ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠡᠶᠡᠴᠢᠯᠡᠨ ᠣᠶᠢᠯᠠᠭᠠᠭᠴᠢ ᠨᠠᠷ ᠪᠣᠳᠠᠳᠠᠢ ᠣᠶᠢᠯᠡᠳᠣᠯ ᠢᠶᠠᠨ ᠪᠡᠳᠠᠷᠠᠭᠤᠯᠵᠥ ᠪᠠᠶᠢᠨ᠎ᠠ
ᠨᠡᠶᠢᠲᠡᠯᠡᠭᠰᠡᠨ ᠴᠠᠭ᠄
2023/11/24
      ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ 2 ᠪᠡᠶᠡᠴᠢᠯᠡᠨ ᠣᠶᠢᠯᠠᠭᠠᠭᠴᠢ ᠨᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠣᠷᠠᠯᠴᠠᠨ ᠵᠠᠬ᠎ᠠ ᠳᠡᠯᠭᠡᠭᠦᠷ ᠤᠨ ︽ᠬᠤᠶᠠᠷ ᠢ ᠳᠠᠰᠢᠷᠠᠮ ᠳᠤ ᠨᠢ ᠰᠤᠭᠤᠴᠢᠵᠦ ᠨᠢᠭᠡ ᠶᠢ ᠢᠯᠡ ᠪᠤᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠠᠷᠭ᠎ᠠ ᠶᠢ ᠪᠣᠳᠠᠳᠠᠶᠢᠵᠢᠭᠤᠯᠵᠥ ᠲᠣᠬᠠᠢ ᠶᠢᠨ ᠲᠠᠯᠠᠪᠠᠢ ᠳᠤᠨᠢ ᠬᠦᠷᠴᠤ ᠬᠠᠤᠯᠢ ᠬᠡᠷᠡᠭᠵᠢᠭᠦᠯᠵᠥ ᠪᠠᠶᠢᠭ᠎ᠠ ᠪᠠᠶᠢᠳᠠᠯ ᠢ ᠮᠥᠷᠳᠡᠨ ᠳᠠᠭᠠᠵᠤ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠣᠶᠢᠯᠡᠴᠢᠯᠠᠵᠥ ᠪᠠᠶᠢᠨ᠎ᠠ᠃      ᠡᠨ᠋ᠨ ᠤᠳᠠᠭ᠎ᠠ᠂ ᠪᠡᠶᠡᠴᠢᠯᠡᠨ ᠣᠶᠢᠯᠠᠭᠠᠭᠴᠢ ᠨᠠᠷ ᠮᠠᠨ ᠤ ᠬᠤᠰᠢᠭᠤᠨ ᠤ ᠭᠠᠯᠠᠭᠤᠲᠣ ᠪᠠᠯᠭᠠᠰᠣᠨ ᠤ ᠢᠳᠡᠭᠡᠨ ᠪᠣᠯᠪᠠᠰᠤᠷᠠᠭᠤᠯᠬᠤ ᠲᠣᠭᠤᠷᠢᠭ ᠲᠤ ᠬᠦᠷᠴᠦ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠣᠷᠠᠨ ᠶᠠᠪᠣᠭᠳᠠᠭᠤᠯᠵᠤ ᠪᠠᠶᠢᠭ᠎ᠠ ᠲᠤᠬᠠᠢ ᠶᠢᠨ ᠲᠠᠯᠠᠪᠤᠷ ᠤᠨ ᠰᠣᠭᠤᠴᠢᠨ ᠪᠠᠶᠢᠴᠠᠭᠠᠯᠲᠠ ᠪᠣᠯᠣᠨ ᠬᠠᠤᠯᠢ ᠬᠡᠷᠡᠭᠵᠢᠭᠦᠯᠵᠦ ᠪᠠᠶᠢᠭ᠎ᠠ ᠠᠵᠢᠯ ᠳᠤ ᠣᠷᠣᠯᠴᠠᠵᠥ ᠲᠤᠬᠠᠢ ᠶᠢᠨ ᠲᠠᠯᠠᠪᠤᠷ ᠶᠢᠨ ᠢᠳᠡᠭᠡᠨ ᠣᠮᠳᠠᠭᠠᠨ ᠤ ᠠᠮᠤᠷ ᠲᠦᠪᠰᠢᠨ ᠤ ᠪᠠᠶᠢᠳᠠᠯ ᠢ ᠰᠤᠭᠤᠴᠢᠨ ᠪᠠᠶᠢᠴᠠᠭᠠᠬᠤ ᠪᠠ ᠵᠠᠬ᠎ᠠ ᠳᠡᠯᠭᠡᠭᠦᠷ ᠤᠨ ︽ᠬᠤᠶᠠᠷ ᠢ ᠳᠠᠰᠢᠷᠠᠮ ᠳᠤ ᠨᠢ ᠰᠤᠭᠤᠴᠢᠵᠦ ᠨᠢᠭᠡ ᠶᠢ ᠢᠯᠡ ᠪᠤᠯᠭᠠᠬᠤ︾ ᠬᠢᠨᠠᠨ ᠬᠠᠮᠢᠶᠠᠷᠣᠯᠲᠠ ᠶᠢᠨ ᠠᠵᠢᠯ᠂ ᠢᠳᠡᠭᠡᠨ ᠣᠮᠳᠠᠭᠠᠨ ᠪᠣᠯᠪᠠᠰᠤᠷᠠᠭᠤᠯᠬᠤ ᠶᠠᠪᠤᠴᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠵᠡᠷᠭᠡ ᠪᠣᠳᠠᠳᠤ ᠪᠠᠶᠢᠳᠠᠯ ᠢ ᠣᠶᠢᠯᠠᠭᠠᠨ ᠮᠡᠳᠡᠭᠰᠡᠨ ᠪᠠᠶᠢᠨ᠎ᠠ᠃  
1.jpg
2.jpg
       ᠲᠣᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠦ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠳᠥᠮᠡᠨ ᠤ ᠠᠩᠬᠠᠷᠣᠨ ᠬᠠᠯᠠᠮᠵᠢᠯᠠᠵᠥ ᠪᠠᠶᠢᠭ᠎ᠠ ᠢᠳᠡᠭᠡᠨ ᠣᠮᠳᠠᠭᠠᠨ ᠣᠶᠢᠯᠡᠳᠪᠣᠷᠢᠯᠡᠨ ᠪᠣᠯᠪᠠᠰᠣᠷᠠᠭᠤᠯᠬᠤ ᠠᠵᠢᠯ ᠲᠥᠷᠥᠯ ᠤᠨ ᠠᠮᠣᠷ ᠳᠥᠪᠰᠢᠨ ᠳᠤ ᠴᠢᠭᠯᠡᠭᠦᠯᠦᠨ ᠰᠤᠭᠤᠴᠢᠨ ᠪᠠᠶᠢᠴᠠᠭᠠᠯᠲᠠ ᠭᠢᠭᠰᠡᠨ ᠪᠠᠶᠢᠨ᠎ᠠ᠃      ᠡᠨ᠋ᠨ ᠤᠳᠠᠭᠠᠨ ᠤ ᠪᠠᠶᠢᠴᠠᠭᠠᠯᠳᠠ ᠨᠢ ᠡᠯ᠎ᠡ ᠢᠳᠡᠭᠡᠨ ᠣᠮᠳᠠᠭᠠᠨ ᠤ ᠣᠶᠢᠯᠡᠳᠪᠣᠷᠢ ᠶᠢᠨ ᠣᠶᠢᠯᠳᠪᠣᠷᠢᠯᠡᠬᠦ ᠶᠠᠪᠤᠴᠠ ᠳᠣᠮᠳᠠ ᠬᠡᠮ ᠰᠣᠭᠤᠭ ᠭᠠᠷᠬᠤ ᠶᠢ ᠰᠡᠷᠡᠮᠵᠢᠯᠡᠭᠦᠯᠵᠦ ᠪᠡᠶᠡᠴᠢᠯᠡᠨ ᠣᠶᠢᠯᠠᠭᠠᠭᠴᠢ ᠨᠢ ᠡᠯ᠎ᠡ ᠪᠠᠶᠢᠭᠤᠯᠭ᠎ᠠ ᠨᠢᠭᠡᠴᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠳᠤ ᠬᠢᠨᠠᠯᠲᠠ ᠬᠠᠮᠢᠶᠠᠷᠤᠯᠲᠠ ᠪᠠ ᠣᠶᠢᠯᠡᠴᠢᠯᠡᠭᠡ ᠶᠢ ᠵᠡᠷᠭᠡᠪᠡᠷ ᠶᠠᠪᠤᠭᠳᠠᠭᠤᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠠᠵᠣ ᠠᠬᠤᠶᠢᠯᠠᠯ ᠤᠨ ᠡᠭᠦᠳᠡᠨ ᠳᠤ ᠨᠢ ᠬᠦᠷᠭᠡᠵᠦ ᠪᠠᠶᠢᠨ᠎ᠠ᠃                                         ᠰᠣᠷᠪᠤᠯᠵᠢᠯᠠᠭᠴᠢ᠄ ᠰᠣᠯᠣᠩᠭ᠎ᠠ᠂ ᠢᠥᠢ ᠵᠢᠶᠧ ᠮᠧᠩ᠂ ᠵᠢᠢ ᠫᠧᠩ  
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ