ᠰᠢᠷᠬᠤᠰᠤᠨ ᠤ ᠨᠤᠭᠤ ᠭᠠᠵᠠᠷ ᠤᠨ ᠴᠡᠴᠡᠷᠯᠢᠭ ᠨᠢ ᠨᠤᠭᠤ ᠭᠠᠵᠠᠷ ᠤᠨ ᠦᠵᠡᠮᠵᠢ ᠪᠠᠷ ᠭᠤᠤᠯᠯᠠᠵᠤ᠂ ᠤᠢ ᠰᠢᠭᠤᠢ᠂ ᠨᠠᠭᠤᠷ ᠭᠤᠤᠯ ᠵᠠᠯᠭᠠᠯᠳᠤᠨ ᠲᠡᠯᠡᠬᠡᠢ | ᠶᠢᠨ ᠪᠦᠮᠪᠦᠷᠴᠡᠭ ᠤᠨ ᠭᠤᠷᠪᠠᠨ ᠶᠡᠭᠡ ᠠᠮᠢ ᠠᠬᠤᠢ ᠶᠢᠨ ᠰᠢᠰᠲ᠋ᠧᠮ ᠲᠠᠢ ᠪᠠᠶᠢᠵᠤ᠂ ᠦᠪᠡᠷᠮᠢᠴᠡ ᠤᠨᠴᠠᠯᠢᠭ ᠪᠦᠬᠦᠢ ᠤᠰᠤᠨ ᠵᠦᠢ᠂ ᠬᠦᠷᠦᠰᠦ ᠰᠢᠷᠤᠢ ᠪᠠ | ᠠᠭᠤᠷ ᠠᠮᠢᠰᠬᠤᠯ ᠨᠢ ᠲᠡᠯᠡᠬᠡᠢ ᠶᠢᠨ ᠪᠦᠮᠪᠦᠷᠴᠡᠭ ᠤᠨ 20% ᠶᠢᠨ ᠠᠮᠢᠳᠤ ᠪᠤᠳᠠᠰ ᠤᠨ ᠤᠷᠤᠰᠢᠨ ᠲᠤᠭᠲᠠᠨᠢᠬᠤ ᠤᠷᠴᠢᠨ ᠨᠦᠬᠦᠴᠡᠯ ᠢ ᠪᠦᠷᠢᠯᠳᠦᠬᠦᠯᠵᠠᠢ᠃ | ᠨᠤᠭᠤ ᠭᠠᠵᠠᠷ ᠤᠨ ᠤᠰᠤᠨ ᠤ ᠲᠠᠯᠠᠪᠠᠢ ᠨᠢ 8500 ᠾᠧᠺᠲ᠋ᠠᠷ᠂ ᠭᠠᠵᠠᠷ ᠲᠤᠤᠷᠠᠬᠢ ᠤᠷᠬᠢᠯᠤᠮᠠᠯ ᠪᠤᠯᠠᠭ ᠲᠠᠢ ᠪᠤᠯᠬᠤᠷ ᠬᠦᠯᠳᠡᠳᠡᠭ ᠦᠬᠡᠢ ᠤᠰᠤᠨ ᠤ ᠲᠠᠯᠠᠪᠠᠢ | ᠨᠢ 8000 ᠳᠡᠭᠰᠢ ᠲᠦᠷᠪᠡᠯᠵᠢᠨ ᠮᠧᠲᠷ ᠲᠤ ᠬᠦᠷᠴᠤ᠂ ᠤᠯᠠᠨ ᠲᠦᠷᠦᠯ ᠤᠨ ᠠᠮᠢᠲᠠᠨ ᠤᠷᠭᠤᠮᠠᠯ ᠤᠷᠤᠰᠢᠨ ᠲᠤᠭᠲᠠᠨᠢᠵᠤ᠂ ᠵᠢᠯ ᠳᠡᠭᠡᠨ 80 ᠭᠠᠷᠤᠢ | ᠲᠦᠷᠦᠯ ᠤᠨ ᠨᠡᠬᠦᠳᠡᠯ ᠤᠨ ᠰᠢᠪᠠᠭᠤᠳ ᠪᠠᠭᠤᠳᠠᠯᠯᠠᠳᠠᠭ᠃ ᠤᠶᠢᠷ᠎ᠠ ᠶᠢᠨ ᠵᠢᠯ ᠦᠦᠰᠢᠨ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠨᠤᠭᠤ | ᠭᠠᠵᠠᠷ ᠢ ᠬᠠᠮᠠᠭᠠᠯᠠᠬᠤ ᠡᠷᠴᠢᠮ ᠢᠶᠠᠨ ᠳᠠᠰᠤᠷᠠᠯᠳᠠ ᠦᠬᠡᠢ ᠴᠢᠩᠭᠠᠷᠠᠭᠤᠯᠬᠤ ᠶᠢ ᠳᠠᠭᠠᠯᠳᠤᠨ ᠳᠤᠬᠠᠢ ᠶᠢᠨ ᠭᠠᠵᠠᠷ ᠤᠨ ᠠᠮᠢ ᠠᠬᠤᠢ ᠤᠷᠴᠢᠨ ᠲᠤᠭᠤᠷᠢᠨ | ᠢᠯᠡᠳᠳᠡ ᠰᠠᠶᠢᠵᠢᠷᠠᠵᠤ᠂ ᠤᠢ ᠰᠢᠭᠤᠢ ᠶᠢᠨ ᠪᠦᠷᠬᠦᠴᠡ ᠪᠤᠯᠤᠨ ᠤᠷᠭᠤᠮᠠᠯ ᠤᠨ ᠬᠤᠴᠢᠯᠭ᠎ᠠ ᠦᠷᠭᠡᠵᠢᠵᠤ᠂ ᠰᠤᠶᠤᠯ ᠵᠢᠭᠤᠯᠴᠢᠯᠠᠯ ᠤᠨ ᠬᠦᠭᠵᠢᠯᠲᠡ ᠳᠤ ᠪᠠᠲᠤ | ᠪᠠᠬᠢ ᠰᠠᠭᠤᠷᠢ ᠶᠢ ᠳᠠᠯᠪᠢᠵᠠᠢ᠃ | | | | | | | |