ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/11/27
      ᠨᠢᠭᠡ᠂ ᠤᠳᠤᠷᠢᠳᠬᠤ ᠪᠠᠭ      ᠵᠠᠩ ᠢᠦᠢ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶      ᠬᠠᠰᠵᠢᠷᠤᠮᠲᠤ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ᠂ ᠲᠣᠪᠴᠢᠶᠠᠨ ᠳᠡᠳ᠋ ᠳᠠᠷᠤᠭ᠎ᠠ︶      ᠴᠧᠨ ᠬᠠᠢ ᠰᠢᠶᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ᠂ ᠲᠣᠪᠴᠢᠶᠠᠨ ᠳᠡᠳ᠋ ᠳᠠᠷᠤᠭ᠎ᠠ︶      ᠵᠢᠶᠠᠩ ᠰᠢᠶᠤᠤ ᠬᠤ᠋ ︵ ᠲᠣᠪᠴᠢᠶᠠᠨ ᠳᠡᠳ᠋ ᠳᠠᠷᠤᠭ᠎ᠠ︶            ᠴᠤᠯᠮᠤᠨᠬᠡᠷᠡᠯ ︵ᠳᠡᠳ᠋ ᠰᠠᠯᠠᠭᠠᠨ ᠳᠡᠰ ᠤᠨ ᠺᠠᠳ᠋ᠷ︶      ᠴᠢᠯᠠᠭᠤ ︵ᠳᠡᠳ᠋ ᠰᠠᠯᠠᠭᠠᠨ ᠳᠡᠰ ᠤᠨ ᠺᠠᠳ᠋ᠷ︶      ᠬᠤᠶᠠᠷ᠂ ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ      ᠨᠢᠭᠡᠳᠦᠭᠡᠷ ᠵᠤᠷᠪᠤᠰ   ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠦᠦᠰᠢᠨ ᠬᠤᠰᠢᠭᠤᠨ ᠤ ᠳᠠᠷᠤᠮᠠᠯᠯᠠᠨ ᠲᠠᠷᠬᠠᠭᠠᠭᠰᠠᠨ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠤᠷᠪᠤᠰ   ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠳᠡᠰ ᠤᠨ ᠪᠠᠶᠢᠭᠤᠯᠭ᠎ᠠ ᠪᠣᠯᠤᠨ᠎ᠠ᠃      ᠭᠤᠷᠪᠠᠳᠤᠭᠠᠷ ᠵᠤᠷᠪᠤᠰ   ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠳᠦᠷᠦ ᠶᠢᠨ ᠪᠤᠲᠤᠯᠭ᠎ᠠ ᠶᠢ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ  ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯᠲᠠ᠂ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠤ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠴᠤ ᠬᠤᠰᠢᠭᠤ ᠱᠠᠲᠤᠨ ᠤ ᠰᠢᠭᠤᠳ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠨᠡᠶᠢᠭᠡᠮ ᠤᠨ ᠠᠪᠤᠷᠠᠨ ᠳᠤᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠪᠠᠴᠢᠮ ᠪᠡᠷᠭᠡ ᠪᠠᠶᠢᠳᠠᠯ ᠠᠴᠠ ᠠᠪᠤᠷᠠᠨ ᠲᠤᠰᠠᠯᠠᠬᠤ ᠂ ᠤᠷᠤᠬᠤ ᠭᠡᠷ ᠤᠭᠤᠴᠢᠬᠤ ᠠᠶᠠᠭ᠎ᠠ ᠦᠬᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃      ︵ᠲᠦᠷᠪᠡ︶ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠵᠤ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯᠲᠠ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠡᠷᠬᠡ ᠶᠢᠨ ᠬᠢᠵᠠᠭᠠᠷ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃      ︵ᠨᠠᠢᠮᠠ︶ ᠨᠠᠰᠤᠵᠢᠯ ᠤᠨ ᠦᠢᠯᠡᠴᠢᠯᠡᠬᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠠᠭᠠᠷᠳᠠᠨ ᠵᠢᠯᠣᠭᠤᠳᠴᠤ᠂ ᠬᠢᠨᠠᠨ ᠬᠠᠮᠢᠶᠠᠷᠴᠤ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠢ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ︵ᠠᠷᠪᠠ︶ ᠬᠡᠤᠬᠡᠳ ᠤᠨ ᠠᠰᠠᠷᠠᠮᠵᠢ᠂ ᠥᠨᠥᠴᠢᠨ ᠬᠡᠤᠬᠡᠳ ᠤᠨ ᠪᠠᠲᠤᠯᠠᠭ᠎ᠠ᠂ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠤᠬᠡᠳ ᠢ ᠡᠷᠭᠦᠨ ᠲᠡᠵᠢᠭᠡᠬᠦ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃      ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠬᠠᠮᠢᠶᠠᠷᠬᠤ ᠠᠷᠭ᠎ᠠ ᠶᠢ ᠲᠦᠷᠦᠭᠦᠯᠡᠨ ᠲᠤᠭᠤᠷᠪᠢᠨ ᠲᠣᠭᠲᠠᠭᠠᠨ᠎ᠠ᠃      ︵ᠠᠷᠪᠠᠨ ᠬᠤᠶᠠᠷ︶ ᠨᠡᠶᠢᠭᠡᠮ ᠤᠨ ᠠᠵᠢᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃      ︵ᠠᠷᠪᠠᠨ ᠭᠤᠷᠪᠠ︶ ᠬᠤᠰᠢᠭᠤ ᠱᠠᠲᠤᠨ ᠤ ᠠᠷᠠᠳ ᠤᠨ ᠶᠠᠪᠤᠳᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠪᠥᠬᠦ ᠬᠤᠰᠢᠭᠤᠨ ᠤ ᠴᠢᠨᠠᠷᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠤ᠂ ᠬᠦᠨᠳᠦ ᠶᠡᠭᠡ ᠵᠠᠰᠠᠭ ᠵᠠᠬᠢᠷᠭᠠᠨ ᠤ ᠬᠡᠷᠡᠭ ᠢ ᠬᠦᠢᠴᠡᠳᠬᠡᠨ᠎ᠡ᠃      ︵ᠠᠷᠪᠠᠨ ᠳᠥᠷᠪᠡ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠲᠠᠪᠤ︶ ᠡᠭᠦᠷᠭᠡ ᠴᠢᠳᠠᠪᠬᠢ ᠶᠢ ᠬᠤᠪᠢᠷᠠᠭᠤᠯᠤᠨ᠎ᠠ᠃      ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠂ ᠣᠨᠴᠠᠭᠠᠶ ᠬᠠᠮᠲᠤ ᠨᠡᠶᠢᠲᠡ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠬᠦᠢᠴᠡᠳᠭᠡᠨ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ ᠵᠡᠮᠲᠡᠭᠴᠤᠳ ᠬᠡᠤᠬᠡᠳ ᠵᠡᠷᠭᠡ ᠣᠨᠴᠠᠭᠠᠶ ᠬᠦᠮᠦᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠬᠡᠪᠴᠢᠶ᠎ᠡ ᠪᠠ ᠭᠤᠭᠴᠤᠭ᠎ᠠ ᠳᠠᠰᠢ ᠬᠡᠯᠪᠠᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠬᠦᠮᠦᠵᠢᠬᠦᠯᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃      ︵ᠠᠷᠪᠠᠨ ᠵᠢᠷᠭᠤᠭ᠎ᠠ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃      1. ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠤᠭ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠱᠠᠭᠠᠷᠳᠠᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠨᠠᠰᠤᠵᠢᠯᠲᠠ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ ᠨᠠᠰᠤᠵᠢᠯ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠱᠠᠭᠠᠷᠳᠠᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠡᠮᠨᠡᠬᠦ᠂ ᠡᠮᠴᠢᠯᠡᠨ ᠰᠤᠪᠢᠯᠠᠬᠤ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠯ ᠤᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃      2. ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠯᠤᠭ᠎ᠠ ᠶᠢᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠤᠨ ᠮᠡᠳᠡᠭᠡ ᠵᠠᠩᠭᠢ ᠶᠢᠨ ᠦᠦᠰᠢᠨ ᠬᠤᠰᠢᠭᠤᠨ ᠤ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠲᠤᠭᠲᠠᠭᠠᠵᠤ ᠨᠡᠶᠢᠲᠡᠯᠡᠨ᠎ᠡ᠃      ᠳᠥᠷᠪᠡᠳᠦᠭᠡᠷ ᠵᠤᠷᠪᠤᠰ   ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠣᠲᠣᠭᠠᠳᠤ ᠪᠠᠶᠢᠭᠤᠯᠤᠮᠵᠢ ᠶᠢᠨ ᠲᠤᠬᠢᠷᠠᠭᠤᠯᠤᠯᠲᠠ  ᠨᠢ ᠲᠤᠤᠷᠠᠬᠢ ᠮᠡᠲᠦ᠄      ︵ᠨᠢᠭᠡ︶ ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠰᠠᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠤᠰᠤᠨ ᠤ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ ᠤᠨ ᠬᠥᠳᠡᠯᠮᠦᠷᠢ ᠴᠠᠯᠢᠩ ᠤᠨ ᠬᠠᠮᠢᠶᠠᠷᠤᠯᠲᠠ᠂ ᠪᠠᠶᠢᠭᠤᠯᠤᠮᠵᠢ ᠣᠷᠣᠨ ᠲᠤᠭ᠎ᠠ᠂ ᠬᠥᠮᠦᠵᠢᠯ ᠪᠣᠯᠪᠠᠰᠤᠷᠠᠯ᠂ ᠡᠩᠨᠡᠭᠡᠨ ᠤ ᠪᠠᠶᠢᠭᠤᠯᠤᠯᠲᠠ᠂ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠳᠠᠷᠬᠠᠯᠠᠭᠳᠠᠭᠰᠠᠨ ᠬᠦᠮᠦᠰ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠷᠠᠳ ᠤᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠢᠮᠵᠢᠯ ᠢ ᠲᠤᠭᠤᠷᠪᠢᠨ ᠲᠤᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠱᠠᠲᠤᠨ ᠤ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠦᠢᠯᠡᠰ ᠤᠨ ᠪᠠᠯᠠ ᠮᠥᠩᠭᠦᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠦᠩᠭᠡᠲᠦ ᠰᠤᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠠ ᠠᠯᠪᠠᠨ ᠪᠠᠶᠢᠭᠤᠯᠭ᠎ᠠ ᠵᠢᠴᠢ ᠬᠠᠷᠢᠶ᠎ᠠ ᠪᠠᠶᠢᠭᠤᠯᠭ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠶᠢᠨ ᠠᠵᠢᠯ ᠢ ᠡᠭᠦᠷᠭᠡᠯᠡᠨ᠎ᠡ᠃      ︵ᠬᠤᠶᠠᠷ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠶᠢᠨ ᠲᠠᠰᠤᠭ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ︶      ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯᠲᠠ᠂ ᠪᠠᠶᠢᠭᠤᠯᠤᠯᠲᠠ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠡᠷᠬᠡ ᠶᠢᠨ ᠬᠢᠵᠠᠭᠠᠷ ᠶᠤᠰᠤᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠦᠨ᠎ᠡ᠃ ᠬᠤᠰᠢᠭᠤ ᠱᠠᠲᠤᠨ ᠤ ᠰᠢᠭᠤᠳ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠠᠨ ᠵᠢᠯᠤᠭᠤᠳᠤᠭᠴᠢ ᠪᠠ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠤᠨ ᠵᠢᠱᠢᠶᠡᠴᠢ ᠪᠣᠯᠪᠠᠰᠤᠷᠠᠯ ᠤᠨ ᠠᠵᠢᠯ ᠢ ᠥᠷᠨᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠤᠬᠠᠭᠤᠯᠵᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠦᠮᠦᠵᠢᠬᠦᠯᠬᠦ ᠪᠠ ᠰᠣᠩᠭᠤᠨ ᠪᠤᠢ ᠪᠣᠯᠭᠠᠵᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠢ ᠪᠠᠶᠢᠭᠤᠯᠤᠨ᠎ᠠ᠃ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠤᠭᠲᠠᠭᠠᠨ᠎ᠠ᠃ ᠨᠡᠶᠢᠭᠡᠮ ᠤᠨ ᠠᠵᠢᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠥᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠠᠰᠤᠭ      ᠡᠷᠬᠡ ᠶᠢᠨ ᠬᠢᠵᠠᠭᠠᠷ ᠶᠣᠰᠣᠭᠠᠷ ᠲᠣᠪᠴᠢᠶ᠎ᠠ ᠶᠢᠨ ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ᠂ ᠨᠤᠲᠠᠯᠠᠬᠤ᠂ ᠱᠠᠩᠨᠠᠬᠤ᠂ ᠲᠤᠭᠠᠴᠠᠨ ᠥᠭᠬᠦ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ ᠤᠴᠢᠷ ᠶᠠᠪᠤᠳᠠᠯ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠳᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠳᠤ ᠦᠵᠡᠭᠦᠯᠬᠦ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤ ᠡᠳ᠋ ᠤᠨ ᠵᠠᠰᠠᠭ ᠤᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠴᠢᠯᠠᠨ ᠬᠦᠢᠴᠡᠳᠬᠡᠨ᠎ᠡ᠃ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠠᠮᠢᠶ᠎ᠠ ᠪᠥᠬᠦᠶ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃ ᠤᠷᠤᠬ ᠤᠨ ᠵᠠᠩᠰᠢᠯ ᠪᠣᠯᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ ᠤᠷᠤᠬ ᠤᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠣᠷᠣᠰᠢᠭᠤᠯᠭ᠎ᠠ ᠶᠢᠨ ᠲᠦᠷᠢᠮ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠤᠷᠤᠬᠤ ᠭᠡᠷ ᠤᠭᠤᠴᠢᠬᠤ ᠠᠶᠠᠭ᠎ᠠ ᠦᠬᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠵᠤ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠣᠷᠤᠭ ᠤᠨ ᠳᠡᠩᠰᠡᠯᠡᠯᠲᠡ ᠶᠢᠨ ᠠᠯᠪᠠᠨ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ᠂ ᠤᠷᠤᠬᠤ ᠭᠡᠷ ᠤᠭᠤᠴᠢᠬᠤ ᠠᠶᠠᠭ᠎ᠠ ᠦᠬᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠬᠡᠷ ᠪᠦᠯᠢ ᠶᠢᠨ ᠬᠦᠴᠦᠷᠬᠡᠭᠯᠡᠯ ᠤᠨ ᠬᠤᠤᠷ ᠠᠮᠰᠠᠭᠴᠢ ᠶᠢ ᠲᠦᠷ ᠴᠠᠭ ᠬᠠᠮᠭᠠᠯᠠᠨ ᠠᠪᠤᠷᠠᠨ ᠲᠤᠰᠠᠯᠠᠬᠤ ᠠᠵᠢᠯ ᠢ ᠵᠢᠯᠤᠭᠤᠳᠤᠨ ᠦᠷᠨᠢᠬᠦᠯᠦᠨ᠎ᠡ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠦᠴᠦᠨ ᠥᠬᠡᠶ ᠪᠣᠯᠭᠠᠬᠤ᠂ ᠨᠡᠷ᠎ᠡ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠴᠢᠯᠠᠨ ᠬᠦᠢᠴᠡᠳᠭᠡᠨ᠎ᠡ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠢᠯᠡᠷᠭᠡᠶᠢᠯᠡᠯ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃      ︵ᠲᠦᠷᠪᠡ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠡᠦᠬᠡᠳ ᠤᠨ ᠠᠰᠠᠷᠠᠮᠵᠢ ᠶᠢᠨ ᠳᠠᠰᠤᠭ      ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠨ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠠᠵᠢᠯ ᠢ ᠵᠣᠬᠢᠴᠠᠭᠤᠯᠤᠨ ᠠᠬᠢᠭᠤᠯᠵᠤ ᠨᠠᠰᠤᠵᠢᠯ ᠤᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠂ ︽ᠭᠤᠷᠪᠠᠨ ᠠᠷᠠᠳ︾ ᠤᠨ ᠨᠥᠬᠦᠪᠥᠷᠢ ᠵᠡᠷᠭᠡ ᠨᠥᠬᠦᠪᠥᠷᠢ ᠣᠯᠭᠤᠬᠤ ᠠᠵᠢᠯ ᠢ ᠬᠠᠷᠢᠭᠤᠴᠠᠨ᠎ᠠ᠃ ᠬᠡᠤᠬᠡᠳ ᠤᠨ ᠠᠰᠠᠷᠠᠮᠵᠢ᠂ ᠥᠨᠥᠴᠢᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ ᠪᠠ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ᠲᠠᠪᠤᠳᠤᠭᠠᠷ ᠵᠤᠷᠪᠤᠰ   ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 8 ᠨᠡᠷ᠎ᠡ᠃ ᠲᠣᠪᠴᠢᠶᠠᠨ ᠳᠠᠷᠤᠭ᠎ᠠ 1 ᠨᠡᠷ᠎ᠡ᠂ ᠲᠣᠪᠴᠢᠶᠠᠨ ᠳᠡᠳ᠋ ᠳᠠᠷᠤᠭ᠎ᠠ 3 ᠨᠡᠷ᠎ᠡ ᠶᠢ ᠲᠣᠬᠢᠷᠠᠭᠤᠯᠤᠨ᠎ᠠ᠃      ᠵᠢᠷᠭᠤᠳᠤᠭᠠᠷ ᠵᠤᠷᠪᠤᠰ  ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠲᠤᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠤᠴᠢᠷ ᠶᠠᠪᠤᠳᠠᠯ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠤᠷᠪᠤᠰ  ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠦᠢᠴᠡᠳᠬᠡᠨ᠎ᠡ᠃      ᠨᠠᠢᠮᠠᠳᠤᠭᠠᠷ ᠵᠤᠷᠪᠤᠰ  ᠲᠤᠰ ᠲᠣᠭᠲᠠᠭᠠᠯ ᠢ 2022 ᠣᠨ ᠤ 6 ᠰᠠᠷ᠎ᠠ ᠶᠢᠨ 16 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠵᠢᠯᠯᠠᠬᠤ ᠭᠠᠵᠠᠷ᠄ ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠯᠣᠳᠤᠭᠠᠷ ᠵᠠᠰᠠᠮᠠᠯ ᠵᠠᠮ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ 5 ᠳ᠋ᠤᠭᠠᠷ ᠠᠰᠠᠷ      ᠠᠯᠪᠠᠨ ᠤᠲᠠᠰᠤ᠄ 0477 — 7212280      ᠠᠵᠢᠯᠯᠠᠬᠤ ᠴᠠᠭ᠄ 8᠄ 30 — 12᠄ 00  14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶     
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ