ᠡᠨᠡ ᠵᠢᠯ ᠠᠴᠠ ᠨᠠᠰᠢ᠂ ᠮᠠᠨ ᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢ ᠥᠷᠨᠢᠭᠦᠯᠤᠨ | ᠦᠢᠯᠡᠴᠢᠯᠡᠭᠡᠨ ᠤ ᠦᠢᠯᠡᠳᠦᠯ ᠴᠢᠳᠠᠪᠤᠷᠢ᠂ ᠳᠦᠷᠢᠮ ᠤᠨ ᠪᠠᠲᠤᠯᠠᠭ᠎ᠠ ᠪᠠ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠳᠤ ᠠᠩᠬᠠᠷᠤᠯ ᠢᠶᠠᠨ | ᠲᠥᠪᠯᠡᠷᠡᠭᠦᠯᠦᠨ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠠᠵᠤ ᠠᠬᠤᠢ ᠶᠢᠨ ᠬᠥᠭᠵᠢᠯᠲᠡ ᠳᠤ ᠰᠠᠭᠤᠷᠢ ᠪᠠᠲᠤᠯᠠᠭ᠎ᠠ ᠬᠠᠩᠭᠠᠭᠰᠠᠨ | ᠪᠠᠶᠢᠨ᠎ᠠ᠃ | ᠡᠨᠡ ᠵᠢᠯ᠂ ᠮᠠᠨ ᠤ ᠬᠤᠰᠢᠭᠤᠨ ᠤ 29 ᠲᠥᠷᠥᠯ ᠤᠨ ᠬᠤᠲᠠ ᠶᠢᠨ ᠲᠠᠰ ᠠᠴᠠ ᠲᠣᠬᠢᠷᠠᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠢ ᠪᠦᠬᠦᠨ ᠢ ᠨᠢ ᠰᠠᠷᠭᠦᠭᠡᠭᠦ ᠪᠤᠶᠤ ᠡᠭᠢᠯᠠᠭᠦᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1363.4 ᠳ᠋ᠦᠩᠰᠢᠭᠤᠷ ᠲᠥᠭᠦᠷᠢᠭ ᠲᠤ ᠬᠦᠷᠴᠡᠢ᠃ | ᠮᠠᠨ ᠤ ᠬᠤᠰᠢᠭᠤ ︽ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ︾ 608 ᠵᠦᠢᠯᠡᠰ ᠢ ᠡᠮᠬᠢᠯᠡᠨ ᠳᠢᠭᠯᠡᠵᠦ᠂ | ᠳᠤᠮᠳᠠᠴᠢ ᠪᠠᠷ 34.8%᠂ 33.2% ᠪᠠ 61.9% ᠪᠠᠷ ᠪᠠᠭᠠᠰᠬᠠᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ | ᠨᠠᠩ ᠲᠥᠬᠦᠮ ᠪᠣᠯᠭᠠᠪᠠ᠃ | ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠬᠦ ᠶᠢᠨ | ᠲᠥᠯᠥᠭᠡ᠂ ᠮᠠᠨ ᠤ ᠬᠤᠰᠢᠭᠤ ᠪᠠᠰᠠ 20 ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠡᠶᠡᠴᠢᠯᠡᠨ ᠣᠶᠢᠯᠠᠭᠠᠬᠤ ᠲᠤᠰᠢᠶᠠᠯᠲᠠᠨ ᠢ ᠰᠣᠩᠭᠤᠨ | ᠤᠷᠢᠵᠤ ᠪᠥᠬᠦ ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠪᠠ ᠦᠨᠡᠯᠡᠯᠲᠡ ᠳᠤ ᠣᠷᠣᠯᠴᠠᠭᠤᠯᠵᠤ ︽ | ᠠᠵᠢᠭᠯᠠᠭᠴᠢ᠂ ᠬᠢᠨᠠᠯᠲᠠ ᠲᠠᠯᠪᠢᠭᠴᠢ᠂ ᠤᠬᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ | ᠮᠠᠨ ᠤ ᠬᠤᠰᠢᠭᠤ ᠠᠵᠤ ᠠᠬᠤᠶᠢᠯᠠᠯ ᠳᠤ ᠦᠷᠭᠦᠯᠵᠢᠯᠡᠨ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠬᠠᠩᠭᠠᠨ ᠥᠭᠴᠦ᠂ | ᠣᠯᠠᠨ ᠲᠦᠮᠡᠨ ᠳᠤ ᠴᠡᠪᠡᠷ ᠲᠡᠭᠰᠢ᠂ ᠪᠣᠯᠪᠠᠰᠤᠨ᠂ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠥᠭᠴᠦ ᠠᠵᠤ ᠠᠬᠤᠶᠢᠯᠠᠯᠲᠠᠨ ᠢ | ᠰᠠᠨᠠᠭ᠎ᠠ ᠠᠮᠤᠷ᠂ ᠠᠷᠠᠳ ᠣᠯᠠᠨ ᠢ ᠲᠠᠭᠠᠯᠠᠮᠵᠢᠲᠠᠢ ᠪᠤᠯᠭᠠᠬᠤ ᠶᠢ ᠪᠠᠶᠠᠯᠠᠭᠦᠯᠵᠤ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢᠶᠠᠷ ᠴᠢᠨᠠᠷ | ᠰᠠᠶᠢᠲᠠᠢ ᠬᠥᠭᠵᠢᠯᠲᠡ ᠶᠢ ᠠᠭᠢᠭᠤᠯᠵᠤ ᠪᠤᠢ᠃ | | | ᠰᠣᠷᠪᠤᠯᠵᠢᠯᠠᠭᠴᠢ᠄ ᠰᠣᠯᠣᠩᠭ᠎ᠠ᠂ ᠬᠠᠨ ᠱᠢ ᠬᠤᠢ᠂ ᠸᠠᠩ ᠴᠢ |