ᠥᠪᠥᠷ ᠮᠣᠩᠭᠤᠯ ᠤᠨ ᠬᠠᠮᠤᠭ ᠤᠨ ᠶᠡᠭᠡ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠳᠠᠭᠠᠯᠠᠮᠵᠢ ᠶᠢᠨ ᠬᠦᠮᠦᠷᠭᠡ ᠬᠡᠢ ᠬᠠᠩᠭᠠᠬᠤ ᠠᠵᠢᠯ ᠢᠶᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2023/11/20
      ᠳᠤᠯᠠᠭᠠᠨ ᠤ ᠬᠡᠮᠵᠢᠶ᠎ᠡ ᠳᠣᠷᠣᠭᠰᠢᠯᠠᠬᠤ ᠶᠢ ᠳᠠᠭᠠᠯᠳᠤᠨ᠂ 11 ᠰᠠᠷ᠎ᠠ ᠶᠢᠨ 14 ᠤ ᠡᠳᠤᠷ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠳᠠᠭᠠᠯᠠᠮᠵᠢ ᠶᠢᠨ ᠬᠥᠮᠥᠷᠭᠡ — ᠴᠠᠩ ᠴᠢᠩ ᠴᠢᠯᠠᠭᠤᠨ ᠲᠣᠰᠤᠨ ᠤ ᠠᠢ ᠰᠠᠪᠠ ᠶᠢᠨ ᠲᠠᠪᠤᠳᠤᠭᠠᠷ ᠬᠡᠢ ᠭᠠᠷᠭᠠᠬᠤ ᠦᠢᠯᠡᠳᠪᠤᠷᠢ ᠶᠢᠨ ᠰᠤ᠋ ᠳ᠋ᠦᠩ 39 — 61 ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠡᠨᠡ ᠡᠪᠦᠯ ᠤᠨ ᠬᠡᠢ ᠬᠠᠩᠭᠠᠬᠤ ᠠᠵᠢᠯ ᠢᠶᠠᠨ ᠡᠬᠢᠯᠡᠭᠦᠯᠦᠯ᠎ᠡ᠃      ᠡᠪᠦᠯ ᠤᠨ ᠤᠯᠠᠷᠢᠯ ᠤᠨ ᠬᠤᠭᠤᠴᠠᠭᠠᠨ ᠳᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠩᠭᠠᠯᠭ᠎ᠠ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠭᠡᠢ ᠬᠠᠳᠠᠭᠠᠯᠬᠤ ᠭᠥᠮᠤᠷᠭᠡ ᠨᠢ ᠡᠪᠤᠯ ᠤᠨ ᠤᠯᠠᠷᠢᠯ ᠤᠨ ᠭᠡᠢ ᠬᠠᠩᠭᠠᠯᠭ᠎ᠠ ᠶᠢᠨ ᠠᠵᠢᠯ ᠤᠨ ᠲᠥᠰᠦᠯ ᠶᠣᠰᠣᠭᠠᠷ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠠᠷᠢᠭᠤᠴᠠᠯᠭ᠎ᠠ ᠶᠢ ᠲᠣᠳᠣᠷᠬᠠᠶᠢᠯᠠᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ ᠬᠢᠨᠠᠨ ᠬᠡᠮᠵᠢᠬᠦ ᠬᠠᠮᠢᠶᠠᠷᠤᠯᠲᠠ ᠪᠠᠨ ᠴᠢᠩᠭᠠᠳᠬᠠᠨ ᠡᠨᠡ ᠡᠪᠦᠯ ᠪᠣᠯᠣᠨ ᠢᠷᠡᠬᠦ ᠬᠠᠪᠤᠷ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠳᠤ ᠪᠥᠬᠦ ᠬᠦᠴᠦᠨ ᠢᠶᠠᠷ ᠢᠶᠠᠨ ᠪᠡᠯᠡᠳᠭᠡᠯ ᠭᠢᠵᠤ ᠪᠠᠶᠢᠨ᠎ᠠ᠃
2.jpg
1.jpg
3.jpg
      ᠰᠤ᠋ ᠳ᠋ᠦᠩ 39 — 61 ᠰᠢᠲᠠᠮᠠᠬᠠᠢ ᠬᠡᠢ ᠶᠢᠨ ᠬᠥᠮᠥᠷᠭᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠠᠭᠠᠨᠲᠣᠯᠣᠭᠠᠢ ᠪᠠᠯᠭᠠᠰᠤᠨ ᠳᠤ ᠪᠠᠶᠢᠷᠢᠯᠠᠵᠤ᠂ ᠣᠳᠣᠬᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠨᠲᠡ ᠪᠠᠶᠢᠭᠤᠯᠤᠭᠰᠠᠨ ᠬᠠᠮᠤᠭ ᠤᠨ ᠶᠡᠭᠡ ᠪᠠᠶᠢᠭᠠᠯᠢ ᠶᠢᠨ ᠰᠢᠲᠠᠮᠠᠬᠠᠢ ᠬᠡᠢ ᠬᠠᠳᠠᠭᠠᠯᠬᠤ ᠬᠥᠮᠥᠷᠭᠡ ᠪᠠᠶᠢᠵᠤ᠂ ᠭᠥᠮᠤᠷᠭᠡ ᠶᠢᠨ ᠪᠠᠭᠲᠠᠭᠠᠮᠵᠢ ᠨᠢ 22.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠰᠢᠳᠠᠮᠠᠬᠠᠢ ᠭᠡᠢ ᠬᠠᠳᠠᠭᠠᠯᠬᠤ ᠭᠠᠷᠭᠠᠬᠤ ᠬᠡᠮᠵᠢᠶ᠎ᠡ 10.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠰᠢᠲᠠᠮᠠᠬᠠᠢ ᠬᠡᠢ ᠶᠢᠨ ᠬᠥᠮᠥᠷᠭᠡ ᠶᠢ ᠵᠣᠨ ᠬᠠᠳᠠᠭᠠᠯᠠᠵᠤ ᠡᠪᠤᠯ ᠭᠠᠷᠭᠠᠬᠤ ᠠᠷᠭ᠎ᠠ ᠪᠠᠷ ᠪᠠᠶᠢᠭᠠᠯᠢ ᠶᠢᠨ ᠰᠢᠲᠠᠮᠠᠬᠠᠢ ᠬᠡᠢ ᠭᠡᠷᠡᠭᠯᠡᠭᠦ ᠤᠷᠭᠢᠯ ᠬᠤᠭᠤᠴᠠᠭᠠᠨ ᠤ ᠬᠠᠩᠭᠠᠯᠭ᠎ᠠ ᠶᠢ ᠪᠠᠳᠤᠯᠠᠳᠠᠭ ᠪᠠᠶᠢᠨ᠎ᠠ᠃ ᠨᠢᠳᠤᠨᠤᠨ ᠵᠢᠯ ᠠᠰᠢᠭᠯᠠᠯᠲᠠ ᠳᠤ ᠣᠷᠣᠭᠰᠠᠨ ᠠᠴᠠ ᠨᠠᠰᠢ᠂ ᠨᠡᠶᠢᠲᠡ 15.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠢ ᠣᠷᠣᠭᠤᠯᠵᠤ᠂ ᠨᠡᠶᠢᠲᠡ 2.15 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠢ ᠭᠠᠷᠭᠠᠪᠠ᠃ ᠡᠭᠦᠨ ᠤ ᠬᠠᠮᠲᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠱᠠᠨᠰᠢ ᠠᠴᠠ ᠪᠡᠭᠡᠵᠢᠩ ᠬᠦᠷᠬᠦ ᠱᠤᠭᠤᠮ᠂ ᠴᠠᠩᠴᠦ᠋ᠨ ᠠᠴᠠ ᠬᠥᠬᠡᠬᠤᠲᠠ ᠬᠦᠷᠬᠦ ᠱᠤᠭᠤᠮ ᠵᠡᠷᠭᠡ ᠰᠢᠲᠠᠮᠠᠬᠠᠢ ᠬᠡᠢ ᠶᠢᠨ ᠬᠤᠭᠤᠯᠠᠢ ᠱᠤᠭᠤᠮ ᠲᠠᠢ ᠬᠤᠯᠪᠣᠯᠳᠤᠨ ᠨᠡᠪᠲᠡᠷᠡᠯᠴᠡᠵᠦ ᠬᠠᠷᠢᠯᠴᠠᠨ ᠨᠥᠬᠦᠪᠦᠷᠢᠯᠡᠵᠦ᠂ ᠤᠯᠤᠰ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ  ᠭᠡᠢ ᠭᠡᠷᠡᠭᠯᠡᠭᠦ ᠤᠷᠭᠢᠯ ᠬᠤᠭᠤᠴᠠᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃
4.jpg
5.jpg
       ᠣᠢᠢᠯᠠᠭᠠᠬᠰᠠᠨ ᠢᠶᠠᠷ᠂ ᠰᠤ᠋ ᠳ᠋ᠦᠩ 39 — 61 ᠰᠢᠲᠠᠮᠠᠬᠠᠢ ᠬᠡᠢ ᠶᠢᠨ ᠬᠥᠮᠥᠷᠭᠡ ᠨᠢ ᠬᠡᠢ ᠬᠠᠳᠠᠭᠠᠯᠠᠬᠤ ᠬᠦᠮᠦᠷᠭᠡ ᠶᠢᠨ ᠭᠡᠢ ᠭᠡᠷᠡᠭᠯᠡᠭᠦ ᠤᠷᠭᠢᠯ ᠬᠤᠭᠤᠴᠠᠭᠠᠨ ᠤ ᠲᠤᠬᠢᠷᠠᠭᠤᠯᠭ᠎ᠠ ᠶᠢᠨ ᠲᠠᠪᠠᠭᠤᠯᠢᠭ ᠢ ᠬᠠᠮᠤᠭ ᠶᠡᠭᠡ ᠬᠡᠮᠵᠢᠶ᠎ᠡ ᠪᠠᠷ  ᠪᠠᠳᠠᠷᠠᠭᠤᠯᠵᠤ ᠨᠢᠭᠡ ᠡᠳᠦᠷ 350 ᠲᠦᠮᠡᠨ ᠺᠦᠪ ᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢ ᠰᠢᠨ᠎ᠡ ᠪᠠᠷ ᠨᠡᠮᠡᠭᠳᠡᠭᠦᠯᠵᠦ ᠡᠳᠦᠷ ᠪᠦᠷᠢ 1200 ᠲᠦᠮᠡᠨ ᠺᠦᠪ ᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢ ᠰᠢᠨ᠎ᠡ ᠪᠠᠷ ᠨᠡᠮᠡᠭᠳᠡᠭᠦᠯᠵᠦ ᠡᠳᠦᠷ ᠪᠦᠷᠢ ᠬᠠᠮᠤᠭ ᠤᠨ ᠶᠡᠭᠡ ᠬᠡᠢ ᠭᠠᠷᠭᠠᠬᠤ ᠬᠡᠮᠵᠢᠶ᠎ᠡ ᠨᠢ 1.256 ᠲᠦᠮᠡᠨ ᠺᠦᠪ ᠮᠧᠲᠷ ᠲᠤ ᠬᠦᠷᠬᠦ ᠪᠣᠯᠤᠨ᠎ᠠ᠃ ᠭᠤᠷᠪᠠᠨ ᠬᠦᠮᠦᠨ ᠠᠮᠠ ᠲᠠᠢ ᠨᠢᠭᠡ ᠡᠷᠦᠬᠡ ᠡᠳᠦᠷ ᠲᠤ ᠨᠢᠭᠡ 1 ᠺᠦᠪ ᠮᠧᠲᠷ ᠪᠠᠶᠢᠭᠠᠯᠢ ᠶᠢᠨ ᠰᠢᠲᠠᠮᠠᠬᠠᠢ ᠬᠡᠢ ᠶᠢ ᠬᠡᠷᠡᠭᠯᠡᠬᠦ ᠪᠠᠷ ᠵᠢᠱᠢᠪᠡᠯ᠂ ᠡᠨᠡ ᠵᠢᠯ ᠤᠨ ᠡᠪᠦᠯ ᠤᠨ ᠤᠯᠠᠷᠢᠯ ᠤᠨ ᠬᠡᠢ ᠭᠡᠷᠡᠭᠯᠡᠭᠦ ᠤᠷᠭᠢᠯ ᠬᠤᠭᠤᠴᠠᠭᠠᠨ ᠳᠤ᠂ ᠰᠤ᠋ ᠳ᠋ᠦᠩ 39 — 61 ᠤ ᠬᠡᠢ ᠬᠠᠳᠠᠭᠠᠯᠠᠬᠤ ᠬᠥᠮᠥᠷᠭᠡ ᠨᠢ 300 ᠭᠠᠷᠤᠢ ᠲᠦᠮᠡᠨ ᠭᠡᠷ ᠪᠦᠯᠢ ᠳᠤ ᠦᠷᠭᠦᠯᠵᠢᠯᠡᠭᠰᠡᠨ᠂ ᠲᠣᠭᠲᠠᠭᠤᠨ᠂ ᠠᠷᠢᠭᠤᠨ ᠴᠡᠪᠡᠷ ᠡᠨᠧᠷᠭᠢ ᠬᠠᠩᠭᠠᠬᠤ ᠪᠣᠯᠤᠨ᠎ᠠ᠃ ᠲᠤᠰ ᠬᠡᠢ ᠬᠠᠳᠠᠭᠠᠯᠠᠬᠤ ᠬᠥᠮᠥᠷᠭᠡ ᠨᠢ 1 ᠳ᠋ᠦᠩᠰᠢᠭᠤᠷ ᠭᠡᠷ ᠪᠦᠯᠢ ᠶᠢᠨ ᠦᠷᠭᠦᠯᠵᠢᠯᠡᠨ 10 ᠡᠳᠦᠷ ᠤᠨ ᠬᠡᠢ ᠬᠡᠷᠡᠭᠯᠡᠬᠦ ᠬᠡᠮᠵᠢᠶ᠎ᠡ ᠶᠢ ᠪᠠᠲᠤᠯᠠᠵᠤ ᠴᠢᠳᠠᠬᠤ ᠶᠤᠮ ᠪᠠᠶᠢᠨ᠎ᠠ᠃                                             ᠰᠤᠷᠪᠤᠯᠵᠢᠯᠠᠭᠴᠢ᠄ ᠣᠶᠣᠨᠴᠢᠮᠡᠩ᠂ ᠠᠯᠤᠰ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ