ᠦᠤᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2023/12/13
     ᠨᠢᠭᠡ᠂ ᠤᠳᠤᠷᠢᠳᠬᠤ ᠪᠠᠭ      ᠹᠠᠨ ᠳ᠋ᠦᠩ ︵ᠨᠠᠮ ᠤᠨ ᠣᠳᠣᠷᠢᠳᠬᠤ ᠲᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶      ᠸᠠᠩ ᠸᠧᠶ ᠵᠢᠶᠦ᠋ᠨ ︵ᠨᠠᠮ ᠤᠨ ᠣᠳᠣᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ︶     ᠶᠠᠩ ᠹᠠ ᠵᠢᠶᠦ᠋ᠨ ︵ᠨᠠᠮ ᠤᠨ ᠣᠳᠣᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ︶     ᠵᠠᠩ ᠵᠢᠩ ︵ᠨᠠᠮ ᠤᠨ ᠣᠳᠣᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ︶      ᠴᠧᠨ ᠵᠢᠶᠠ ᠭᠥᠸᠧ ︵ ᠡᠨᠧᠷᠭᠢ ᠶᠢᠨ ᠦᠢᠯᠡᠰ ᠤᠨ ᠬᠦᠭᠵᠢᠯᠳᠡ ᠶᠢᠨ ᠲᠦᠪ ᠤᠨ ᠡᠷᠬᠢᠯᠡᠭᠴᠢ︶      ᠵᠤᠤ ᠯᠢᠶᠠᠩ ︵ ᠡᠨᠧᠷᠭᠢ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠳᠠᠷᠤᠭ᠎ᠠ︶      ᠵᠤᠤ ᠶᠤᠤ ᠵᠦᠩ ︵ᠵᠢᠩᠬᠢᠨᠢ ᠰᠠᠯᠠᠭᠠᠨ ᠳᠡᠰ ᠤᠨ ᠣᠳᠣᠷᠢᠳᠣᠯᠭ᠎ᠠ ᠶᠢᠨ ᠬᠠᠷᠠᠭᠠᠯᠵᠠᠯ ᠲᠠᠢ︶      ᠨᠠᠷᠠᠨ ︵ᠭᠤᠷᠪᠠᠳᠤᠭᠠᠷ ᠳᠡᠰ ᠤᠨ ᠡᠷᠬᠢᠯᠡᠭᠴᠢ ᠬᠡᠰᠢᠬᠦᠴᠢ︶     ᠱᠢᠷᠤ ︵ᠳᠡᠳ᠋ ᠰᠠᠯᠠᠭᠠᠨ ᠳᠡᠰ ᠤᠨ ᠣᠳᠣᠷᠢᠳᠣᠯᠭ᠎ᠠ ᠶᠢᠨ ᠬᠠᠷᠠᠭᠠᠯᠵᠠᠯ ᠲᠠᠢ︶      ᠪᠦᠬᠡ ︵ᠳᠡᠳ᠋ ᠰᠠᠯᠠᠭᠠᠨ ᠳᠡᠰ ᠤᠨ ᠣᠳᠣᠷᠢᠳᠣᠯᠭ᠎ᠠ ᠶᠢᠨ ᠬᠠᠷᠠᠭᠠᠯᠵᠠᠯ ᠲᠠᠢ︶     ᠵᠠᠩ ᠮᠢᠨ ︵ᠳᠡᠳ᠋ ᠰᠠᠯᠠᠭᠠᠨ ᠳᠡᠰ ᠤᠨ ᠣᠳᠣᠷᠢᠳᠣᠯᠭ᠎ᠠ ᠶᠢᠨ ᠬᠠᠷᠠᠭᠠᠯᠵᠠᠯ ᠲᠠᠢ︶      ᠴᠧᠨ ᠰᠢᠶᠣᠣ ᠯᠢᠨ ︵ᠲᠦᠷᠪᠡᠳᠤᠭᠡᠷ ᠳᠡᠰ ᠤᠨ ᠡᠷᠬᠢᠯᠡᠭᠴᠢ ᠬᠡᠰᠢᠬᠦᠴᠢ︶          ᠬᠤᠶᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ      ᠦᠤᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠳᠣᠲᠣᠭᠠᠳᠤ ᠳᠤ 4 ᠲᠠᠰᠤᠭ ᠲᠤᠬᠢᠷᠠᠭᠤᠯᠵᠤ᠂ ᠲᠤᠬᠠᠶᠢᠯᠠᠪᠠᠯ ᠠᠯᠪᠠᠨ ᠭᠡᠷ ︵ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠲᠠᠰᠤᠭ︶᠂ ᠨᠡᠭᠦᠷᠡᠰᠦ ᠴᠠᠬᠢᠯᠭᠠᠨ ᠤ ᠲᠤᠬᠠᠶᠢᠯᠠᠭᠰᠠᠨ ᠠᠵᠢᠯ ᠤᠨ ᠲᠠᠰᠤᠭ ︵ᠪᠢᠯᠧᠲ ᠬᠡᠷᠡᠴᠢ ᠶᠢᠨ ᠬᠠᠮᠢᠶᠠᠷᠤᠯᠲᠠ ᠶᠢᠨ ᠲᠠᠰᠤᠭ︶᠂ ᠲᠣᠰᠣ ᠬᠡᠢ ᠶᠢᠨ ᠲᠤᠬᠠᠶᠢᠯᠠᠭᠰᠠᠨ ᠠᠵᠢᠯ ᠤᠨ ᠲᠠᠰᠤᠭ ︵ᠰᠢᠨ᠎ᠡ ᠡᠨᠧᠷᠭᠢ ᠪᠠ ᠳᠠᠬᠢᠨ ᠰᠢᠨᠡᠳᠴᠦ ᠪᠣᠯᠬᠤ ᠡᠨᠧᠷᠭᠢ ᠶᠢᠨ ᠲᠤᠬᠠᠶᠢᠯᠠᠭᠰᠠᠨ ᠠᠵᠢᠯ ᠤᠨ ᠲᠠᠰᠤᠭ︶᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ︶ ᠵᠡᠷᠭᠡ ᠪᠣᠯᠤᠨ᠎ᠠ᠃      ᠳᠣᠣᠷ᠎ᠠ ᠨᠢ 2 ᠠᠵᠢᠯ ᠦᠢᠯᠡᠰ ᠤᠨ ᠨᠢᠭᠡᠴᠢ ᠲᠠᠢ᠂ ᠦᠦᠰᠢᠨ ᠬᠤᠰᠢᠭᠤᠨ ᠤ ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯᠣᠨ ᠦᠦᠰᠢᠨ ᠬᠤᠰᠢᠭᠤᠨ ᠤ ᠡᠨᠧᠷᠭᠢ ᠶᠢᠨ ᠦᠢᠯᠡᠰ ᠤᠨ ᠬᠥᠭᠵᠢᠯᠲᠡ ᠶᠢᠨ ᠲᠥᠪ᠃      ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠦᠬᠦ ᠬᠤᠰᠢᠭᠤᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠲᠤᠭᠤᠷᠪᠢᠵᠤ  ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠨᠧᠷᠭᠢ ᠶᠢᠨ ᠠᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ ᠡᠨᠧᠷᠭᠢ ᠶᠢᠨ ᠬᠥᠭᠵᠢᠯᠲᠡ ᠪᠠ ᠥᠭᠡᠷᠡᠴᠢᠯᠡᠯᠲᠡ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃      ︵ᠬᠤᠶᠠᠷ︶ ᠪᠥᠬᠦ ᠬᠤᠰᠢᠭᠤᠨ ᠤ ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠷᠢᠭᠤᠴᠠᠵᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠᠲᠤ ᠰᠠᠨᠠᠭᠤᠯᠭ᠎ᠠ ᠶᠢ ᠰᠤᠳᠤᠯᠬᠤ ᠳᠤ ᠣᠷᠣᠯᠴᠠᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠠᠯᠭᠠᠯᠳᠤᠭᠤᠯᠤᠨ᠎ᠠ᠃ ᠡᠨᠧᠷᠭᠢ ᠲᠠᠢ ᠬᠤᠯᠪᠤᠭ᠎ᠠ ᠲᠠᠢ ᠡᠬᠢ ᠪᠠᠶᠠᠯᠢᠭ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ ᠡᠨᠧᠷᠭᠢ ᠶᠢᠨ ᠦᠨ᠎ᠡ ᠬᠠᠩᠰᠢ ᠶᠢ ᠲᠣᠬᠢᠷᠠᠭᠤᠯᠬᠤ ᠵᠡᠷᠭᠡ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠪᠦᠬᠦ ᠬᠤᠰᠢᠭᠤᠨ ᠤ ᠡᠨᠧᠷᠭᠢ ᠶᠢᠨ ᠴᠢᠬᠤᠯᠠ ᠶᠡᠭᠡ ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠵᠣᠬᠢᠶᠠᠨ ᠪᠠᠶᠢᠭᠤᠯᠤᠨ ᠠᠬᠢᠭᠤᠯᠵᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠶᠢ ᠣᠷᠣᠭᠤᠯᠵᠤ ᠰᠢᠨ᠎ᠡ ᠶᠢ ᠡᠭᠦᠳᠬᠦ ᠶᠢ ᠵᠢᠯᠣᠭᠤᠳᠴᠤ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ︵ᠳᠥᠷᠪᠡ︶ ᠪᠦᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠣᠯᠤᠨ ᠳᠠᠬᠢᠨ ᠰᠢᠨᠡᠳᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠦᠢᠯᠡᠳᠦᠭᠰᠡᠨ ᠰᠢᠲᠠᠭᠠᠯᠭ᠎ᠠ ᠶᠢᠨ ᠮᠠᠲ᠋ᠧᠷᠢᠶᠠᠯ ᠪᠠ ᠰᠢᠲᠠᠭᠠᠯᠭ᠎ᠠ ᠶᠢᠨ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠡᠨᠧᠷᠭᠢ ᠶᠢᠨ ᠦᠢᠯᠡᠳᠪᠦᠷᠢᠯᠡᠯ᠂ ᠡᠷᠬᠢᠯᠲᠡ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠨ᠎ᠠ᠃      ︵ᠲᠠᠪᠤ︶ ᠪᠦᠬᠦ ᠬᠤᠰᠢᠭᠤᠨ ᠤ ᠡᠨᠧᠷᠭᠢ ᠶᠢᠨ ᠴᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠡᠨᠧᠷᠭᠢ ᠶᠢᠨ ᠴᠠᠷᠠᠭᠠᠨ ᠤ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠨ᠎ᠡ᠃      ︵ᠵᠢᠷᠭᠤᠭ᠎ᠠ︶ ᠪᠦᠬᠦ ᠬᠤᠰᠢᠭᠤᠨ ᠤ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ᠂ ᠲᠤᠰᠤ ᠰᠢᠲᠠᠮᠠᠬᠠᠶ ᠬᠡᠢ ᠶᠢᠨ ᠠᠢ ᠰᠠᠪᠠ ᠶᠢᠨ ᠲᠥᠪᠯᠡᠷᠡᠭᠦᠯᠦᠨ ᠳᠠᠮᠵᠢᠭᠤᠯᠬᠤ ᠬᠤᠭᠤᠯᠠᠶ ᠲᠣᠤᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠬᠢᠨᠠᠯᠲᠠ ᠲᠠᠯᠪᠢᠨ ᠨᠠᠶᠢᠲᠠᠪᠤᠷᠢᠵᠢᠭᠤᠯᠵᠤ ᠨᠡᠬᠦᠷᠡᠰᠦᠨ ᠠᠭᠤᠷᠬᠠᠢ ᠶᠢᠨ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠰᠠᠳ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠳᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃      ︵ᠲᠤᠯᠤᠭ᠎ᠠ︶ ᠪᠦᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠤᠤᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ ᠬᠦᠴᠦᠨ ᠤ ᠲᠦᠬᠦᠭᠡᠷᠦᠮᠵᠢ ᠶᠢ ᠬᠠᠤᠯᠢ ᠶᠣᠰᠣᠭᠠᠷ ᠬᠠᠮᠠᠭᠠᠯᠠᠵᠤ ᠴᠠᠬᠢᠯᠭᠠᠨ ᠬᠦᠴᠦᠨ ᠤ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠤ ᠪᠠᠷᠢᠯᠭ᠎ᠠ ᠶᠢᠨ ᠠᠵᠢᠯ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃      ︵ᠨᠠᠢᠮᠠ︶ ᠪᠥᠬᠦ ᠬᠤᠰᠢᠭᠤᠨ ᠤ ᠡᠨᠧᠷᠭᠢ ᠶᠢ ᠤᠷᠢᠳᠴᠢᠯᠠᠨ ᠬᠡᠮᠵᠢᠵᠤ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ ᠡᠨᠧᠷᠭᠢ ᠶᠢᠨ ᠡᠷᠬᠢᠯᠲᠡ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠰᠢᠢᠳᠪᠦᠷᠢᠯᠡᠬᠦ ᠪᠠᠲᠤᠯᠠᠭ᠎ᠠ ᠳᠤ ᠣᠷᠣᠯᠴᠠᠨ᠎ᠠ᠃ ᠲᠣᠭᠲᠠᠭᠰᠠᠨ ᠡᠷᠬᠡ ᠶᠢᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠡᠨᠧᠷᠭᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠂ ᠲᠠᠩᠰᠠᠯᠠᠵᠤ᠂ ᠰᠢᠯᠵᠢᠭᠦᠯᠦᠨ ᠮᠡᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃      ︵ᠶᠢᠰᠦ︶ ᠪᠦᠬᠦ ᠬᠤᠰᠢᠭᠤᠨ ᠤ ᠨᠡᠭᠦᠷᠡᠰᠦᠨ ᠠᠭᠤᠷᠬᠠᠢ ᠶᠢᠨ ᠮᠠᠯᠲᠠᠵᠤ ᠬᠦᠨᠳᠡᠶᠢᠷᠡᠭᠦᠯᠦᠭᠰᠡᠨ ᠣᠷᠣᠨ᠂ ᠭᠠᠯ ᠲᠦᠢᠮᠡᠷ ᠭᠠᠷᠤᠭᠰᠠᠨ ᠣᠷᠣᠨ᠂ ᠴᠦᠮᠦᠷᠦᠭᠰᠡᠨ ᠭᠠᠵᠠᠷ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠦᠯᠦᠪᠵᠢᠬᠦᠯᠦᠨ᠎ᠡ᠃      ︵ᠠᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠨᠢᠭᠡ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠬᠤᠪᠢᠶᠠᠷᠢᠯᠠᠨ᠎ᠠ᠃      ⒈ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠤᠯᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢᠨ ᠵᠠᠯᠭᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠦᠯᠦᠪᠵᠢᠬᠦᠯᠬᠦ ᠶᠢ ᠬᠠᠷᠢᠭᠤᠴᠠᠨ᠎ᠠ ᠃ ᠬᠤᠰᠢᠭᠤ ᠡᠨᠧᠷᠭᠢ ᠶᠢᠨ ᠲᠣᠪᠴᠢᠶ᠎ᠠ ᠪᠣᠯ ᠡᠨᠧᠷᠭᠢ ᠶᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠪᠥᠬᠦ ᠬᠤᠰᠢᠭᠤᠨ ᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠥᠭᠡᠷᠡᠴᠢᠯᠡᠯᠲᠡ ᠶᠢᠨ ᠲᠥᠰᠦᠯ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ ᠡᠨᠧᠷᠭᠢ ᠶᠢᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ⒉ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠤᠰᠢᠭᠤ ᠡᠨᠧᠷᠬᠢ ᠶᠢᠨ ᠲᠤᠪᠴᠢᠶ᠎ᠠ ᠲᠠᠢ ᠵᠦᠪᠳᠡᠯᠴᠡᠵᠤ ᠪᠦᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ ᠲᠤᠬᠢᠷᠠᠭᠤᠯᠤᠨ ᠡᠵᠡᠮᠳᠡᠬᠦ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠲᠠᠯᠪᠢᠵᠤ ᠪᠦᠬᠦ ᠬᠤᠰᠢᠭᠤᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠵᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃       ⒊ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠡᠨᠧᠷᠭᠢ ᠶᠢᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠲᠠᠪᠤᠷᠢᠵᠢᠭᠤᠯᠵᠤ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠬᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ  ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠶᠢᠨ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠶᠢᠨ ᠭᠠᠮᠰᠢᠭ ᠤᠨ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢ ᠶᠢᠨ ᠠᠵᠢᠯ ᠢ ᠡᠭᠦᠷᠭᠡᠯᠡᠨ᠎ᠡ᠃ ᠬᠤᠰᠢᠭᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠡᠨᠧᠷᠭᠢ ᠶᠢᠨ ᠴᠠᠷᠠᠭᠠᠨ ᠳᠠᠬᠢ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃       ᠲᠦᠷᠪᠡ᠂ ᠠᠵᠢᠯᠯᠠᠬᠤ ᠭᠠᠵᠠᠷ       ᠭᠠᠯᠠᠭᠤᠲᠤ ᠪᠠᠯᠭᠠᠰᠤᠨ ᠤ ᠤᠢ ᠶᠢᠨ ᠰᠡᠬᠦᠳᠡᠷᠲᠤ ᠵᠠᠮ ᠤᠨ 34 ᠳ᠋ᠤᠭᠡᠷ ᠨᠤᠮᠧᠷᠲᠤ              ᠲᠠᠪᠤ᠂ ᠬᠠᠷᠢᠯᠴᠠᠬᠤ ᠠᠷᠭ᠎ᠠ      ᠤᠲᠠᠰᠤ᠄ 0477 — 7583155              ᠢᠮᠧᠯ᠄ wsqnyj@163.com              ᠰᠢᠤᠳᠠᠨ ᠳ᠋ᠤᠭᠠᠷ᠄ 017300                    ᠵᠢᠷᠭᠤᠭ᠎ᠠ᠂ ᠠᠵᠢᠯᠯᠠᠬᠤ ᠴᠠᠭ       8᠄ 30 - 12᠄ 00︔ 14᠄ 30 - 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ