ᠦᠦᠰᠢᠨ ᠬᠤᠰᠢᠭᠤᠨ ᠤ 2023 ᠣᠨ ᠤ ᠲᠦᠷᠦᠬᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2023/11/8
      ᠲᠦᠷᠦᠬᠦᠦ ᠭᠤᠷᠪᠠᠨ ᠤᠯᠠᠷᠢᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠴᠢᠩᠭ᠎ᠠ ᠠᠳᠬᠤᠵᠤ ᠪᠦᠬᠦ ᠵᠢᠯ ᠤᠨ ᠠᠵᠢᠯ ᠤᠨ ᠬᠠᠷᠠᠯᠲᠠ ᠪᠠᠨ ᠦᠷᠭᠦᠯᠵᠢᠯᠡᠨ ᠲᠣᠭᠲᠠᠭᠠᠵᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠤ ᠠᠬᠤᠢ ᠶᠢ ᠲᠣᠭᠲᠠᠪᠤᠷᠢᠵᠢᠭᠤᠯᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠳᠣᠲᠣᠭᠠᠳᠤ ᠠᠮᠢᠳᠤᠯᠢᠭ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠦᠷᠭᠦᠯᠵᠢᠯᠡᠨ ᠰᠡᠷᠭᠦᠭᠡᠵᠦ᠂ ᠠᠷᠠᠳ ᠤᠨ ᠠᠮᠢᠳᠤᠷᠠᠯ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠲᠦᠷᠦᠬᠦᠦ ᠭᠤᠷᠪᠠᠨ ᠤᠯᠠᠷᠢᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠵᠤ ᠠᠬᠤᠢ ᠶᠢᠨ ᠭᠤᠣᠯ ᠪᠣᠯᠬᠤ ᠭᠦᠢᠴᠡᠳᠬᠡᠯ ᠲᠤᠭ᠎ᠠ ᠶᠢ ᠴᠥᠮ ᠵᠦᠢ ᠵᠣᠬᠢᠰᠲᠠᠢ ᠣᠷᠣᠨ ᠵᠠᠢ ᠶᠢᠨ ᠳᠣᠲᠣᠷ᠎ᠠ ᠡᠷᠡᠭᠦᠯ ᠢᠶᠠᠷ ᠠᠵᠢᠯᠯᠠᠭᠤᠯᠪᠠ᠃      ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ᠂ ᠲᠦᠷᠦᠭᠦᠸ ᠭᠤᠷᠪᠠᠨ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 341.73 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠲᠦᠷᠭᠡᠨ ᠪᠣᠯᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠳᠣᠣᠷ᠎ᠠ ᠪᠣᠯᠵᠠᠢ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠪᠡ᠂ ᠡᠭᠦᠨ ᠳᠤ᠄ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠵᠦ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ 1.8᠄ 76.4᠄ 21.8 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠵᠠᠭᠤᠨ ᠤ ᠬᠠᠷᠢᠴᠠᠯ ᠢᠶᠠᠷ 0.1 ᠬᠤᠪᠢ ᠳᠡᠭᠡᠭᠰᠢᠯᠡᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠵᠠᠭᠤᠨ ᠤ ᠬᠠᠷᠢᠴᠠᠯ ᠢᠶᠠᠷ 1.2 ᠬᠤᠪᠢ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠵᠠᠭᠤᠨ ᠤ ᠬᠠᠷᠢᠴᠠᠯ ᠢᠶᠠᠷ 1.1 ᠬᠤᠪᠢ ᠳᠡᠭᠡᠭᠰᠢᠯᠡᠵᠡᠢ᠃      ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠬᠠᠷᠢᠴᠠᠩᠭᠤᠢ ᠤᠶᠠᠨ ᠬᠠᠳᠠᠨ ᠴᠢᠨᠠᠷ ᠲᠠᠢ ᠪᠤᠯᠪᠠ      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 99.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ  ᠬᠢ ᠠᠴᠠ ᠵᠠᠭᠤᠨ ᠤ ᠬᠠᠷᠢᠴᠠᠯ ᠢᠶᠠᠷ 96.5 ᠬᠤᠪᠢ ᠥᠨᠳᠥᠷ ᠪᠣᠯᠵᠤ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 60.5 ᠬᠤᠪᠢ ᠥᠨᠳᠥᠷ ᠪᠣᠯᠵᠠᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 76.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 176.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 28.8% ᠪᠠᠷ ᠪᠠᠭᠤᠷᠠᠪᠠ᠃ ᠬᠦᠷᠢᠶ᠎ᠡ ᠬᠡᠪᠴᠢᠶ᠎ᠡ ᠪᠠᠷ ᠨᠢ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 16.3% ᠢᠶᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 3755.9% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ 34.3% ᠪᠠᠷ ᠪᠠᠭᠤᠷᠠᠪᠠ᠃ ᠪᠤᠰᠤᠳ ᠭᠦᠢᠴᠡᠳᠬᠡᠯ ᠲᠤᠭ᠎ᠠ ᠪᠠᠷ ᠬᠤᠪᠢᠶᠠᠵᠤ ᠦᠵᠡᠪᠡᠯ᠂ ᠠᠷᠠᠳ ᠤᠨ ᠪᠡᠯᠡ ᠣᠷᠣᠭᠤᠯᠤᠯᠲᠠ 363.6% ᠪᠠᠷ ᠨᠡᠮᠡᠭᠳᠡᠪᠡ︔ ᠨᠡᠶᠢᠭᠡᠮ ᠤᠨ ᠬᠦᠷᠢᠶ᠎ᠡ ᠴᠠᠷᠠᠭᠠᠨ ᠳᠠᠬᠢ ᠪᠡᠯᠡ ᠣᠷᠣᠭᠤᠯᠤᠯᠲᠠ 42.2% ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 176.3% ᠪᠠᠷ ᠨᠡᠮᠡᠭᠳᠡᠪᠡ᠂ ᠡᠭᠦᠨ ᠤ ᠳᠣᠲᠣᠷ᠎ᠠ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ 39% ᠪᠠᠷ ᠪᠠᠭᠤᠷᠠᠪᠠ᠃      9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 128 ᠲᠦᠷᠦᠯ ︵ᠡᠨᠡ ᠵᠢᠯ ᠤᠨ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ 45 ᠲᠥᠷᠥᠯ ᠵᠦᠢᠯ ᠪᠠᠭᠲᠠᠨ᠎ᠠ︶ ᠪᠠᠶᠢᠵᠦ᠂ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 44 ᠲᠦᠷᠦᠯ᠂ 500 ᠲᠦᠮᠡ ᠠᠴᠠ 5000 ᠲᠦᠮᠡ ᠶᠢᠨ ᠪᠡᠯᠡ ᠣᠷᠣᠭᠤᠯᠤᠯᠲᠠ ᠲᠠᠢ ᠲᠥᠷᠥᠯ ᠵᠦᠢᠯ 51 ᠲᠦᠷᠦᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 33 ᠲᠦᠷᠦᠯ ᠪᠣᠶ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 28 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 150.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 92.52% ᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 7 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 219.6% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ 83.79% ᠶᠢ ᠡᠵᠡᠯᠡᠪᠡ᠃ ᠬᠤᠲᠠ ᠶᠢᠨ ᠱᠠᠲᠤᠨ ᠤ ᠲᠣᠬᠢᠷᠠᠭᠤᠯᠤᠭᠰᠠᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 21 ᠲᠦᠷᠦᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 94 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠪᠡ      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ︔ 9 ᠰᠠᠷ᠎ᠠ ᠳᠤ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠤᠷᠠᠵᠤ᠂ 8 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 6 ᠬᠤᠪᠢ ᠪᠠᠭᠤᠷᠠᠪᠠ᠃ ᠪᠦᠭᠦ ᠬᠤᠰᠢᠭᠤᠨ ᠤ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 11.48% ᠪᠠᠷ ᠪᠠᠭᠤᠷᠠᠪᠠ᠃ ᠪᠥᠬᠦ ᠬᠤᠰᠢᠭᠤᠨ ᠤ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 66.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 41.6% ᠪᠠᠷ ᠪᠠᠭᠤᠷᠠᠪᠠ᠃      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠢ ᠠᠵᠢᠯ ᠲᠥᠷᠥᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 18.4% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13.3%  ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ30.5% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 34.8% ᠪᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 18.59% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 14.91% ᠪᠠᠷ ᠪᠠᠭᠤᠷᠠᠪᠠ᠃ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 12.09% ᠪᠠᠷ ᠪᠠᠭᠤᠷᠠᠪᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 34.23% ᠪᠠᠷ ᠪᠠᠭᠤᠷᠠᠪᠠ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 15.43% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1.15% ᠪᠠᠷ ᠪᠠᠭᠤᠷᠠᠪᠠ︔      ᠲᠦᠷᠦᠭᠦᠸ ᠭᠤᠷᠪᠠᠨ ᠤᠯᠠᠷᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ᠄ ᠲᠦᠭᠦᠬᠡᠢ ᠨᠡᠭᠦᠷᠡᠰᠦ 2958.18 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.40% ᠪᠠᠷ ᠪᠠᠭᠤᠷᠠᠪᠠ︔ ᠨᠠᠷᠢᠯᠢᠭ ᠮᠧᠲ᠋ᠢᠯ ᠠᠯᠺᠣᠣᠯ 483.91 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.59% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 67.61 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.51% ᠪᠠᠷ ᠪᠠᠭᠤᠷᠠᠪᠠ︔ ᠰᠢᠭᠡᠰᠦᠯᠢᠭ ᠡᠳ᠋ 235.66 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.24% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 79.04 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.17% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 81.02 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.14%  ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 19.52 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.43% ᠪᠠᠷ ᠪᠠᠭᠤᠷᠠᠪᠠ᠃      ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠶᠡᠷᠦᠩᠬᠡᠢ ᠳᠡᠭᠡᠨ ᠲᠣᠭᠲᠠᠭᠤᠨ ᠪᠠᠶᠢᠨ᠎ᠠ      1—8 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 4.66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠪᠠᠭᠤᠷᠠᠪᠠ᠃ ᠠᠵᠢᠯ ᠲᠥᠷᠥᠯ ᠢᠶᠠᠷ ᠨᠢ ᠬᠤᠪᠢᠶᠠᠵᠤ ᠦᠵᠡᠪᠡᠯ᠂ ᠬᠥᠮᠥᠷᠭᠡ ᠳᠠᠬᠢ 4 ᠠᠵᠢᠯ ᠲᠥᠷᠥᠯ ᠨᠢ ︽ᠨᠢᠭᠡ ᠶᠢ ᠳᠡᠭᠡᠭᠰᠢᠯᠡᠭᠦᠯᠵᠦ ᠭᠤᠷᠪᠠ ᠶᠢ ᠪᠠᠭᠤᠷᠠᠭᠤᠯᠬᠤ︾ ᠪᠠᠶᠢᠳᠠᠯ ᠲᠠᠢ ᠪᠣᠯᠪᠠ᠄ ᠤᠰᠤᠨ ᠠᠰᠢᠭᠯᠠᠯᠲᠠ᠂ ᠣᠷᠴᠢᠨ ᠲᠤᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 117.65% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22% ᠢᠶᠠᠷ ᠪᠠᠭᠤᠷᠠᠪᠠ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.86 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.08% ᠪᠠᠷ ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 2.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.72% ᠢᠶᠠᠷ ᠪᠠᠭᠤᠷᠠᠪᠠ᠃      ᠳᠥᠷᠪᠡ᠂ ᠵᠠᠬ᠎ᠠ ᠳᠡᠯᠭᠡᠭᠦᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠪᠡ      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 27 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠲᠣᠭᠠᠨ ᠤ ᠵᠢᠭᠰᠠᠭᠠᠯᠲᠠ ᠳᠤ ᠪᠥᠬᠦ ᠬᠤᠲᠠ ᠶᠢᠨ ᠵᠢᠷᠭᠤᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ  ᠬᠢ ᠠᠴᠠ 5.7% ᠪᠠᠷ ᠨᠡᠮᠡᠭᠳᠡᠨ᠂ 1 ︱ 8 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠲᠦᠷᠭᠡᠨ ᠪᠣᠯᠵᠤ᠂ ᠬᠤᠶᠠᠳᠤᠭᠠᠷ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠳᠡᠭᠡᠭᠰᠢᠯᠡᠵᠡᠢ᠃ᠡᠵᠡᠩᠨᠡᠯᠳᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤ ᠶᠢᠨ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 20.7 ᠳ᠋ᠦᠩᠰᠢᠭᠤᠷ ᠲᠥᠭᠦᠷᠢᠭ ᠬᠦᠷᠴᠦ᠂ 5.4% ᠪᠠᠷ ᠨᠡᠮᠡᠭᠳᠡᠪᠡ︔ ᠬᠥᠳᠡᠭᠡ ᠲᠣᠰᠬᠤᠨ ᠤ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6.3 ᠳ᠋ᠦᠩᠰᠢᠭᠤᠷ ᠲᠥᠭᠦᠷᠢᠭ ᠲᠤ ᠬᠦᠷᠴᠦ᠂ 7.0% ᠢᠶᠠᠷ ᠨᠡᠮᠡᠭᠳᠡᠪᠡ᠃ ᠬᠡᠷᠡᠭᠯᠡᠭᠡᠨ ᠤ ᠲᠦᠷᠦᠯ ᠬᠡᠯᠪᠡᠷᠢ  ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 24.1 ᠳ᠋ᠦᠩᠰᠢᠭᠤᠷ ᠲᠥᠭᠦᠷᠢᠭ ᠲᠤ ᠬᠦᠷᠴᠦ᠂ 5.0% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 2.9 ᠳ᠋ᠦᠩᠰᠢᠭᠤᠷ ᠲᠥᠭᠦᠷᠢᠭ ᠲᠤ ᠬᠦᠷᠴᠦ᠂ 16.1% ᠪᠠᠷ ᠨᠡᠮᠡᠭᠳᠡᠪᠡ᠃      ᠲᠦᠷᠦᠭᠦᠸ ᠭᠤᠷᠪᠠᠨ ᠤᠯᠠᠷᠢᠯ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠦᠷᠦᠯ 59.3% ᠪᠠᠷ ᠨᠡᠮᠡᠭᠳᠡᠵᠦ᠂ 35.2% ᠢ ᠡᠵᠡᠯᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡ ᠲᠦᠷᠰᠤ ᠰᠢᠩᠬᠡᠬᠡᠯᠳᠡ ᠶᠢᠨ ᠬᠡᠷᠡᠭᠰᠡᠯ ᠤᠨ ᠲᠥᠷᠥᠯ 24.6% ᠪᠠᠷ ᠨᠡᠮᠡᠭᠳᠡᠵᠦ᠂ 8.4% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ ᠵᠦᠢᠯ 7.8% ᠪᠠᠷ ᠨᠡᠮᠡᠭᠳᠡᠵᠦ᠂ 5.5% ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 12.9% ᠪᠠᠷ ᠨᠡᠮᠡᠭᠳᠡᠵᠦ᠂ 1.8% ᠶᠢ ᠡᠵᠡᠯᠡᠪᠡ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 24.1% ᠪᠠᠷ ᠨᠡᠮᠡᠭᠳᠡᠵᠦ᠂ 2.2% ᠢ ᠡᠵᠡᠯᠡᠪᠡ︔ ᠮᠠᠰᠢᠨ ᠲᠡᠷᠭᠡᠨ ᠤ ᠲᠥᠷᠥᠯ 1.4% ᠪᠠᠷ ᠪᠠᠭᠤᠷᠠᠵᠤ᠂ 44.1% ᠶᠢ ᠡᠵᠡᠯᠡᠪᠡ︔ ᠪᠤᠰᠤᠳ ᠲᠥᠷᠥᠯ ᠨᠢ 5.5% ᠪᠠᠷ ᠨᠡᠮᠡᠭᠳᠡᠵᠦ᠂ 2.8% ᠶᠢ ᠡᠵᠡᠯᠡᠪᠡ᠃      ᠲᠠᠪᠤ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠪᠠᠶᠢᠳᠠᠯ ᠲᠠᠢ      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32678 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1899 ᠲᠥᠭᠦᠷᠢᠭ ᠨᠡᠮᠡᠭᠳᠡᠨ᠂ 6.1% ᠨᠡᠮᠡᠭᠳᠡᠵᠡᠢ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 42198 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2048 ᠲᠥᠭᠦᠷᠢᠭ ᠨᠡᠮᠡᠭᠳᠡᠨ᠂ 5.1% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17875 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1091 ᠲᠥᠭᠦᠷᠢᠭ ᠨᠡᠮᠡᠭᠳᠡᠨ᠂ 6.5% ᠨᠡᠮᠡᠭᠳᠡᠪᠡ᠃ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 21966 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3159 ᠲᠥᠭᠦᠷᠢᠭ ᠨᠡᠮᠡᠭᠳᠡᠨ᠂ 16.8% ᠨᠡᠮᠡᠭᠳᠡᠵᠡᠢ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 25964 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3485 ᠲᠥᠭᠦᠷᠢᠭ ᠨᠡᠮᠡᠭᠳᠡᠨ᠂ 15.5% ᠨᠡᠮᠡᠭᠳᠡᠵᠡᠢ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 17201 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2819 ᠲᠥᠭᠦᠷᠢᠭ ᠨᠡᠮᠡᠭᠳᠡᠨ᠂ 19.6% ᠪᠠᠷ ᠨᠡᠮᠡᠭᠳᠡᠪᠡ᠃      ᠶᠡᠷᠦᠩᠬᠡᠢ ᠳᠤᠨᠢ ᠠᠪᠴᠤ ᠦᠵᠡᠪᠡᠯ᠂ ᠲᠦᠷᠦᠬᠦᠦ ᠭᠤᠷᠪᠠᠨ ᠤᠯᠠᠷᠢᠯ ᠳᠤ ᠪᠦᠭᠦ ᠬᠤᠰᠢᠭᠤᠨ ᠤ ᠠᠵᠤ ᠠᠬᠤᠢ ᠶᠢᠨ ᠡᠷᠬᠢᠯᠳᠡ ᠨᠢ ᠡᠯ᠎ᠡ ᠵᠦᠢᠯ ᠤᠨ ᠠᠰᠢᠭ ᠦᠭᠡᠢ ᠬᠦᠴᠦᠨ ᠵᠦᠢᠯ ᠤᠨ ᠨᠥᠯᠥᠭᠡ ᠶᠢ ᠢᠯᠠᠨ ᠳᠠᠪᠠᠭᠰᠠᠨ ᠤᠷᠢᠲᠠᠯ ᠳᠣᠣᠷ᠎ᠠ᠂ ᠶᠡᠷᠦᠩᠬᠡᠢ ᠳᠡᠭᠡᠨ ᠨᠡᠯᠢᠶᠡᠳ ᠲᠣᠭᠲᠠᠭᠤᠨ ᠪᠠᠶᠢᠨ᠎ᠠ᠃ ᠭᠡᠪᠡᠴᠦ ᠣᠳᠣᠬᠠᠨ ᠳᠤ ᠠᠵᠤ ᠠᠬᠤᠢ ᠶᠢᠨ ᠰᠠᠭᠤᠷᠢ ᠮᠥᠨ ᠯᠡ ᠪᠠᠲᠤ ᠪᠠᠬᠢ ᠪᠢᠰᠢ᠂ ᠠᠵᠤ ᠦᠢᠯᠡᠳᠪᠦᠷᠢ ᠶᠢᠨ ᠦᠨ᠎ᠡ ᠬᠠᠩᠰᠢ ᠲᠣᠭᠲᠠᠪᠤᠷᠢ ᠦᠭᠡᠢ᠂ ᠦᠢᠯᠡᠳᠪᠦᠷᠢᠯᠡᠯ ᠤᠨ ᠪᠠᠶᠢᠳᠠᠯ ᠮᠠᠭᠤᠳᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠬᠤ ᠵᠡᠷᠭᠡ ᠲᠣᠭᠲᠠᠮᠠᠯ ᠪᠤᠰᠤ ᠬᠦᠴᠦᠨ ᠵᠦᠢᠯ ᠮᠥᠨ ᠯᠡ ᠨᠡᠯᠢᠶᠡᠳ ᠤᠯᠠᠨ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠲᠣᠭᠲᠠᠪᠤᠷᠢᠵᠢᠭᠤᠯᠤᠨ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠵᠢᠯ ᠤᠨ ᠠᠵᠤ ᠠᠬᠤᠢ ᠶᠢᠨ ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠴᠢᠷᠮᠠᠶᠢᠨ᠎ᠠ᠃
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ