ᠡᠷᠡᠭᠦᠯ ᠡᠩᠭᠡ ᠶᠢᠨ ᠡᠯᠴᠢ ᠠᠯᠲᠠᠨ᠋ᠧᠴᠢᠷ
ᠨᠡᠶᠢᠲᠡᠯᠡᠭᠰᠡᠨ ᠴᠠᠭ᠄
2023/10/26
      ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠲᠣᠲᠣᠷ ᠰᠠᠯᠭᠠᠨ ᠤ ᠡᠷᠬᠢᠯᠡᠭᠴᠢ ᠡᠮᠴᠢ ᠠᠯᠲᠠᠨ᠋ᠧᠴᠢᠷ ᠤᠯᠠᠨ ᠲᠦᠮᠡᠨ ᠳᠡᠭᠡᠨ ᠴᠢᠨᠠᠷᠯᠢᠭ ᠡᠮ ᠡᠮᠨᠡᠯᠬᠡ ᠶᠢᠨ ᠦᠢᠯᠡᠴᠢᠯᠡᠭᠡ ᠬᠦᠷᠳᠡᠭᠡᠵᠦ᠂ ᠠᠷᠠᠳ ᠣᠯᠠᠨ ᠤ ᠡᠷᠡᠭᠦᠯ ᠡᠩᠬᠡ ᠶᠢᠨ ᠲᠥᠯᠥᠭᠡ ᠡᠳᠦᠷ ᠰᠦᠨᠢ ᠶᠢ ᠢᠯᠭᠠᠯ ᠦᠬᠡᠢ ᠭᠤᠶᠠᠴᠢ ᠦᠬᠡᠢ ᠵᠢᠳᠬᠦᠭᠰᠡᠭᠡᠷ ᠢᠷᠠᠵᠠᠢ᠃      ᠠᠯᠲᠠᠨ᠋ᠧᠴᠢᠷ ᠡᠮᠴᠢ᠂ 1993 ᠣᠨ ᠠᠴᠠ1966 ᠣᠨ ᠪᠣᠯᠲᠠᠯ᠎ᠠ ᠥᠪᠥᠷ ᠮᠣᠩᠭᠤᠯ ᠤᠨ ᠮᠣᠩᠭᠤᠯ ᠡᠮᠨᠡᠯᠭᠡ ᠶᠢᠨ ᠳᠡᠭᠡᠳᠦ ᠰᠤᠷᠭᠠᠭᠤᠯᠢ ᠳᠤ ᠰᠤᠷᠤᠯᠴᠠᠭᠰᠠᠨ ᠪᠥᠭᠡᠳ 2006 ᠣᠨ ᠠᠴᠠ 2008 ᠪᠣᠯᠲᠠᠯ᠎ᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠣᠩᠭᠤᠯ ᠡᠮᠨᠡᠯᠭᠡ ᠶᠢᠨ ᠰᠠᠯᠪᠤᠷᠢ ᠳᠤ ᠰᠤᠷᠤᠯᠴᠠᠵᠤ ᠵᠢᠩᠬᠢᠨᠢ ᠠᠩᠭᠢ ᠶᠢᠨ  ᠰᠤᠷᠤᠯᠭ᠎ᠠ ᠶᠢᠨ ᠨᠠᠮᠲᠠᠷ ᠣᠯᠵᠠᠢ᠃ ᠡᠮᠴᠢᠯᠡᠭᠡᠨ ᠳᠡᠭᠡᠷ᠎ᠡ ᠵᠢᠷᠦᠬᠡ ᠴᠢᠰᠤᠨ ᠰᠤᠳᠠᠯ ᠤᠨ ᠡᠪᠡᠳᠴᠢᠨ᠂ ᠲᠠᠷᠢᠬᠢ ᠴᠠᠭᠠᠨ ᠰᠤᠳᠠᠯ ᠤᠨ ᠡᠪᠡᠳᠴᠢᠨ᠂ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ᠂ ᠡᠮᠡᠭᠲᠡᠢ ᠶᠢᠨ ᠰᠠᠯᠠᠭᠠᠨ ᠤ ᠡᠪᠡᠳᠴᠢᠨ᠂ ᠲᠣᠲᠣᠭᠠᠳᠤ ᠱᠦᠭᠦᠷᠡᠯ ᠤᠨ ᠰᠢᠰᠲ᠋ᠧᠮ ᠤᠨ ᠡᠪᠡᠳᠴᠢᠨ᠂ ᠦᠶ᠎ᠡ ᠭᠡᠰᠢᠬᠦᠦ ᠶᠢᠨ ᠡᠪᠡᠳᠴᠢᠨ᠂ ᠬᠡᠦᠬᠡᠳ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠭᠡ ᠶᠢ ᠡᠮᠴᠢᠯᠡᠬᠦ ᠳᠤ ᠭᠠᠷ ᠠᠪᠤᠯᠭ᠎ᠠ ᠲᠠᠢ᠃ ᠤᠭ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠬᠦᠷᠬᠡᠯᠡᠭᠰᠡᠨ ᠠᠵᠢᠯ ᠳᠠᠭᠠᠨ ᠨᠢᠭᠡᠯᠡ ᠰᠡᠳᠬᠢᠯ ᠢᠶᠠᠷ ᠴᠢᠷᠮᠠᠶᠢᠬᠤ ᠨᠢ ᠠᠯᠲᠠᠨ᠋ᠧᠴᠢᠷ ᠡᠮᠴᠢ ᠶᠢᠨ ᠪᠠᠷᠢᠮᠳᠠᠯᠠᠯ ᠶᠤᠮ᠃      ᠲᠡᠷᠡ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠲᠦᠮᠡᠨ ᠤ ᠰᠠᠶᠢᠨ ᠡᠮᠴᠢ︾᠂ ︽ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠭᠰᠡᠨ ᠲᠡᠷᠢᠭᠦᠨ ᠤ ᠠᠵᠢᠯᠲᠠᠨ︾᠂ ︽ᠣᠷᠳᠣᠰ ᠬᠤᠲᠠ ᠶᠢᠨ ᠬᠠᠮᠤᠭ ᠤᠨ ᠰᠠᠶᠢᠬᠠᠨ ᠠᠵᠢᠯᠲᠠᠨ︾ ᠵᠡᠷᠭᠡ ᠢᠷᠠᠭᠤ ᠠᠯᠳᠠᠷ ᠢ ᠬᠦᠷᠳᠡᠭᠰᠡᠨ ᠪᠦᠬᠡᠳ ᠦᠷᠭᠦᠯᠵᠢ ᠠᠵᠢᠯ ᠤᠨ ᠠᠯᠬᠤᠮ ᠪᠣᠯᠭᠠᠨ ᠳᠤ ᠥᠪᠡᠷ ᠤᠨ ᠬᠢᠷᠢ ᠬᠡᠮ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠰᠪᠤᠷᠢ ᠵᠠᠩ ᠢᠶᠠᠷ ᠢᠶᠠᠨ ᠡᠪᠡᠳᠴᠢᠲᠡᠨ ᠤ ᠠᠮᠢ ᠨᠠᠰᠤᠨ ᠤ ᠡᠷᠡᠮᠡᠯᠵᠡᠯ ᠤᠨ ᠣᠴᠢ ᠶᠢ ᠪᠠᠳᠠᠷᠠᠭᠠᠬᠤ ᠪᠠᠷ ᠴᠢᠷᠮᠠᠶᠢᠨ ᠠᠵᠢᠯᠯᠠᠭᠰᠠᠭᠠᠷ ᠪᠤᠢ᠃
1.png
2.png
3.png
4.png
5.png
                                   ᠰᠤᠷᠪᠤᠯᠵᠢᠯᠠᠭᠴᠢ᠄ ᠬᠠᠰᠪᠤᠶᠠᠨᠲᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ