ᠡᠨᠡ ᠵᠢᠯ ᠠᠴᠠ ᠨᠠᠰᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠬᠦᠴᠦᠲᠡᠢ ᠲᠦᠯᠬᠢᠨ ᠠᠬᠢᠭᠤᠯᠬᠤ ᠪᠠ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ ᠠᠬᠤᠢ ᠶᠢ ᠲᠣᠭᠲᠠᠪᠤᠷᠢᠵᠢᠭᠤᠯᠬᠤ | ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠦᠴᠦᠲᠡᠢ ᠨᠠᠶᠢᠳᠠᠪᠤᠷᠢᠵᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠦᠷᠭᠦᠯᠵᠢᠯᠡᠨ ᠳᠡᠭᠡᠭᠰᠢᠯᠡᠵᠦ᠂ | ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠲᠣᠭᠲᠠᠪᠤᠷᠢᠵᠢᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠢ ᠪᠣᠯᠵᠤ᠂ | ᠪᠥᠬᠦ ᠬᠤᠰᠢᠭᠤᠨ ᠤ ᠠᠵᠤ ᠠᠬᠤᠢ ᠦᠷᠭᠦᠯᠵᠢᠯᠡᠨ ᠲᠣᠭᠲᠠᠭᠤᠨ ᠬᠠᠨᠳᠤᠰᠢ ᠲᠠᠢ ᠪᠠᠶᠢᠨ᠎ᠠ᠃ | ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠨᠡᠮᠡᠭᠳᠡᠵᠦ ᠪᠠᠶᠢᠨ᠎ᠠ | 1︱8 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 100% ᠪᠠᠷ ᠨᠡᠮᠡᠭᠳᠡᠪᠡ᠃ ᠠᠵᠤ ᠦᠢᠯᠡᠰ ᠢᠶᠠᠷ ᠨᠢ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 46.4% ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 171.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 28.9% ᠪᠠᠷ ᠪᠠᠭᠤᠷᠠᠪᠠ᠃ ᠠᠵᠢᠯ ᠲᠦᠷᠦᠯ ᠢᠶᠠᠷ ᠨᠢ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 18. | 2% ᠢᠶᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 3316% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 40.3% ᠪᠠᠷ ᠪᠠᠭᠤᠷᠠᠪᠠ︔ ᠪᠤᠰᠤᠳ ᠭᠦᠢᠴᠡᠳᠬᠡᠯ ᠲᠤᠭ᠎ᠠ ᠠᠴᠠ ᠦᠵᠡᠪᠡᠯ᠂ ᠠᠵᠤ ᠦᠢᠯᠡᠳᠪᠦᠷᠢ ᠶᠢᠨ | ᠪᠡᠯᠡ ᠣᠷᠣᠭᠤᠯᠤᠯᠲᠠ 171.9% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ 419.5% ᠪᠠᠷ ᠨᠡᠮᠡᠭᠳᠡᠪᠡ︔ ᠨᠡᠶᠢᠭᠡᠮ ᠤᠨ ᠬᠦᠷᠢᠶᠡᠨ ᠳᠠᠬᠢ | ᠪᠡᠯᠡ ᠣᠷᠣᠭᠤᠯᠤᠯᠲᠠ 33.3% ᠪᠠᠷ ᠪᠠᠭᠤᠷᠠᠪᠠ᠃ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 97491 | ᠲᠡᠭᠰᠢ ᠳᠥᠷᠪᠡᠯᠵᠢᠨ ᠮᠧᠲᠷ ᠲᠤ ᠬᠦᠷᠴᠦ᠂ 3.8% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ 37677 ᠲᠦᠮᠡᠨ | ᠲᠥᠭᠦᠷᠢᠭ ᠲᠤ ᠬᠦᠷᠴᠦ᠂ 2.1% ᠪᠠᠷ ᠪᠠᠭᠤᠷᠠᠪᠠ᠃ | 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ | 115 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 42᠂ 500 ᠲᠦᠮᠡ — 5000 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 40᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ 33 ᠪᠣᠶ᠃ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 29 ᠪᠠᠶᠢᠵᠤ᠂ ᠲᠤᠭ᠎ᠠ | ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ | ᠬᠢ ᠠᠴᠠ 146.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 92.99% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠠᠷᠢᠯᠭ᠎ᠠ ᠶᠢᠨ ᠲᠥᠷᠥᠯ ᠵᠦᠢᠯ 7 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 228.2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 83.85% ᠶᠢ ᠡᠵᠡᠯᠡᠪᠡ᠃ | ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 20 ᠲᠥᠷᠥᠯ ᠵᠦᠢᠯ ᠢ ᠨᠢᠭᠡᠨᠲᠡ | ᠬᠥᠮᠥᠷᠭᠡ ᠳᠤ ᠣᠷᠣᠭᠤᠯᠵᠤ᠂ 76.44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠳᠡᠭᠡᠭᠰᠢᠯᠡᠪᠡ | 1 — 8 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ | ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ 8 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 1.0% ᠢᠶᠠᠷ ᠨᠡᠮᠡᠭᠳᠡᠵᠦ᠂ 7 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 10 ᠬᠤᠪᠢ ᠪᠠᠭᠤᠷᠠᠪᠠ᠃ | ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 11.12% ᠢᠶᠠᠷ | ᠪᠠᠭᠤᠷᠠᠪᠠ︔ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ | ᠦᠭᠡᠢ︶ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 59.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 40.9% ᠪᠠᠷ ᠪᠠᠭᠤᠷᠠᠪᠠ᠃ | 1 — 8 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ | ᠰᠢᠲᠠᠮᠠᠬᠠᠢ ᠬᠡᠢ ᠪᠠᠭᠲᠠᠬᠤ ᠦᠭᠡᠢ︶ ᠢ ᠠᠵᠢᠯ ᠲᠥᠷᠥᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ | ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 16.7% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ | ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠬᠢᠮᠢ ᠶᠢᠨ | ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13. | 9% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 24.8% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 32.5% ᠪᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠨᠢ ᠬᠤᠪᠢᠶᠠᠪᠠᠯ᠄ ᠬᠥᠩᠭᠡᠨ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15.32% ᠢᠶᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ | ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 14.61% ᠪᠠᠷ ᠪᠠᠭᠤᠷᠠᠪᠠ︔ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ | ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 11.97% ᠪᠠᠷ | ᠪᠠᠭᠤᠷᠠᠪᠠ︔ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 32.76% ᠪᠠᠷ | ᠪᠠᠭᠤᠷᠠᠪᠠ︔ ᠬᠤᠪᠢ ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15. | 11% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1.07 ᠪᠠᠷ ᠪᠠᠭᠤᠷᠠᠪᠠ᠃ | 1 — 8 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠡ᠄ ᠪᠠᠶᠢᠭᠠᠯᠢ ᠶᠢᠨ ᠰᠢᠲᠠᠮᠠᠬᠠᠢ ᠬᠡᠢ 105.15 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.74% ᠪᠠᠷ ᠨᠡᠮᠡᠭᠳᠡᠪᠡ︔ ᠨᠡᠭᠦᠷᠡᠰᠦ 2643.48 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.01% ᠪᠠᠷ ᠪᠠᠭᠤᠷᠠᠪᠠ︔ ᠨᠠᠷᠢᠯᠢᠭ ᠮᠧᠲ᠋ᠢᠯ ᠠᠯᠺᠤᠤᠯ ᠨᠢ 431.83 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.11% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 60.54 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.60% ᠢᠶᠠᠷ ᠨᠡᠮᠡᠭᠳᠡᠪᠡ︔ ᠰᠢᠭᠡᠰᠦᠯᠢᠭ ᠡᠳ᠋ 208.34 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 18.01% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 70.18 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 0.61% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 71.89 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4. | 55% ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 17.75 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 5.18% ᠢᠶᠠᠷ ᠪᠠᠭᠤᠷᠠᠪᠠ᠃ | ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠶᠡᠷᠦᠩᠭᠡᠢ ᠳᠤ ᠪᠠᠨ ᠲᠣᠭᠲᠠᠭᠤᠨ ᠪᠠᠶᠢᠨ᠎ᠠ | 1 — 7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ | 3.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ ᠪᠠᠭᠤᠷᠠᠪᠠ᠃ ᠠᠵᠢᠯ ᠲᠦᠷᠦᠯ ᠤᠨ ᠲᠦᠷᠦᠯ | ᠬᠡᠯᠪᠡᠷᠢ ᠪᠠᠷ ᠬᠤᠪᠢᠶᠠᠪᠠᠯ᠂ ᠬᠥᠮᠥᠷᠭᠡ ᠳᠤ ᠪᠠᠶᠢᠭ᠎ᠠ 4 ᠠᠵᠢᠯ ᠲᠥᠷᠥᠯ ᠳᠤ ︽ᠬᠤᠶᠠᠷ ᠳᠡᠭᠡᠭᠰᠢᠯᠡᠵᠦ ᠬᠤᠶᠠᠷ ᠪᠠᠭᠤᠷᠠᠬᠤ︾ ᠪᠠᠶᠢᠳᠠᠯ ᠢᠯᠡᠷᠡᠪᠡ᠄ ᠤᠰᠤᠨ | ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ | ᠣᠷᠣᠯᠭ᠎ᠠ 0.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 73.3% ᠪᠠᠷ ᠨᠡᠮᠡᠭᠳᠡᠪᠡ︔ ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.06 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.61 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.8% ᠢᠶᠠᠷ | ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 2.07 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ᠃ | ᠳᠥᠷᠪᠡ᠂ ᠵᠠᠬ᠎ᠠ ᠳᠡᠯᠭᠡᠭᠦᠷ ᠤᠨ ᠬᠡᠷᠡᠭᠯᠡᠭᠡ ᠶᠢ ᠲᠤᠭᠲᠠᠭᠤᠨ ᠢᠶᠠᠷ ᠠᠵᠢᠯᠯᠠᠭᠤᠯᠪᠠ | 1 — 8 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 23.97 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ | ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 18.2% ᠢᠶᠠᠷ ᠨᠡᠮᠡᠭᠳᠡᠪᠡ︔ ᠬᠥᠳᠡᠭᠡ ᠲᠣᠰᠬᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠪᠠ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠬᠢᠵᠠᠭᠠᠷᠯᠠᠭᠰᠠᠨ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 15.4% ᠪᠠᠷ ᠨᠡᠮᠡᠭᠳᠡᠪᠡ︔ ᠬᠢᠵᠠᠭᠠᠷᠯᠠᠭᠰᠠᠨ ᠢᠳᠡᠭᠡᠨ ᠤᠮᠳᠠᠭᠠᠨ ᠤ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 30.4% ᠪᠠᠷ ᠨᠡᠮᠡᠭᠳᠡᠪᠡ᠃ | 1 — 8 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ | ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ 43.7% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ | ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 34.6% ᠳᠤ ᠬᠦᠷᠴᠡᠢ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠲᠦᠷᠰᠦ | ᠰᠢᠩᠭᠡᠭᠡᠯᠲᠡ ᠶᠢᠨ ᠬᠡᠷᠡᠭᠰᠡᠯ ᠤᠨ ᠲᠥᠷᠥᠯ 24.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ | ᠦᠢᠯᠡᠳᠬᠦᠨ ᠤ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 8.5% ᠳᠤ ᠬᠦᠷᠴᠡᠢ︔ ᠬᠢᠲᠠᠳ ᠡᠸᠦ᠋ᠷᠦᠫᠡ ᠡᠮ ᠤᠨ ᠲᠥᠷᠥᠯ 7.4% ᠪᠠᠷ | ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 5. | 4% ᠳᠤ ᠬᠦᠷᠴᠡᠢ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 13.9% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 1.8% ᠳᠤ ᠬᠦᠷᠴᠡᠢ︔ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ 18.7% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ | ᠲᠣᠭᠠᠨ ᠳᠤ ᠡᠵᠡᠯᠡᠬᠦ ᠬᠤᠪᠢ ᠶᠢᠨ ᠵᠢᠩ ᠨᠢ 2.1% ᠳᠤ ᠬᠦᠷᠴᠡᠢ︔ ᠮᠠᠰᠢᠨ ᠲᠡᠷᠭᠡᠨ ᠤ ᠲᠥᠷᠥᠯ 0.4% ᠪᠠᠷ ᠪᠠᠭᠤᠷᠠᠵᠤ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 44.7% ᠳᠤ ᠬᠦᠷᠴᠡᠢ︔ | ᠪᠤᠰᠤᠳ ᠲᠦᠷᠦᠯ ᠤᠨ ᠬᠢᠨ 16.1% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ | ᠲᠣᠭᠠᠨ ᠳᠤ ᠡᠵᠡᠯᠡᠬᠦ ᠬᠤᠪᠢ ᠶᠢᠨ ᠵᠢᠩ ᠨᠢ 2.9% ᠳᠤ ᠬᠦᠷᠴᠡᠢ᠃ | ᠶᠡᠷᠦᠩᠬᠡᠢ ᠳᠤᠨᠢ ᠠᠪᠴᠤ ᠦᠵᠡᠪᠡᠯ᠂ 1 — 8 ᠳ᠋ᠤᠭᠠᠷ ᠰᠠᠷ᠎ᠠ ᠳᠤ ᠪᠦᠭᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠢᠳᠡᠪᠬᠢ ᠬᠦᠴᠦᠨ | ᠵᠦᠢᠯ ᠲᠠᠰᠤᠷᠠᠯᠲᠠ ᠦᠭᠡᠢ ᠬᠤᠷᠠᠮᠳᠤᠵᠤ ᠪᠠᠶᠢᠨ᠎ᠠ᠃ ᠭᠡᠪᠡᠴᠦ ᠬᠤᠷᠸ᠎ᠠ ᠠᠵᠤ ᠠᠬᠤᠢ ᠶᠢᠨ ᠣᠷᠴᠢᠨ ᠨᠥᠬᠦᠴᠡᠯ ᠪᠠ ᠰᠠᠭᠤᠷᠢ ᠲᠤᠭ᠎ᠠ ᠶᠢᠨ ᠨᠥᠯᠥᠭᠡ | ᠬᠡᠯᠪᠡᠯᠵᠡᠯ ᠲᠠᠢ ᠪᠠᠶᠢᠵᠤ᠂ ᠦᠷᠭᠦᠯᠵᠢᠯᠡᠨ ᠨᠡᠮᠡᠭᠳᠡᠬᠦ ᠰᠠᠭᠤᠷᠢ ᠬᠠᠷᠠᠬᠠᠨ ᠪᠠᠲᠤ ᠪᠠᠬᠢ ᠪᠢᠰᠢ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ | ᠰᠠᠷ᠎ᠠ ᠶᠢᠨ ᠬᠤᠭᠤᠷᠣᠨᠳᠤ ᠰᠣᠯᠪᠢᠴᠠᠨ ︽ᠤᠳᠠᠭᠠᠰᠢᠷᠠᠬᠤ᠂ ᠬᠡᠯᠪᠡᠯᠵᠡᠬᠦ︾ ᠬᠠᠨᠳᠤᠰᠢ ᠲᠠᠢ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ | ᠠᠰᠢᠭ ᠨᠢ ᠦᠨ᠎ᠡ ᠬᠠᠩᠰᠢ ᠶᠢᠨ ᠨᠥᠯᠥᠭᠡ ᠠᠴᠠ ᠪᠣᠯᠵᠤ ᠨᠡᠮᠡᠭᠳᠡᠯ ᠤᠨ ᠪᠠᠶᠢᠳᠠᠯ ᠮᠠᠭᠤᠳᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠵᠢᠭᠠᠬᠠᠨ ᠳᠡᠭᠡᠭᠰᠢᠯᠡᠵᠦ᠂ | ᠪᠡᠯᠡ ᠣᠷᠣᠭᠤᠯᠤᠯᠲᠠ ᠶᠢᠨ ᠢᠲᠡᠭᠡᠯ ᠪᠠ ᠨᠡᠶᠢᠭᠡᠮ ᠤᠨ ᠵᠢᠱᠢᠯᠲᠡ ᠮᠥᠨ ᠯᠡ ᠰᠠᠶᠢᠵᠢᠷᠠᠵᠤ ᠰᠡᠷᠭᠦᠬᠦ ᠱᠠᠲᠤᠨ ᠳᠤ ᠣᠷᠣᠰᠢᠵᠤ ᠪᠠᠶᠢᠨ᠎ᠠ᠃ ᠲᠠᠷᠠᠭᠠᠴᠢ ᠶᠢᠨ | ᠱᠠᠲᠤᠨ ᠳᠤ᠂ ︽ᠬᠤᠶᠠᠷ ᠶᠡᠭᠡ ᠶᠠᠪᠤᠳᠠᠯ︾ ᠢᠶᠠᠷ ᠭᠤᠣᠯ ᠭᠠᠷᠳᠠᠴᠠ ᠪᠣᠯᠭᠠᠵᠤ᠂ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠲᠡᠮᠡᠴᠡᠬᠦ ᠬᠠᠷᠠᠯᠲᠠ ᠪᠠ | ᠮᠠᠨ ᠤ ᠬᠤᠰᠢᠭᠤᠨ ᠤ ︽ᠭᠤᠷᠪᠠ ᠳᠥᠷᠪᠡ ᠳᠥᠷᠪᠡ︾ ᠶᠢᠨ ᠬᠥᠭᠵᠢᠯᠲᠡ ᠶᠢᠨ ᠡᠭᠦᠷᠭᠡ ᠶᠢ ᠴᠢᠩᠭ᠎ᠠ ᠠᠳᠬᠤᠵᠤ᠂ ᠦᠢᠯᠡᠳᠪᠦᠷᠢᠯᠡᠬᠦ ᠴᠢᠳᠠᠪᠤᠷᠢ ᠪᠠᠨ | ᠪᠠᠳᠠᠷᠠᠭᠤᠯᠤᠨ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠯᠳᠠ ᠬᠦᠴᠦᠨ ᠢᠶᠠᠨ ᠬᠥᠭᠵᠢᠭᠡᠨ᠂ ᠢᠲᠡᠭᠡᠯ ᠵᠣᠷᠢᠭ ᠢᠶᠠᠨ ᠪᠠᠲᠤᠳᠬᠠᠵᠤ᠂ | ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠭᠤᠷᠪᠠᠳᠤᠭᠠᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠰᠡᠷᠭᠦᠯᠲᠡ ᠶᠢᠨ | ᠰᠠᠶᠢᠵᠢᠷᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ | ᠰᠠᠭᠤᠷᠢ ᠶᠢ ᠪᠠᠬᠢᠵᠢᠭᠦᠯᠦᠨ᠎ᠡ᠃ | | | |