ ᠪᠠᠨ ᠲᠣᠭᠲᠠᠭᠠᠬᠤ᠂ ᠵᠣᠷᠢᠭᠲᠠᠢ ᠠᠵᠢᠯᠯᠠᠬᠤ᠂ ᠬᠤᠷᠳᠤᠴᠠ ᠪᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ ᠠᠯᠢᠪᠠ ᠶᠠᠪᠤᠳᠠᠯ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠬᠠᠮᠤᠭ ᠤᠨ ᠰᠠᠶᠢᠨ ᠦᠷ᠎ᠡ ᠳ᠋ᠦᠩ ᠢ ᠲᠡᠮᠡᠴᠡᠨ | ᠣᠯᠵᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠭᠤᠣᠯᠳᠠᠯᠭᠠᠲᠤ ᠠᠵᠢᠯ ᠢ ᠨᠢᠭᠡ ᠶᠢ ᠲᠣᠭᠲᠠᠭᠠᠪᠠᠯ ᠨᠢᠭᠡ ᠶᠢ ᠬᠢᠵᠦ᠂ | ᠨᠢᠭᠡ ᠶᠢ ᠬᠢᠪᠡᠯ ᠨᠢᠭᠡ ᠶᠢ ᠪᠦᠲᠦᠭᠡᠵᠦ ᠡᠯ᠎ᠡ ᠲᠦᠷᠦᠯ ᠤᠨ ᠠᠵᠢᠯ ᠤᠨ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠬᠤ ᠶᠢ ᠠᠬᠢᠭᠤᠯᠤᠨ᠎ᠠ᠃ | ᠠᠵᠢᠯᠴᠢ ᠬᠢᠴᠢᠶᠡᠩᠭᠦᠢ ᠠᠷᠢᠭᠤᠨ ᠴᠢᠬᠡᠴᠢ ᠪᠠᠶᠢᠬᠤ ᠶᠢ ᠴᠢᠩᠭ᠎ᠠ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠭᠦᠨᠵᠡᠭᠡᠢ ᠲᠤᠭᠤᠰᠢᠯᠠᠭᠤᠯᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ ᠲᠥᠪ ᠬᠤᠷᠢᠶᠠᠨ ᠤ ᠨᠠᠢᠮᠠᠨ ᠲᠦᠷᠦᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ ︽ᠲᠦᠷᠪᠡᠨ ᠰᠤᠷᠲᠠᠯ | ︾ ᠢᠯᠠᠩᠭᠤᠶ᠎ᠠ ᠬᠡᠯᠪᠡᠷᠢᠴᠢ ᠦᠵᠡᠯ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ | ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ | ᠬᠢᠨᠠᠨ ᠪᠣᠳᠤᠬᠤ ᠬᠢᠨᠠᠯᠲᠠ ᠲᠠᠯᠪᠢᠬᠤ ᠶᠢ ᠴᠢᠩᠭᠠᠳᠬᠠᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠠᠬᠢᠭᠤᠯᠵᠤ ᠬᠢᠵᠠᠭᠠᠷ ᠱᠤᠭᠤᠮ ᠢ ᠰᠠᠬᠢᠨ | ᠬᠤᠷᠢᠭ᠎ᠠ ᠱᠤᠭᠤᠮ ᠢ ᠡᠪᠳᠡᠬᠦ ᠦᠭᠡᠢ ᠪᠠᠶᠢᠵᠤ ᠲᠥᠪ ᠭᠤᠣᠯᠴᠢ ᠠᠷᠢᠭᠤᠨ ᠴᠢᠬᠡᠴᠢ ᠵᠠᠰᠠᠭ ᠤᠨ ᠣᠷᠳᠣᠨ ᠤ ᠳᠦᠷᠢ ᠲᠥᠷᠬᠦ ᠶᠢ ᠬᠠᠮᠠᠭᠠᠯᠠᠨ᠎ᠠ᠃ | ᠲᠥᠯᠥᠭᠡᠯᠡᠭᠴᠢᠳ ᠠ᠋︕ ᠰᠢᠨ᠎ᠡ ᠠᠶᠠᠨ ᠤ ᠠᠤᠭ᠎ᠠ ᠰᠦᠷᠯᠢᠭ ᠠᠯᠤᠰ ᠢᠷᠡᠭᠡᠳᠦᠢ ᠬᠥᠮᠥᠰ ᠤᠨ ᠤᠷᠮ᠎ᠠ ᠵᠣᠷᠢᠭ ᠢ ᠬᠥᠭᠵᠢᠭᠡᠵᠦ᠂ | ᠣᠳᠣᠬᠢᠴᠢᠯᠠᠯᠲᠠ ᠶᠢᠨ ᠰᠦᠷ ᠵᠢᠪᠬᠤᠯᠠᠩᠲᠤ ᠵᠢᠷᠤᠭ ᠲᠥᠰᠥᠪ ᠬᠥᠮᠥᠰ ᠤᠨ ᠵᠤᠷᠢᠭ ᠰᠦᠯᠳᠡ ᠶᠢ ᠪᠠᠳᠠᠷᠠᠭᠠᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠲᠠ ᠲᠦᠰᠢᠭᠯᠡᠨ ᠪᠦᠬᠦ ᠰᠡᠳᠬᠢᠯ ᠪᠦᠬᠦ ᠬᠦᠴᠦᠨ ᠢᠶᠠᠷ | ᠢᠶᠠᠨ ᠵᠤᠷᠢᠭᠳᠠᠢ ᠤᠷᠤᠭᠰᠢᠯᠠᠵᠤ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | | | ᠨᠡᠷᠡᠰ ᠤᠨ ᠲᠠᠶᠢᠯᠪᠤᠷᠢ | | | ᠲᠠᠪᠤᠨ ᠦᠦᠰᠢᠨ᠄ ᠴᠢᠨᠰᠠᠭᠠᠲᠦ ᠦᠤᠰᠢᠨ᠂ ᠪᠦᠳᠦᠭᠡᠯᠲᠦ ᠦᠤᠰᠢᠨ᠂ ᠦᠵᠡᠰᠭᠦᠯᠡᠩᠲᠦ ᠦᠤᠰᠢᠨ᠂ ᠵᠢᠷᠭᠠᠯᠠᠩᠲᠦ ᠦᠤᠰᠢᠨ ᠪᠠ ᠠᠮᠤᠭᠤᠯᠠᠩᠲᠦ | ᠦᠤᠰᠢᠨ ᠢ ᠪᠦᠲᠦᠬᠡᠨ ᠪᠠᠶᠢᠭᠤᠯᠬᠤ ᠶᠢ ᠵᠢᠭᠠᠵᠦ ᠪᠠᠶᠢᠨ᠎ᠠ᠃ | ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ᠄ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠪᠡᠯᠡ ᠣᠷᠣᠭᠤᠯᠤᠯᠲᠠ ᠦᠭᠡᠢ ᠶᠢ ᠦᠭᠡᠶᠢᠰᠬᠡᠬᠦ᠂ ᠰᠤᠳᠤᠯᠤᠨ ᠨᠡᠭᠡᠭᠡᠬᠦ ᠪᠠᠶᠢᠭᠤᠯᠤᠮᠵᠢ ᠦᠭᠡᠢ ᠶᠢ ᠦᠭᠡᠶᠢᠰᠬᠡᠬᠦ᠂ ᠡᠭᠦᠳᠦᠯᠲᠡ ᠶᠢᠨ ᠲᠤᠰᠬᠠᠢ ᠠᠰᠢᠭ | ᠦᠭᠡᠢ ᠶᠢ ᠦᠭᠡᠶᠢᠰᠬᠡᠬᠦ ᠵᠡᠷᠭᠡ ᠶᠢ ᠵᠢᠭᠠᠵᠤ ᠪᠠᠶᠢᠨ᠎ᠠ᠃ | ︽ᠲᠤᠰᠬᠠᠶ ᠨᠠᠷᠢᠯᠢᠭ ᠤᠨᠴᠠᠯᠢᠭᠲᠤ ᠰᠢᠨ᠎ᠡ︾ ᠠᠵᠤ ᠠᠬᠤᠶᠢᠯᠠᠯ᠄ ︽ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠬᠵᠢᠭᠰᠠᠨ᠂ ᠰᠢᠨᠡᠵᠢᠭᠰᠡᠨ︾ | ᠠᠵᠤ ᠠᠬᠤᠶᠢᠯᠠᠯ ᠢ ᠵᠢᠭᠠᠵᠤ ᠪᠠᠶᠢᠨ᠎ᠠ᠃ | 12345 ᠬᠠᠯᠠᠮᠰᠢᠯ ᠤᠲᠠᠰᠤᠨ ᠤ ︽ᠭᠤᠷᠪᠠᠨ ᠨᠤᠷᠮ᠎ᠠ︾᠄ ᠵᠠᠭᠠᠯᠳᠤᠯᠭ᠎ᠠ ᠶᠢ ᠭᠥᠯᠢᠶᠡᠨ ᠠᠪᠴᠦ ᠬᠠᠷᠢᠭᠤ ᠲᠤᠰᠬᠠᠭᠰᠠᠨ ᠨᠤᠷᠮ᠎ᠠ᠂ ᠠᠰᠠᠭᠤᠳᠠᠯ ᠢ | ᠰᠢᠢᠳᠪᠦᠷᠢᠯᠡᠭᠰᠡᠨ ᠨᠤᠷᠮ᠎ᠠ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢ ᠵᠢᠭᠠᠵᠤ ᠪᠠᠶᠢᠨ᠎ᠠ᠃ | ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ | ᠬᠡᠪᠴᠢᠶᠡᠨ ᠳᠤ ᠵᠣᠬᠢᠶᠠᠨ ᠪᠠᠶᠢᠭᠤᠯᠤᠨ ᠥᠷᠨᠢᠭᠦᠯᠦᠭᠰᠡᠨ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠢ᠂ ᠲᠤᠨᠤᠮᠠᠯ | ᠪᠡᠯᠡ ᠮᠥᠩᠭᠦ᠂ ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ | ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ | ︽ᠬᠤᠶᠠᠷ ᠥᠨᠳᠥᠷ ᠪᠠᠶᠢᠬᠤ︾᠄ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠬᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠠᠶᠢᠬᠤ ᠶᠢ ᠵᠢᠭᠠᠵᠤ ᠪᠠᠶᠢᠨ᠎ᠠ᠃ | ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ ᠄ ︽ᠪᠠᠶᠢᠭᠤᠯᠤᠯᠲᠠ ᠰᠠᠶᠢᠨᠲᠠᠢ᠂ ᠬᠠᠮᠢᠶᠠᠷᠤᠯᠲᠠ ᠰᠠᠶᠢᠨᠲᠠᠢ᠂ ᠬᠠᠮᠠᠭᠠᠯᠠᠯᠲᠠ ᠰᠠᠶᠢᠨᠲᠠᠢ᠂ | ᠠᠰᠢᠭᠯᠠᠯᠲᠠ ᠰᠠᠶᠢᠨᠲᠠᠢ︾ ᠬᠥᠳᠡᠭᠡ ᠲᠣᠰᠬᠤᠨ ᠤ ᠵᠠᠰᠠᠮᠠᠯ ᠵᠠᠮ ᠢ ᠵᠢᠭᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ︽ᠲᠦᠭᠡᠮᠡᠯᠵᠢᠭᠦᠯᠬᠦ᠂ ᠲᠦᠭᠡᠮᠡᠯ ᠬᠠᠷᠠᠭᠠᠯᠵᠠᠯ ᠬᠦᠷᠳᠡᠭᠡᠬᠦ︾ ᠰᠢᠯᠭᠠᠨ ᠬᠤᠷᠢᠶᠠᠯᠲᠠ᠄ ᠥᠪᠡᠷᠲᠡᠭᠡᠨ ᠵᠠᠰᠠᠬᠤ ᠣᠷᠣᠨ | ᠠᠴᠠ ᠤᠯᠤᠰ ᠤᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠵᠤ ᠲᠦᠭᠡᠮᠡᠯ ᠬᠠᠷᠠᠭᠠᠯᠵᠠᠯ ᠬᠦᠷᠳᠡᠭᠡᠬᠦ | ᠶᠢ ᠦᠨᠡᠯᠡᠨ ᠵᠢᠱᠢᠵᠦ ᠰᠢᠯᠭᠠᠨ ᠬᠤᠷᠢᠶᠠᠬᠤ ᠶᠢ ᠵᠢᠭᠠᠵᠤ ᠪᠠᠶᠢᠨ᠎ᠠ᠃ | ᠵᠢᠷᠭᠤᠭᠠᠨ ᠶᠡᠭᠡ ᠲᠤᠰᠬᠠᠢ ᠠᠵᠢᠯᠯᠠᠭ᠎ᠠ᠄ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠲᠤᠶᠢᠯᠪᠤᠷᠢᠲᠠᠢ ᠪᠠᠶᠢᠴᠠᠭᠠᠬᠤ᠂ ᠶᠡᠭᠡ ᠪᠠᠷ ᠵᠢᠭᠰᠠᠭᠠᠨ | ᠪᠠᠶᠢᠴᠠᠭᠠᠬᠤ᠂ ᠶᠡᠭᠡ ᠪᠠᠷ ᠰᠢᠢᠳᠪᠦᠷᠢᠯᠡᠬᠦ᠂ ᠶᠡᠭᠡ ᠪᠠᠷ ᠴᠡᠭᠴᠡᠯᠡᠨ ᠵᠠᠰᠠᠬᠤ᠂ ᠶᠡᠭᠡ ᠪᠠᠷ ᠦᠷ᠎ᠡ ᠪᠦᠲᠦᠮᠵᠢ ᠭᠠᠷᠭᠠᠬᠤ᠂ ᠶᠡᠭᠡ ᠪᠠᠷ ᠬᠢᠨᠠᠯᠲᠠ ᠲᠠᠯᠪᠢᠬᠤ | ᠲᠤᠰᠬᠠᠢ ᠠᠵᠢᠯᠯᠠᠭ᠎ᠠ ᠶᠢ ᠵᠢᠭᠠᠵᠤ ᠪᠠᠶᠢᠨ᠎ᠠ᠃ | ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠤᠯᠭᠠᠨ ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠴᠢᠬᠤᠯᠠ ᠰᠠᠭᠤᠷᠢᠨ ᠢ ᠪᠦᠲᠦᠭᠡᠨ ᠪᠠᠶᠢᠭᠤᠯᠵᠦ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠶᠢ ᠵᠢᠭᠠᠵᠤ ᠪᠠᠶᠢᠨ᠎ᠠ᠃ | ︽ᠭᠤᠷᠪᠠᠨ ᠳᠦᠷᠪᠡ︾ ᠶᠢᠨ ᠬᠠᠷᠠᠯᠲᠠ ᠡᠭᠦᠷᠭᠡ᠄ ᠣᠷᠳᠣᠰ ᠬᠤᠲᠠ ᠶᠢᠨ ᠳᠡᠯᠡᠬᠡᠢ ᠶᠢᠨ ᠲᠠᠰ ᠤᠨ ᠡᠨᠧᠷᠭᠢ ᠶᠢᠨ ᠠᠵᠤ ᠠᠬᠤᠶᠢᠯᠠᠯ᠂ ᠳᠡᠯᠡᠬᠡᠢ ᠶᠢᠨ | ᠲᠠᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠶᠢ ᠦᠶᠯᠡᠳᠬᠦ ᠠᠵᠤ ᠦᠢᠯᠡᠰ᠂ ᠳᠡᠯᠡᠬᠡᠢ ᠶᠢᠨ ᠲᠠᠰ ᠤᠨ ᠢᠮᠠᠭᠠᠨ ᠨᠤᠤᠯᠤᠭᠤᠷ ᠤᠨ ᠠᠵᠤ ᠦᠢᠯᠡᠰ ᠵᠡᠷᠭᠡ ︽ᠳᠥᠷᠪᠡᠨ ᠳᠡᠯᠡᠬᠡᠢ ᠶᠢᠨ | ᠲᠠᠰ ᠤᠨ ᠠᠵᠤ ᠦᠢᠯᠡᠰ︾ ᠢ ᠪᠠᠶᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠨᠡᠶᠢᠲᠡᠯᠢᠭ ᠵᠢᠱᠢᠶ᠎ᠡ᠂ ᠪᠣᠯᠪᠠᠰᠤᠨ ᠬᠤᠳᠠ ᠶᠢᠨ ᠨᠡᠶᠢᠲᠡᠯᠢᠭ ᠵᠢᠱᠢᠶ᠎ᠡ᠂ | ᠬᠠᠮᠲᠤ ᠪᠠᠷ ᠴᠢᠨᠡᠭᠡᠯᠢᠭᠵᠢᠭᠰᠡᠨ ᠨᠡᠶᠢᠲᠡᠯᠢᠭ ᠵᠢᠱᠢᠶ᠎ᠡ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠨᠡᠶᠢᠲᠡᠯᠢᠭ ᠵᠢᠱᠢᠶ᠎ᠡ ᠵᠡᠷᠭᠡ ︽ᠲᠦᠷᠪᠡᠨ | ᠤᠯᠤᠰ ᠤᠨ ᠨᠡᠶᠢᠲᠡᠯᠢᠭ ᠵᠢᠱᠢᠶ᠎ᠡ︾ ᠶᠢ ᠪᠠᠶᠢᠭᠤᠯᠵᠤ᠂ ᠪᠦᠬᠦ ᠤᠯᠤᠰ ᠤᠨ ᠲᠡᠷᠢᠭᠦᠨ ᠤ ᠠᠮᠢ ᠠᠬᠤᠢ ᠶᠢᠨ ᠰᠢᠨ᠎ᠡ ᠶᠢ ᠡᠭᠦᠳᠬᠦ᠂ ᠪᠦᠬᠦ ᠤᠯᠤᠰ ᠤᠨ | ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠪᠦᠬᠦ ᠤᠯᠤᠰ ᠤᠨ ᠲᠡᠷᠢᠭᠦᠨ ᠤ ᠬᠤᠳᠠ ᠶᠢᠨ ᠳᠦᠷᠢ ᠲᠥᠷᠬᠦ᠂ ᠪᠦᠬᠦ ᠤᠯᠤᠰ ᠤᠨ ᠲᠡᠷᠢᠭᠦᠨ ᠤ | ᠺᠠᠳ᠋ᠷ ᠤᠨ ᠡᠩᠨᠡᠭᠡ ᠵᠡᠷᠭᠡ ︽ᠲᠦᠷᠪᠡᠨ ᠪᠦᠬᠦ ᠤᠯᠤᠰ ᠤᠨ ᠲᠡᠷᠢᠭᠦᠨ︾ ᠢ ᠪᠤᠢ ᠪᠣᠯᠭᠠᠬᠤ ᠶᠢ ᠵᠢᠭᠠᠵᠤ ᠪᠠᠶᠢᠨ᠎ᠠ᠃ | ︽ᠭᠤᠷᠪᠠ ᠳᠥᠷᠪᠡ ᠳᠥᠷᠪᠡ︾ ᠶᠢᠨ ᠬᠥᠭᠵᠢᠯᠲᠡ ᠶᠢᠨ ᠡᠭᠦᠷᠭᠡ᠄ ᠮᠠᠨ ᠤ ᠬᠤᠰᠢᠭᠤᠨ ᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠴᠡᠪᠡᠷ ᠡᠨᠧᠷᠭᠢ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠢᠭᠡᠳ ᠰᠢᠨ᠎ᠡ ᠡᠨᠧᠷᠭᠢ ᠶᠢ ᠡᠪᠴᠡᠯᠳᠦᠬᠦᠯᠦᠨ ᠬᠦᠭᠵᠢᠬᠦᠯᠬᠦ | ᠵᠢᠱᠢᠶ᠎ᠡ ᠦᠵᠡᠭᠦᠯᠬᠦ ︽ᠭᠤᠷᠪᠠᠨ ᠶᠡᠭᠡ ᠤᠯᠤᠰ ᠤᠨ ᠳᠡᠰ ᠤᠨ ᠠᠵᠤ ᠦᠢᠯᠡᠰ ᠤᠨ ᠭᠤᠣᠯ ᠣᠷᠣᠨ︾ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ | ᠵᠠᠰᠠᠯᠲᠠ᠂ ᠠᠮᠢ ᠠᠬᠤᠢ ᠶᠢᠨ ᠮᠠᠯ ᠲᠠᠷᠢᠶᠠᠯᠠᠩ ᠠᠵᠤ ᠠᠬᠤᠢ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠨᠡᠶᠢᠭᠡᠮ ᠤᠨ ᠵᠠᠰᠠᠯᠲᠠ ᠵᠡᠷᠭᠡ ︽ᠪᠦᠬᠦ ᠣᠷᠣᠨ ᠤ | ᠳᠦᠷᠪᠡᠨ ᠵᠢᠱᠢᠶ᠎ᠡ ᠦᠵᠡᠭᠦᠯᠬᠦ ᠭᠠᠵᠠᠷ︾ ᠢ ᠪᠠᠶᠢᠭᠤᠯᠬᠤ᠂ ᠬᠠᠮᠲᠤᠪᠠᠷ ᠴᠢᠨᠡᠭᠡᠯᠢᠭᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ᠂ ᠬᠠᠷᠢᠭᠤᠴᠠᠯᠭ᠎ᠠ ᠡᠭᠦᠷᠭᠡᠯᠡᠵᠤ ᠠᠮᠵᠢᠯᠲᠠ ᠪᠦᠲᠦᠮᠵᠢ ᠭᠠᠷᠭᠠᠬᠤ ᠵᠡᠷᠭᠡ ︽ᠳᠦᠷᠪᠡᠨ ᠲᠠᠯ᠎ᠠ ᠶᠢᠨ ᠠᠵᠢᠯ ᠢ | ᠪᠦᠬᠦ ᠬᠤᠳᠠ ᠶᠢᠨ ᠡᠮᠦᠨ᠎ᠡ ᠡᠩᠨᠡᠭᠡᠨ ᠳᠤ ᠤᠷᠤᠭᠤᠯᠬᠤ︾ ᠶᠢ ᠴᠢᠷᠮᠠᠶᠢᠨ ᠪᠡᠶᠡᠯᠡᠬᠦᠯᠬᠦ ᠬᠥᠭᠵᠢᠯᠲᠡ ᠶᠢᠨ ᠡᠭᠦᠷᠭᠡ ᠶᠢ ᠵᠢᠭᠠᠵᠦ ᠪᠠᠶᠢᠨ᠎ᠠ᠃ | ︽ᠭᠤᠷᠪᠠᠨ ᠶᠡᠭᠡ ᠠᠵᠢᠯ︾ ᠢ ᠰᠠᠶᠢᠲᠤᠷ ᠬᠢᠵᠦ ︽ᠲᠠᠪᠤᠨ ᠶᠡᠭᠡ ᠰᠢᠪᠲᠤᠯᠤᠯᠲᠠ︾ ᠶᠢ ᠪᠡᠶᠡᠯᠡᠭᠦᠯᠬᠦ᠄ 2023 ᠣᠨ ᠳᠤ ᠮᠠᠨ ᠤ ᠬᠤᠰᠢᠭᠤ ︽ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ | ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ᠂ ᠪᠥᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ | ᠭᠤᠷᠪᠠᠨ ᠶᠡᠭᠡ ᠠᠵᠢᠯ ᠢ ᠰᠠᠶᠢᠲᠤᠷ ᠬᠢᠵᠤ᠂ ︽ᠠᠵᠤ ᠦᠢᠯᠡᠰ ᠢ ᠬᠦᠭᠵᠢᠬᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠮᠢ ᠠᠬᠤᠢ ᠶᠢ ᠵᠠᠰᠠᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ︾ ᠵᠡᠷᠭᠡ ᠲᠠᠪᠤᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ | ᠶᠢ ᠵᠢᠭᠠᠵᠤ ᠪᠠᠶᠢᠨ᠎ᠠ᠃ | ︽ᠲᠦᠷᠪᠡᠨ ᠲᠦᠷᠦᠯ ᠤᠨ ᠭᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ᠂ ᠬᠢᠷᠢ ᠬᠡᠮ ᠤᠨ ᠵᠡᠷᠭᠡ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢ ᠪᠥᠭᠡᠮ ᠢᠶᠠᠷ | ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭᠯᠠᠬᠤ ᠪᠠᠭᠤᠳᠠᠯᠯᠠᠬᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ | ᠨᠡᠷᠡᠶᠢᠳᠦᠯ ᠢ ᠵᠢᠭᠠᠵᠤ ᠪᠠᠶᠢᠨ᠎ᠠ᠃ | ᠠᠯᠠᠰᠢᠨ ᠦᠬᠡᠷ ᠲᠡᠵᠢᠭᠡᠨ ᠮᠠᠯᠵᠢᠬᠤ ︽ᠵᠠᠭᠤ ᠮᠢᠩᠭ᠎ᠠ ᠲᠦᠮᠡ︾ ᠶᠢᠨ ᠢᠨᠵᠧᠨᠧᠷᠢᠩ᠄ ︽ᠵᠠᠭᠤ︾ ᠭᠡᠳᠡᠭ ᠨᠢ ᠳᠠᠷᠤᠢ 100 ᠠᠴᠠ ᠳᠡᠭᠡᠭᠰᠢᠬᠢ | ᠠᠯᠠᠰᠢᠨ ᠦᠬᠡᠷ ᠤᠨ ᠡᠬᠦᠯᠳᠡᠷ ᠤᠨ ᠦᠨᠢᠶ᠎ᠡ ᠲᠡᠵᠢᠭᠡᠨ ᠮᠠᠯᠵᠢᠬᠤ ᠡᠷᠦᠬᠡ ᠶᠢ 150 ᠪᠤᠢ ᠪᠤᠯᠭᠠᠨ᠎ᠠ︔ ︽ᠮᠢᠩᠭ᠎ᠠ︾ ᠭᠡᠳᠡᠭ ᠨᠢ ᠳᠠᠷᠤᠢ ᠬᠤᠷᠰᠢᠶᠠᠵᠢᠯ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠮᠢᠩᠭᠠᠨ ᠦᠭᠡᠷ ᠲᠠᠢ ᠡᠷᠦᠬᠡ ᠬᠤᠯᠪᠤᠭᠠᠯᠠᠭᠰᠠᠨ ᠪᠣᠷᠳᠣᠵᠤ | ᠲᠠᠷᠭᠤᠯᠠᠭᠤᠯᠬᠤ ᠰᠠᠭᠤᠷᠢᠨ ᠭᠠᠵᠠᠷ ᠢ 3 ︱ 5 ᠪᠤᠢ ᠪᠤᠯᠭᠠᠨ᠎ᠠ︔ ︽ᠲᠦᠮᠡ︾ ᠭᠡᠳᠡᠭ ᠨᠢ ᠳᠠᠷᠤᠢ ᠲᠦᠮᠡᠨ ᠦᠭᠡᠷ ᠠᠴᠠ ᠳᠡᠭᠡᠭᠰᠢᠬᠢ 1 ︱ 2 | ᠬᠡᠪᠴᠢᠶᠡᠵᠢᠭᠰᠡᠨ ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠭᠤᠯᠵᠤ᠂ ︽ᠡᠷᠦᠬᠡ ᠠᠴᠠ ᠲᠦᠯᠵᠢᠬᠦᠯᠵᠤ ᠠᠵᠤ ᠠᠬᠤᠶᠢᠯᠠᠯ ᠠᠴᠠ ᠪᠤᠷᠳᠤᠵᠤ | ᠲᠠᠷᠭᠤᠯᠠᠭᠤᠯᠬᠤ︾ ᠬᠥᠭᠵᠢᠯᠲᠡ ᠶᠢᠨ ᠵᠠᠭᠪᠤᠷ ᠢ ᠪᠣᠶ ᠪᠣᠯᠭᠠᠬᠤ ᠶᠢ ᠵᠢᠭᠠᠵᠤ ᠪᠠᠶᠢᠨ᠎ᠠ᠃ | ᠨᠠᠷᠠᠨ ᠡᠨᠧᠷᠬᠢ ᠶᠢ ᠰᠢᠩᠬᠡᠨ ᠲᠦᠯᠦᠪᠲᠦ ᠪᠠᠷ ᠬᠠᠳᠠᠭᠠᠯᠠᠬᠤ᠄ ᠨᠡᠷᠡᠨ ᠡᠨᠧᠷᠭᠢ ᠵᠡᠷᠭᠡ ᠲᠡᠬᠢᠠ ᠡᠭᠦᠰᠴᠦ ᠪᠣᠯᠬᠤ ᠡᠨᠧᠷᠭᠢ ᠶᠢ ᠠᠰᠢᠭᠯᠠᠨ ᠴᠠᠬᠢᠯᠭᠠᠨ | ᠡᠨᠧᠷᠭᠢ ᠭᠠᠷᠭᠠᠬᠤ᠂ ᠣᠰᠣ ᠶᠢ ᠴᠠᠬᠢᠯᠭᠠᠨ ᠢᠶᠠᠷ ᠵᠠᠳᠠᠯᠵᠤ ᠤᠰᠤᠲᠥ᠋ᠷᠥᠭᠴᠢ ᠦᠢᠯᠡᠳᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠤᠰᠤᠲᠥ᠋ᠷᠥᠭᠴᠢ | ᠨᠡᠮᠡᠵᠦ ᠮᠧᠲ᠋ᠢᠯ ᠠᠯᠺᠣᠣᠯ ᠬᠢᠬᠦ ᠮᠡᠷᠭᠡᠵᠢᠯ ᠢᠶᠠᠷ ᠰᠢᠩᠭᠡᠨ ᠪᠡᠶᠡᠲᠦ ᠲᠦᠯᠡᠰᠢ ᠬᠢᠬᠦ ᠶᠢ ᠵᠢᠭᠠᠵᠤ ᠪᠠᠶᠢᠨ᠎ᠠ᠃ | ᠦᠦᠰᠢᠨ ᠬᠤᠰᠢᠭᠤᠨ ᠤ ᠤᠤᠯ ᠤᠨ ᠶᠡᠭᠡ ᠵᠤᠤ ᠠᠶᠢᠮᠠᠭ ᠤᠨ ᠨᠠᠮ ᠤᠨ ᠪᠠᠶᠢᠭᠤᠯᠤᠯᠲᠠ ᠪᠠ ᠬᠤᠪᠢᠰᠬᠠᠯ ᠤᠨ ᠲᠡᠦᠬᠡᠨ ᠳᠤ ᠡᠭᠦᠳᠦᠭᠰᠡᠨ ︽ᠠᠷᠪᠠᠨ | ᠠᠩᠬᠠᠳᠤᠭᠠᠷ︾᠄ ᠠᠩᠬᠠᠳᠤᠭᠠᠷ ᠪᠦᠯᠦᠭ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠩᠬᠠᠳᠤᠭᠠᠷ ᠳᠤᠭᠤᠶᠢᠯᠠᠩ᠂ ᠠᠩᠬᠠᠳᠤᠭᠠᠷ ᠬᠤᠰᠢᠭᠤ ᠰᠢᠶᠠᠨ ᠤ ᠱᠠᠲᠤᠨ ᠤ ᠨᠠᠮ ᠤᠨ ᠠᠵᠢᠯᠯᠠᠬᠤ ᠬᠤᠷᠢᠶ᠎ᠠ᠂ ᠠᠩᠬᠠᠳᠤᠭᠠᠷ ᠨᠠᠮ ᠤᠨ ᠡᠭᠦᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠰᠢᠶᠠᠩ ᠤᠨ ᠱᠠᠲᠤᠨ ᠤ ᠨᠠᠮ ᠤᠨ ᠬᠤᠷᠢᠶ᠎ᠠ᠂ ᠠᠩᠬᠠᠳᠤᠭᠠᠷ ᠰᠣᠪᠢᠶᠠᠳ ᠬᠤᠪᠢᠰᠬᠠᠯ ᠤᠨ ᠵᠠᠰᠠᠭ ᠤᠨ ᠡᠷᠬᠡ | ᠂ ᠠᠩᠬᠠᠳᠤᠭᠠᠷ ᠮᠣᠩᠭᠤᠯ ᠦᠨᠳᠦᠰᠦᠲᠡᠨ ᠤ ᠬᠤᠪᠢᠰᠬᠠᠯ ᠤᠨ ᠵᠡᠪᠰᠡᠭᠲᠦ ᠬᠦᠴᠦᠨ᠂ ᠨᠠᠮ ᠤᠨ ᠤᠳᠤᠷᠢᠳᠤᠭᠰᠠᠨ ᠠᠩᠬᠠᠳᠤᠭᠠᠷ ᠦᠨᠳᠦᠰᠦᠲᠡᠨ ᠤ ᠬᠥᠩᠭᠡᠨ | ᠠᠵᠤ ᠦᠢᠯᠡᠳᠪᠦᠷᠢ ᠶᠢᠨ ᠦᠢᠯᠡᠳᠪᠦᠷᠢ᠂ ᠨᠠᠮ ᠤᠨ ᠤᠳᠤᠷᠢᠳᠤᠯᠭ᠎ᠠ ᠲᠤᠤᠷ᠎ᠠ ᠪᠠᠶᠢᠭᠤᠯᠤᠭᠰᠠᠨ ᠠᠩᠬᠠᠳᠤᠭᠠᠷ ᠮᠣᠩᠭᠤᠯ ᠬᠢᠲᠠᠳ ᠪᠠᠭ᠎ᠠ ᠰᠤᠷᠭᠠᠭᠤᠯᠢ᠂ | ᠠᠩᠬᠠᠳᠤᠭᠠᠷ ᠨᠠᠶᠢᠷᠠᠮᠳᠠᠯ ᠢᠶᠠᠷ ᠪᠣᠰᠣᠯᠭ᠎ᠠ ᠭᠠᠷᠭᠠᠭᠰᠠᠨ ᠤ ᠳᠠᠷᠠᠭᠠᠬᠢ ᠬᠤᠰᠢᠭᠤ ᠱᠠᠲᠤᠨ ᠤ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠡᠷᠬᠡ ᠶᠢ ᠵᠢᠭᠠᠵᠤ | ᠪᠠᠶᠢᠨ᠎ᠠ᠃ | ︽ᠪᠠᠷᠢᠮᠵᠢᠶᠠᠲᠤ ᠭᠠᠵᠠᠷ︾᠄ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ᠂ ᠪᠡᠯᠡ | ᠣᠷᠣᠭᠤᠯᠤᠯᠲᠠ ᠶᠢᠨ ᠬᠡᠮᠵᠢᠶ᠎ᠡ᠂ ᠮᠦ ᠪᠦᠷᠢ ᠶᠢᠨ ᠣᠨᠠᠯᠳᠠ ᠶᠢᠨ ᠭᠠᠶᠢᠯᠢ ᠲᠠᠲᠠᠪᠤᠷᠢ ᠵᠡᠷᠭᠡ ᠠᠯᠢ ᠣᠯᠠᠨ ᠪᠠᠷᠢᠮᠵᠢᠶ᠎ᠠ ᠪᠠᠷ ᠰᠢᠯᠵᠢᠭᠦᠯᠦᠨ ᠬᠤᠳᠠᠯᠳᠤᠬᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠭᠠᠵᠤ ᠪᠠᠶᠢᠨ᠎ᠠ᠃ | ᠦᠯᠦ ᠬᠥᠳᠡᠯᠬᠦ ᠬᠥᠷᠥᠩᠭᠡ ᠶᠢᠨ ︽ᠭᠤᠷᠪᠠᠨ ᠡᠷᠬᠡ︾᠄ ᠦᠯᠦ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ ᠪᠠ ᠡᠵᠡᠩᠨᠡᠬᠦ | ᠡᠷᠬᠡ ᠶᠢ ᠵᠢᠭᠠᠵᠤ ᠪᠠᠶᠢᠨ᠎ᠠ᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ | ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠥᠭᠡᠷᠡᠴᠢᠯᠡᠯᠲᠡ ᠶᠢ ᠵᠢᠭᠠᠵᠤ | ᠪᠠᠶᠢᠨ᠎ᠠ᠃ | ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ᠄ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠲᠤᠰᠢᠶᠠᠯ ᠢ ᠨᠢᠭᠡ ᠰᠠᠯᠠᠭ᠎ᠠ ᠮᠥᠴᠢᠷ ᠲᠤ ᠬᠠᠷᠢᠴᠠᠩᠭᠤᠢ ᠪᠠᠷ ᠲᠥᠪᠯᠡᠷᠡᠭᠦᠯᠬᠦ ᠶᠢᠨ ᠬᠠᠮᠲᠤ ᠨᠢᠭᠡ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠲᠤᠰᠬᠠᠢ ᠲᠠᠮᠠᠭ᠎ᠠ ᠶᠢ ᠨᠢᠭᠡᠳᠦᠯᠲᠡᠢ ᠬᠡᠷᠡᠭᠯᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠥᠷᠨᠢᠭᠦᠯᠬᠦ ᠶᠢ | ᠵᠢᠭᠠᠵᠤ ᠪᠠᠶᠢᠨ᠎ᠠ᠃ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠨᠡᠮᠡᠭᠳᠡᠭᠦᠯᠭᠦ ᠬᠠᠳᠠᠭᠠᠯᠠᠬᠤ ᠶᠢ ᠬᠤᠯᠪᠣᠭᠳᠠᠭᠤᠯᠬᠤ︾ ᠲᠣᠭᠲᠠᠴᠠ᠄ ᠰᠢᠨ᠎ᠡ ᠪᠠᠷ ᠨᠡᠮᠡᠭᠳᠡᠬᠦᠯᠭᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢ ᠬᠠᠳᠠᠭᠠᠯᠠᠭᠳᠠᠵᠤ ᠪᠠᠶᠢᠭ᠎ᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠬᠢᠨ ᠨᠡᠭᠡᠭᠡᠨ ᠠᠰᠢᠭᠯᠠᠬᠤ ᠯᠤᠭ᠎ᠠ ᠬᠤᠯᠪᠣᠭᠳᠠᠭᠤᠯᠬᠤ ᠶᠢᠨ ᠬᠠᠮᠲᠤ ᠱᠠᠩᠨᠠᠵᠤ ᠲᠣᠷᠭᠠᠬᠤ ᠶᠢ ᠬᠡᠷᠡᠭᠵᠢᠬᠦᠯᠬᠦ ᠨᠢᠭᠡ | ᠵᠦᠢᠯ ᠤᠨ ᠠᠵᠢᠯ ᠤᠨ ᠳᠦᠷᠢᠮ ᠢ ᠵᠢᠭᠠᠵᠤ ᠪᠠᠶᠢᠨ᠎ᠠ᠃ | ᠤᠯᠤᠰ ᠪᠠ ᠮᠤᠵᠢ ᠶᠢᠨ ᠱᠠᠳᠤᠨ ᠤ ᠬᠢᠨᠠᠯᠲᠠ ᠦᠨᠡᠯᠡᠯᠲᠡ ᠳᠠᠬᠢ ᠤᠰᠤᠨ ᠴᠢᠨᠠᠷ᠄ ᠤᠯᠤᠰ ᠦᠪᠡᠷᠳᠡᠭᠡᠨ ᠵᠠᠰᠠᠬᠤ ᠤᠷᠤᠨ ᠤ ᠭᠠᠵᠠᠷ ᠲᠡᠭᠡᠷᠡᠬᠢ | ᠤᠰᠤᠨ ᠤ ᠬᠢᠨᠠᠯᠲᠠ ᠦᠨᠡᠯᠡᠯᠲᠡ ᠳᠠᠬᠢ ᠤᠭᠳᠤᠯᠤᠭᠠᠰᠤ ᠶᠢ ᠵᠢᠭᠠᠵᠤ ᠪᠠᠶᠢᠨ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠨ ᠭᠠᠵᠠᠷ | ᠳᠡᠭᠡᠷᠡᠬᠢ ᠤᠰᠤᠨ ᠤ ᠣᠷᠴᠢᠨ ᠲᠤᠭᠤᠷᠢᠨ ᠢ ᠬᠢᠨᠠᠨ ᠦᠨᠡᠯᠡᠬᠦ ᠨᠢᠭᠡ ᠵᠦᠢᠯ ᠤᠨ ᠬᠡᠯᠪᠡᠷᠢ ᠪᠤᠯᠤᠨ᠎ᠠ᠃ | ᠢᠳᠡᠭᠡᠨ ᠤᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠄ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠠ ᠠᠵᠤ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ | ᠲᠣᠯᠤᠭᠠᠨ ᠲᠠᠯ᠎ᠠ ᠶᠢᠨ ᠴᠠᠭ ᠤᠨ ᠪᠠᠶᠢᠳᠠᠯ ᠲᠠᠢ ᠲᠣᠬᠢᠷᠠᠬᠤ ᠦᠭᠡᠢ ᠪᠣᠳᠣᠯ ᠰᠠᠨᠠᠯ ᠪᠠ ᠦᠵᠡᠯᠲᠡ ᠲᠠᠨᠢᠯᠲᠠ ᠶᠢ ᠲᠠᠶᠠᠭᠳᠠᠬᠤ᠄ ︽ᠪᠢ ᠬᠦᠮᠦᠨ ᠳᠤ | ᠬᠦᠷᠬᠦ ᠦᠭᠡᠢ︾᠂ ︽ᠭᠥᠭᠵᠢᠭᠦᠯᠬᠦ ᠪᠠᠷ ᠶᠡᠭᠡ ᠰᠠᠨᠳᠤᠷᠬᠤ ᠬᠡᠷᠡᠭ ᠦᠭᠡᠢ︾ ᠬᠡᠰᠡᠨ ᠪᠣᠳᠣᠯ᠂ ︽ᠶᠠᠪᠤᠴᠠ ᠶᠢ ᠴᠢᠬᠤᠯᠠᠴᠢᠯᠠᠵᠦ ᠦᠷ᠎ᠡ ᠳ᠋ᠦᠡᠭ ᠢ | ᠴᠢᠬᠤᠯᠠᠴᠢᠯᠠᠬᠤ ᠦᠭᠡᠢ︾ ᠤᠬᠠᠮᠰᠠᠷ᠂ ︽ᠵᠣᠷ ᠪᠠᠶᠢᠬᠤ ᠦᠭᠡᠢ ᠪᠣᠯ ᠡᠮ ᠦᠭᠴᠦ ᠴᠢᠳᠠᠬᠤ ᠦᠭᠡᠢ︾᠂ ︽ᠨᠢᠳᠤᠨ ᠡᠮᠦᠨᠡᠬᠢ ᠪᠠᠨ ᠬᠠᠷᠠᠵᠤ ᠠᠯᠤᠰ | ᠢᠷᠡᠭᠡᠳᠦᠢ ᠶᠢ ᠪᠣᠳᠣᠯᠬᠢᠯᠠᠬᠤ ᠦᠭᠡᠢ︾ ᠰᠡᠳᠬᠢᠭᠦᠢ᠂ ︽ᠭᠤᠭᠴᠤᠭ᠎ᠠ ᠶᠠᠪᠤᠴᠠ ᠶᠢ ᠪᠣᠳᠣᠯᠬᠢᠯᠠᠬᠤ ᠦᠭᠡᠢ ᠬᠢᠷᠢ ᠪᠠᠷᠤᠭ ᠪᠠᠶᠢᠪᠠᠯ ᠪᠣᠯᠴᠢᠬᠠᠬᠤ︾ ᠣᠪᠤᠷ᠂ | ︽ᠤᠶᠢᠯᠡᠳᠪᠦᠷᠢᠯᠡᠯ ᠢ ᠴᠢᠬᠤᠯᠠᠴᠢᠯᠠᠵᠦ ᠡᠵᠡᠩᠨᠡᠯᠲᠡ ᠶᠢ ᠬᠦᠡᠭᠭᠡᠪᠴᠢᠯᠡᠬᠦ︾ ᠦᠵᠡᠯᠲᠡ ᠲᠠᠨᠢᠯᠲᠠ ᠶᠢ ᠵᠢᠭᠠᠵᠤ ᠪᠠᠶᠢᠨ᠎ᠠ᠃ | ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ᠂ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠦᠭᠡᠨ᠂ ᠠᠵᠢᠯ ᠤᠨ ᠰᠡᠳᠬᠢᠴᠡ ᠴᠦᠭᠡᠨ᠂ ᠪᠣᠳᠠᠳᠠᠢ ᠠᠰᠠᠭᠤᠲᠠᠯ ᠢ ᠰᠢᠢᠳᠪᠤᠷᠢᠯᠡᠬᠦ ᠨᠢ ᠴᠦᠭᠡᠨ᠂ | ᠰᠢᠢᠳᠪᠦᠷᠢᠲᠦ ᠪᠣᠳᠣᠯᠭ᠎ᠠ ᠲᠣᠭᠳᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠡᠭ ᠨᠢ ᠤᠳᠠᠭᠠᠨ ᠪᠠᠶᠢᠬᠤ ᠶᠢ ᠵᠢᠭᠠᠵᠦ ᠪᠠᠶᠢᠨ᠎ᠠ᠃ | | |