ᠰᠢᠷᠬᠤᠰᠤᠨ ᠭᠤᠤᠯ ᠠᠴᠠ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠬᠦᠮᠦᠨ ᠤ ᠡᠬᠦᠳᠡᠨ ᠰᠢᠲᠤ ᠶᠢ ᠢᠯᠡᠷᠡᠬᠦᠯᠦᠭᠡᠳ ᠡᠷᠳᠡᠮ ᠰᠢᠨᠵᠢᠯᠡᠬᠡᠨ ᠤ | ᠰᠤᠳᠤᠯᠭᠠᠨ ᠳᠤ ᠤᠯᠳᠠᠰᠢ ᠦᠬᠡᠢ ᠤᠷᠬᠤᠳᠠᠢ ᠪᠤᠯᠵᠤ᠂ ᠲᠡᠯᠡᠬᠡᠢ ᠲᠦᠮᠡᠨ ᠳᠤ ᠬᠦᠮᠦᠨ ᠲᠦᠷᠦᠯᠬᠢᠲᠡᠨ ᠤ ᠪᠤᠯᠪᠠᠰᠤᠨ ᠤ ᠤᠯᠪᠠᠭ᠎ᠠ ᠶᠢ ᠲᠤᠲᠤᠷᠠᠭᠤᠯᠤᠭᠰᠠᠨ ᠢ | ᠠᠳᠡ ᠨᠠᠷᠢᠨ ᠦᠬᠦᠯᠡᠬᠦ ᠦᠬᠡᠢ ᠴᠦ ᠬᠡᠰᠡᠨ ᠤᠩᠰᠢᠬᠤ ᠮᠡᠷᠭᠡᠳ ᠶᠠᠭᠤᠨ ᠠᠨᠳᠠᠬᠤ ᠪᠢᠯᠡ︕ | ᠦᠨᠢ ᠤᠳᠠᠭᠠᠨ ᠤᠨ ᠵᠢᠯ ᠤᠨ ᠤᠯᠠᠷᠢᠯᠲᠠ ᠳᠤ ᠰᠢᠷᠬᠤᠰᠤᠨ ᠭᠤᠤᠯ ᠤᠨ ᠰᠠᠪᠠ ᠭᠠᠵᠠᠷ ᠲᠤ ︽ᠪᠤᠷᠤᠲᠤᠬᠤᠢ ᠶᠢᠨ ᠰᠤᠶᠤᠯ︾ ᠬᠦᠪᠦᠷᠡᠵᠤ᠂ ᠳᠤᠮᠳᠠᠳᠤ | ᠶᠢᠨ ᠰᠤᠶᠤᠯ ᠤᠨ ︽ᠯᠤᠭᠰᠢᠯᠲᠠ︾᠂ ᠬᠦᠮᠦᠨ ᠲᠦᠷᠦᠯᠬᠢᠲᠡᠨ ᠤ ᠪᠤᠯᠪᠠᠰᠤᠨ ᠤ ᠦᠯᠦᠬᠡᠢ ᠬᠡᠮᠡᠭᠳᠡᠵᠤ᠂ ᠭᠤᠶᠢᠳᠠ ᠰᠠᠶᠢᠬᠠᠨ ᠦᠩᠭᠡ ᠦᠵᠡᠮᠵᠢ ᠪᠠ ᠭᠦᠨ | ᠵᠤᠵᠠᠭᠠᠨ ᠲᠡᠦᠬᠡ ᠰᠤᠶᠤᠯ ᠤᠨ ᠠᠭᠤᠯᠬᠤᠨ ᠢᠶᠠᠷ ᠬᠦᠮᠦᠰ ᠤᠨ ᠬᠦᠰᠡᠨ ᠬᠦᠬᠡᠬᠡᠴᠡᠯᠳᠦᠳᠡᠭ ︽ᠰᠢᠯᠦᠭ ᠪᠠ ᠠᠯᠤᠰ ᠬᠡᠲᠦ︾ ᠶᠢ ᠵᠢᠷᠤᠭᠯᠠᠨ᠂ ︽ᠰᠤᠶᠤᠯ | ᠵᠢᠭᠤᠯᠴᠢᠯᠠᠯ ᠤᠨ ᠦᠵᠡᠮᠵᠢ ᠶᠢ ᠨᠢᠬᠡ ᠴᠤᠭᠴᠠᠵᠢᠭᠤᠯᠵᠤ᠂ ᠡᠷᠲᠡ ᠡᠳᠦᠬᠡ ᠶᠢ ᠵᠤᠯᠭᠠᠭᠠᠤᠯᠤᠨ ᠲᠤᠲᠤᠭᠠᠳᠤ ᠭᠠᠳᠠᠭᠠᠳᠤ ᠶᠢ ᠨᠡᠪᠲᠡᠷᠡᠭᠦᠯᠦᠭᠰᠡᠨ︾ ᠰᠢᠨ᠎ᠡ ᠬᠡᠯᠪᠡᠷᠢ | ᠶᠢᠨ ᠰᠤᠶᠤᠯ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠵᠤ᠂ ᠤᠷᠳᠤᠰ ᠤᠨ ᠰᠤᠶᠤᠯ ᠵᠢᠭᠤᠯᠴᠢᠯᠠᠯ ᠤᠨ ︽ᠰᠢᠮᠡᠯᠢᠭ ᠬᠦᠷᠦᠰᠦ︾ ᠪᠤᠯᠤᠭᠰᠠᠨ ᠪᠠᠶᠢᠨ᠎ᠠ᠃ | ︽ᠪᠠᠶᠢᠭᠠᠯᠢᠯᠢᠭ ᠰᠠᠶᠢᠬᠠᠨ ᠦᠵᠡᠮᠵᠢ᠂ ᠬᠦᠳᠡᠯᠮᠦᠷᠢᠴᠢ ᠮᠠᠯᠴᠢᠳ ᠤᠨ ᠬᠦᠭᠵᠢᠯᠲᠤ ᠠᠮᠢᠳᠤᠷᠠᠯ ᠤᠨ ᠬᠦᠭ ᠨᠠᠮᠪᠠ᠂ ᠡᠶ᠎ᠡ ᠨᠠᠶᠢᠷᠠᠮᠳᠠᠭᠤ ᠤᠷᠴᠢᠨ ᠠᠬᠤᠢ ᠨᠢ | ᠬᠤᠯᠠ ᠤᠶᠢᠷ᠎ᠠ ᠶᠢᠨ ᠵᠢᠭᠤᠯᠴᠢᠯᠠᠭᠰᠠᠳ ᠤᠨ ᠰᠤᠨᠢᠷᠬᠠᠯ ᠢ ᠶᠡᠬᠡᠳᠡ ᠲᠠᠲᠠᠵᠤ ᠠᠳᠡ ᠲᠤᠭᠤᠷᠢᠨ ᠵᠢᠭᠤᠯᠴᠢᠯᠠᠭᠰᠠᠳ ᠤᠯᠠᠮ ᠠᠴᠠ ᠤᠯᠠᠮ ᠤᠯᠠᠰᠢᠷᠠᠵᠤ ᠪᠠᠶᠢᠨ᠎ᠠ︾ | ᠬᠡᠵᠤ ᠰᠢᠷᠬᠤᠰᠤᠨ ᠭᠤᠤᠯ ᠢᠶᠠᠷ ᠵᠢᠭᠤᠯᠴᠢᠯᠠᠬᠤ ᠪᠠᠷ ᠢᠷᠡᠭᠰᠡᠨ ᠦᠦᠰᠢᠨ ᠬᠤᠰᠢᠭᠤᠨ ᠤ ᠰᠦᠯᠳᠡ ᠰᠤᠮᠤᠨ ᠤ ᠮᠠᠯᠴᠢᠨ ᠳᠠᠯᠪᠠᠭ᠎ᠠ ᠶᠠᠷᠢᠨ᠎ᠠ᠃ ᠤᠶᠢᠯᠠᠭᠠᠭᠰᠠᠨ | ᠢᠶᠠᠷ᠂ ᠡᠨᠡ ᠵᠢᠯ ᠤᠨ 7 ᠰᠠᠷ᠎ᠠ ᠶᠢᠨ 15 ᠤ ᠡᠳᠦᠷ ᠰᠢᠷᠬᠤᠰᠤᠨ ᠵᠢᠭᠤᠯᠴᠢᠯᠠᠯ ᠤᠨ ᠤᠷᠤᠨ ᠵᠢᠩᠭᠢᠨᠢ ᠪᠠᠷ ᠨᠡᠭᠡᠭᠡᠭᠳᠡᠭᠰᠡᠨ ᠤ ᠳᠠᠷᠠᠭ᠎ᠠ ᠵᠢᠭᠤᠯᠴᠢᠯᠠᠭᠰᠠᠳ | ᠢᠯᠡᠳᠳᠡ ᠤᠯᠠᠰᠢᠷᠠᠵᠤ᠂ ᠰᠢᠷᠬᠤᠰᠤᠨ ᠤ ᠲᠦᠷᠢ ᠲᠦᠷᠬᠦ ᠶᠢ ᠬᠠᠷᠠᠭᠤᠯᠤᠭᠰᠠᠨ ︽ᠭᠤᠷᠪᠠᠨ ᠴᠡᠴᠡᠷᠯᠢᠭ︾ ᠪᠤᠯᠤᠨ ᠰᠢᠷᠬᠤᠰᠤᠨ ᠤ ᠨᠤᠭᠤ ᠭᠠᠵᠠᠷ ᠤᠨ | ᠴᠡᠴᠡᠷᠯᠢᠭ ᠵᠢᠴᠢ ᠰᠢᠷᠬᠤᠰᠤᠨ ᠤ ᠪᠡᠶ᠎ᠡ ᠰᠤᠪᠢᠯᠠᠬᠤ ᠰᠠᠭᠤᠷᠢᠨ ᠭᠠᠵᠠᠷ ᠨᠢ ᠵᠢᠭᠤᠯᠴᠢᠯᠠᠭᠰᠠᠳ ᠲᠤ ᠲᠠᠭᠠᠰᠢᠶᠠᠭᠳᠠᠭᠰᠠᠨ ᠭᠤᠤᠯ ᠦᠵᠡᠮᠵᠢ ᠶᠢᠨ ᠤᠷᠤᠨ ᠪᠤᠯᠪᠠ᠃ | | | |