ᠸᠠᠩ ᠵᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠨ ᠵᠢᠱᠢᠯᠲᠡ ᠳᠤ ᠡᠷᠡᠮᠡᠯᠵᠡᠯ ᠲᠠᠭᠯᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠨ ᠵᠢᠱᠢᠯᠲᠡ ᠳᠤ ᠡᠷᠡᠮᠡᠯᠵᠡᠯ ᠲᠠᠭᠯᠠᠬᠤ ᠠᠵᠢᠯ ᠢ ᠬᠢᠨᠠᠨ ᠵᠢᠯᠣᠭᠤᠳᠪᠠ᠃     2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠨ  ᠵᠢᠱᠢᠯᠲᠡ ᠳᠤ ᠡᠷᠡᠮᠡᠯᠵᠡᠯ ᠲᠠᠭᠯᠠᠬᠤ ᠲᠤᠬᠠᠢ ᠶᠢᠨ ᠲᠠᠯᠠᠪᠠᠢ ᠳᠤ᠂ ᠸᠠᠩ ᠵᠢᠶᠠᠨ ᠡᠯ᠎ᠡ ᠠᠵᠢᠯ ᠢ ᠨᠠᠷᠢᠨ ᠪᠠᠶᠢᠴᠠᠭᠠᠨ ᠦᠵᠡᠵᠦ ᠡᠯ᠎ᠡ ᠵᠦᠢᠯ ᠤᠨ ᠭᠦᠢᠴᠡᠳᠬᠡᠬᠦ ᠲᠤᠭ᠎ᠠ ᠪᠣᠯᠣᠨ ᠮᠡᠳᠡᠭᠦᠯᠥᠯᠳᠠ ᠶᠢᠨ ᠪᠠᠶᠢᠳᠠᠯ ᠢ ᠣᠶᠢᠯᠠᠭᠠᠵᠤ ᠡᠷᠡᠮᠡᠯᠵᠡᠯ ᠲᠠᠭᠯᠠᠬᠤ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ ᠣᠷᠣᠰᠢᠵᠤ ᠪᠠᠶᠢᠭ᠎ᠠ ᠠᠰᠠᠭᠤᠳᠠᠯ ᠢ ᠯᠠᠪᠯᠠᠨ ᠣᠶᠢᠯᠠᠭᠠᠵᠤ ᠠᠵᠢᠯ ᠤᠨ ᠱᠠᠭᠠᠷᠳᠠᠯᠭ᠎ᠠ ᠪᠠᠨ ᠳᠤᠷᠠᠳᠪᠠ᠃
1.jpg
       ᠸᠠᠩ ᠵᠢᠶᠠᠨ ᠶᠠᠷᠢᠶᠠᠨ ᠳᠠᠭᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ︽ᠲᠡᠷᠢᠬᠦᠨ ᠴᠢᠬᠤᠯᠠ ᠢᠨᠵᠧᠨᠧᠷᠢᠩ︾ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠯᠲᠡ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠦᠨᠡᠯᠡᠯᠳᠡ ᠶᠢᠨ ᠪᠠᠷᠢᠮᠵᠢᠶ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠭᠡᠷᠡᠴᠢ ᠮᠠᠲ᠋ᠧᠷᠢᠶᠠᠯ ᠢ ᠬᠠᠷᠭᠤᠭᠤᠯᠤᠨ ᠲᠡᠭᠦᠯᠳᠡᠷᠵᠢᠭᠦᠯᠵᠦ ᠲᠤᠷᠰᠢᠯᠭ᠎ᠠ ᠪᠠᠨ ᠳ᠋ᠦᠩᠨᠡᠨ ᠵᠠᠩᠭᠢᠯᠠᠭ᠎ᠠ ᠶᠢ ᠠᠳᠬᠤᠵᠦ ᠪᠥᠬᠦ ᠬᠦᠴᠦᠨ ᠢᠶᠠᠷ ᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠨ ᠵᠢᠱᠢᠯᠳᠡ ᠳᠤ ᠡᠷᠡᠮᠡᠯᠵᠡᠯ ᠲᠠᠭᠯᠠᠬᠤ ᠠᠵᠢᠯ ᠢ ᠰᠠᠶᠢᠲᠤᠷ ᠬᠢᠵᠦ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠨᠣᠪᠴᠢᠲᠠᠶ ᠪᠥᠭᠡᠳ ᠪᠤᠰᠤᠳᠴᠢ ᠪᠠᠷ ᠲᠤᠰᠬᠠᠬᠤ ᠶᠢ ᠪᠠᠲᠤᠯᠠᠬᠤ ᠬᠡᠷᠡᠭᠲᠡᠢ ᠭᠡᠵᠡᠢ᠃       ᠸᠠᠩ ᠵᠢᠶᠠᠨ ᠶᠠᠷᠢᠶᠠᠨ ᠳᠠᠭᠠᠨ᠂ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠳᠡᠭᠡᠳᠦ ᠱᠠᠲᠤᠨ ᠤ ᠱᠠᠭᠠᠷᠳᠠᠯᠭ᠎ᠠ ᠪᠠ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠵᠤ ᠲᠣᠰ ᠲᠣᠰ ᠤᠨ ᠠᠵᠢᠯ ᠤᠨ ᠴᠢᠳᠠᠪᠬᠢ᠂ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃                                          ᠰᠣᠷᠪᠤᠯᠵᠢᠯᠠᠭᠴᠢ᠄ ᠰᠣᠯᠣᠩᠭ᠎ᠠ᠂ ᠡᠾᠧ ᠵᠢᠢ ᠶᠦᠨ᠂ ᠵᠢᠢ ᠫᠧᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ