ᠡᠯᠡᠰᠦᠷᠭᠡᠭ ᠭᠠᠵᠠᠷ ᠲᠤ ᠲᠡᠵᠢᠬᠡᠭᠰᠡᠨ ᠰᠠᠮ ᠬᠤᠷᠣᠬᠠᠢ ᠵᠠᠬ᠎ᠠ ᠳᠡᠯᠭᠡᠭᠦᠷ ᠲᠤ ᠭᠠᠷᠬᠤ ᠪᠤᠯᠤᠯ᠎ᠠ
ᠨᠡᠶᠢᠲᠡᠯᠡᠭᠰᠡᠨ ᠴᠠᠭ᠄
2023/11/24
      ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠥᠥᠰᠢᠨᠵᠦᠦ ᠪᠠᠯᠭᠠᠰᠤᠨ ᠤ ᠡᠬᠡ ᠬᠠᠭᠤᠷᠠᠢ ᠶᠢᠨ ᠡᠷᠬᠢᠯᠲᠡᠲᠤ ᠤᠰᠤᠨ ᠤ ᠲᠠᠵᠢᠭᠡᠪᠣᠷᠢ ᠶᠢᠨ ᠬᠦᠯᠡᠮᠵᠢ ᠳᠤ ᠲᠤᠷᠰᠢᠨ ᠳᠡᠵᠢᠬᠡᠭᠰᠡᠨ ᠠᠩᠬᠠᠳᠠᠭᠴᠢ ᠪᠦᠯᠦᠭ ᠡᠮᠦᠨᠡᠲᠦ ᠠᠮᠧᠷᠢᠺᠠ ᠶᠢᠨ ᠴᠠᠭᠠᠨ ᠬᠤᠤᠰ ᠰᠠᠮ ᠬᠤᠷᠣᠬᠠᠢ ᠵᠠᠬ᠎ᠠ ᠳᠡᠯᠭᠡᠭᠦᠷ ᠲᠤ ᠪᠤᠷᠤᠯᠠᠭᠤᠯᠤᠭᠳᠠᠵᠦ ᠡᠬᠢᠯᠡᠯ᠎ᠡ᠃          ᠲᠤᠰ ᠳᠡᠵᠢᠬᠡᠨ ᠦᠷᠡᠵᠢᠬᠦᠯᠬᠦ ᠰᠠᠭᠤᠷᠢᠨ ᠭᠠᠵᠠᠷ ᠤᠨ ᠰᠠᠮ ᠬᠤᠷᠤᠬᠠᠢ ᠳᠡᠵᠢᠬᠡᠨ ᠦᠷᠡᠵᠢᠬᠦᠯᠬᠦ ᠵᠢᠵᠢᠭ ᠴᠦᠬᠦᠷᠦᠮ ᠤᠳᠤᠬᠠᠨ ᠳᠤ ᠨᠡᠶᠢᠳᠡ 32 ᠪᠠᠶᠢᠵᠦ᠂ ᠡᠬᠦᠨ ᠳᠤ ᠡᠮᠦᠨᠡᠲᠦ ᠠᠮᠧᠷᠢᠺᠠ ᠶᠢᠨ ᠴᠠᠭᠠᠨ ᠬᠤᠤᠰ ᠰᠠᠮ ᠬᠤᠷᠣᠬᠠᠢ ᠬᠤᠪᠢᠶᠠᠨ ᠲᠡᠵᠢᠬᠡᠭᠰᠡᠨ 25 ᠵᠢᠵᠢᠭ ᠴᠦᠬᠦᠷᠦᠮ ᠤᠨ ᠰᠠᠮ ᠬᠤᠷᠤᠬᠠᠢ  ᠶᠢᠨ ᠦᠰᠦᠯᠳᠡ ᠨᠢ ᠰᠠᠶᠢᠨ ᠪᠠᠶᠢᠵᠦ᠂ ᠤᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠵᠠᠬ᠎ᠠ ᠳᠡᠯᠭᠡᠭᠦᠷ ᠲᠤ ᠭᠠᠷᠴᠤ ᠪᠠᠶᠢᠨ᠎ᠠ᠃ ᠡᠮᠦᠨᠡᠲᠦ ᠠᠮᠧᠷᠢᠺᠠ ᠶᠢᠨ ᠴᠠᠭᠠᠨ ᠬᠤᠤᠰ ᠰᠠᠮ ᠬᠤᠷᠣᠬᠠᠢ ᠶᠢ ᠲᠡᠵᠢᠬᠡᠵᠦ ᠦᠷᠡᠵᠢᠬᠦᠯᠬᠦ ᠤᠰᠤᠨ ᠤ ᠳᠤᠯᠠᠭᠠᠨ ᠨᠢ 28 ~ 30 ᠭᠷᠠᠳᠦ᠋ᠰ ᠪᠠᠶᠢᠵᠤ᠂ ᠲᠤᠰ ᠲᠡᠵᠢᠭᠡᠨ ᠦᠷᠡᠵᠢᠭᠦᠯᠬᠦ ᠵᠠᠭᠪᠤᠷ ᠨᠢ ᠵᠢᠯ ᠤᠨ ᠳᠥᠷᠪᠡᠨ ᠤᠯᠠᠷᠢᠯ ᠳᠤ ᠰᠠᠮ ᠬᠤᠷᠣᠬᠠᠢ ᠶᠢᠨ ᠵᠠᠬ᠎ᠠ ᠳᠡᠯᠭᠡᠭᠦᠷ ᠲᠤ ᠭᠠᠷᠬᠤ ᠶᠢ ᠪᠠᠲᠤᠯᠠᠵᠤ ᠲᠡᠶᠢᠯᠦᠨ᠎ᠡ᠃
1.jpg
3.jpg
2.png
       ᠡᠨᠡ ᠵᠢᠯ᠂ ᠦᠦᠰᠢᠨᠵᠤᠤ ᠪᠠᠯᠭᠠᠰᠣ ᠡᠬᠡ ᠬᠠᠭᠤᠷᠠᠢ ᠶᠢᠨ ᠡᠷᠭᠢᠯᠲᠡᠳᠣ ᠤᠰᠤᠨ ᠤ ᠲᠡᠵᠢᠭᠡᠪᠣᠷᠢ ᠶᠢᠨ ᠵᠠᠭᠪᠤᠷ ᠢ ᠲᠣᠷᠰᠢᠨ ᠳᠡᠯᠭᠡᠷᠡᠭᠦᠯᠵᠦ᠂ ᠲᠤᠬᠠᠶ ᠶᠢᠨ ᠭᠠᠵᠠᠷ ᠤᠨ ᠬᠤᠵᠢᠷᠯᠢᠭ ᠨᠠᠭᠤᠷ ᠤᠨ ᠤᠰᠤ ᠶᠢ ᠪᠣᠯᠪᠠᠰᠣᠷᠠᠭᠤᠯᠣᠨ᠂ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠶᠢ ᠲᠡᠵᠢᠭᠡᠨ ᠦᠷᠡᠵᠢᠭᠦᠯᠬᠦ ᠶᠢᠨ ᠬᠠᠮᠲᠤ ᠠᠮᠢ ᠠᠬᠤᠶ ᠶᠢᠨ ᠲᠡᠵᠢᠭᠡᠪᠣᠷᠢ ᠬᠢᠬᠦ᠂ ᠤᠰᠤᠨ ᠤ ᠴᠢᠨᠠᠷ ᠢ ᠬᠢᠨᠠᠨ ᠬᠡᠮᠵᠢᠬᠦ᠂ ᠠᠷᠢᠭᠤᠳᠬᠠᠨ ᠴᠡᠪᠡᠷᠯᠡᠬᠦ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠤᠷᠠᠮᠠᠯ ᠰᠢᠰᠲ᠋ᠧᠮ ᠢ ᠢᠵᠢ ᠪᠥᠷᠢᠳᠦᠭᠦᠯᠵᠦ᠂ ᠵᠢᠯ ᠤᠨ ᠳᠥᠷᠪᠡᠨ ᠤᠯᠠᠷᠢᠯ ᠳᠤ ᠰᠠᠮ ᠬᠤᠷᠣᠬᠠᠶ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠭᠰᠡᠨ ᠪᠠᠶᠢᠨ᠎ᠠ᠃                                           ᠰᠤᠷᠪᠤᠯᠵᠢᠯᠠᠭᠴᠢ᠄ ᠠᠯᠤᠰ᠂ ᠸᠠᠩ ᠴᠢ᠂ ᠾᠧ ᠵᠢᠢ ᠶᠦᠨ᠂ ᠯᠢᠦᠢ ᠵᠤᠤ ᠲᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ