ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2023/12/13
      ᠨᠢᠬᠡ᠂ ᠤᠳᠤᠷᠢᠳᠬᠤ ᠪᠠᠭ       ᠵᠠᠩ ᠬᠠᠢ ᠹᠧᠩ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︶             ᠸᠠᠩ ᠶᠢᠩ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︶             ᠬᠥ᠋ ᠽᠢ ᠬᠠᠢ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠳᠡᠳ᠋ ᠡᠷᠬᠢᠯᠡᠭᠴᠢ︶             ᠭᠤᠣ ᠵᠢᠶᠦ᠋ᠨ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠳᠡᠳ᠋ ᠡᠷᠬᠢᠯᠡᠭᠴᠢ︶         ᠪᠢᠶᠠᠨ ᠲᠤᠤ ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶             ᠴᠠᠭᠠᠨᠴᠢᠯᠠᠭᠤ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠳᠡᠳ᠋ ᠡᠷᠬᠢᠯᠡᠭᠴᠢ︶      ᠬᠠᠰᠴᠢᠯᠠᠭᠤ  ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶       ᠵᠠᠩ ᠷᠦᠢ ᠹᠧᠩ ︵ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ︶       ᠬᠤᠪᠢ ︵ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ︶             ᠸᠠᠩ ᠱᠦ ᠷᠦᠩ ︵ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ︶             ᠮᠥᠩᠬᠡᠪᠠᠶᠠᠨ ︵ᠵᠢᠩᠬᠢᠨᠢ ᠰᠠᠯᠠᠭᠠᠨ ᠳᠡᠰ ᠤᠨ ᠺᠠᠳ᠋ᠷ︶           ᠼᠤᠤ ᠵᠢᠶᠦ᠋ᠨ ᠰᠢᠶᠠ ︵ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢ︶      ᠸᠠᠨ ᠶᠠᠨ ᠹᠧᠢ ︵ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ︶             ᠬᠤᠶᠠᠷ᠂ ᠭᠤᠣᠯ ᠡᠭᠦᠷᠭᠡ ᠬᠠᠷᠢᠭᠤᠴᠠᠯᠭ᠎ᠠ      ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠤᠤᠷ᠎ᠠ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠫᠠᠶᠢᠰᠠ ᠡᠯᠬᠦᠪᠡ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠭᠤᠣᠯ ᠡᠬᠦᠷᠬᠡ ᠬᠠᠷᠢᠭᠤᠴᠠᠯᠭ᠎ᠠ ᠪᠣᠯ᠄      ︵ᠨᠢᠭᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠪᠥᠬᠦ ᠬᠤᠰᠢᠭᠤᠨ ᠤ ᠠᠵᠢᠯ ᠤᠨ ᠪᠠᠶᠢᠳᠠᠯ ᠢ ᠣᠶᠢᠯᠠᠭᠠᠨ ᠡᠵᠡᠮᠰᠢᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃      ︵ᠬᠤᠶᠠᠷ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠬᠤᠰᠢᠭᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠶᠠᠷᠢᠶ᠎ᠠ ᠵᠡᠷᠭᠡ ᠡᠬᠡ ᠪᠢᠴᠢᠭ ᠢ ᠲᠤᠭᠤᠷᠪᠢᠬᠤ ᠶᠢ ᠵᠤᠬᠢᠶᠠᠨ ᠪᠠᠶᠢᠭᠤᠯᠤᠨ᠎ᠠ᠃      ︵ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠣᠯᠭ᠎ᠠ ᠶᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠢᠬᠤᠯᠠ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃      ︵ᠲᠠᠪᠤ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠠᠷᠢᠭᠤᠴᠠᠨ ᠬᠢᠨᠠᠨ ᠬᠠᠷᠭᠤᠭᠤᠯᠵᠤ᠂ ᠭᠦᠢᠴᠡᠳᠬᠡᠬᠦ ᠰᠠᠨᠠᠯ ᠢᠶᠠᠨ ᠳᠤᠷᠠᠳᠤᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠣᠯᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ︵ᠵᠢᠷᠭᠤᠭ᠎ᠠ︶ ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠢᠴᠢᠭ ᠴᠠᠬᠢᠯᠭᠠᠨ ᠮᠡᠳᠡᠭᠡ ᠶᠢ ᠭᠦᠢᠴᠡᠳᠬᠡᠬᠦ ᠠᠵᠢᠯ ᠢ ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠠᠴᠠ ᠲᠤᠭᠲᠠᠭᠠᠵᠦ ᠲᠠᠷᠬᠠᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠨ᠎ᠡ᠃      ︵ᠳᠣᠯᠤᠭ᠎ᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ ᠴᠠᠭ ᠲᠤᠬᠠᠢ ᠳᠤᠨᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠤᠨ᠎ᠡ᠃      ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃      ︵ᠶᠢᠰᠦ︶ ᠬᠤᠰᠢᠭᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃      ︵ᠠᠷᠪᠠᠨ ᠬᠤᠶᠠᠷ︶ ᠠᠵᠤ ᠠᠬᠤᠢ ᠠᠮᠢ ᠠᠬᠤᠢ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠢ ᠠᠮᠢ ᠠᠬᠤᠢ ᠶᠢᠨ ᠬᠦᠷᠢᠶ᠎ᠡ ᠴᠠᠷᠠᠭᠠᠨ  ᠤ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠰᠢᠭᠤᠨ ᠤ ᠠᠵᠤ ᠠᠬᠤᠢ ᠠᠮᠢ ᠠᠬᠤᠢ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠱᠠᠭᠠᠷᠳᠠᠨ ᠪᠠᠶᠢᠴᠠᠭᠠᠯᠲᠠ ᠬᠢᠨ᠎ᠡ᠃      ︵ᠠᠷᠪᠠᠨ ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠭᠡᠨᠡᠳᠲᠡ ᠶᠢᠨ ᠬᠡᠷᠡᠭ ᠶᠠᠪᠤᠳᠠᠯ ᠤᠨ ᠮᠡᠳᠡᠭᠡ ᠵᠠᠩᠭᠢ ᠪᠠ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠱᠠᠭᠠᠷᠳᠠᠨ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷ ᠤᠨ ᠠᠵᠢᠯ ᠢ ᠵᠢᠯᠣᠭᠤᠳᠤᠨ᠎ᠠ᠃      ︵ᠠᠷᠪᠠᠨ ᠳᠥᠷᠪᠡ︶ ᠬᠤᠰᠢᠭᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠯᠤᠭᠤᠳᠬᠤ᠂ ᠱᠠᠭᠠᠷᠳᠠᠬᠤ ᠪᠠ ᠪᠠᠶᠢᠴᠠᠭᠠᠨ᠎ᠠ᠃      ︵ᠠᠷᠪᠠᠨ ᠲᠠᠪᠤ︶ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃      ︵ᠠᠷᠪᠠᠨ ᠵᠢᠷᠭᠤᠭ᠎ᠠ︶ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠠ ᠠᠵᠢᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠶᠢᠨ ᠵᠥᠪᠯᠡᠭᠴᠢ ᠪᠠ ᠲᠤᠰᠠᠯᠠᠭᠴᠢ ᠪᠣᠯᠣᠨ᠎ᠠ᠃      ︵ᠠᠷᠪᠠᠨ ᠳᠣᠯᠤᠭ᠎ᠠ︶ ᠪᠥᠬᠦ ᠬᠤᠰᠢᠭᠤᠨ ᠤ ᠭᠠᠳᠠᠭᠠᠳᠤ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠪᠠ ᠰᠢᠶᠠᠩᠭᠠᠩ᠂ ᠣᠣᠮᠧᠨ ᠤ ᠬᠡᠷᠡᠭ ᠶᠠᠪᠤᠳᠠᠯ ᠢ ᠳᠠᠭᠠᠭᠠᠨ ᠡᠷᠭᠢᠯᠡᠵᠦ ᠵᠣᠬᠢᠴᠠᠭᠤᠯᠤᠨ ᠪᠥᠬᠦ ᠬᠤᠰᠢᠭᠤᠨ ᠤ ᠠᠷᠠᠳ ᠤᠨ ᠬᠤᠭᠤᠷᠣᠨᠳᠣᠬᠢ ᠭᠠᠳᠠᠭᠠᠳᠤ ᠯᠤᠭ᠎ᠠ ᠶᠢᠨ ᠨᠥᠬᠦᠷᠯᠡᠯ ᠤᠨ ᠠᠵᠢᠯ ᠢ ᠵᠢᠯᠣᠭᠤᠳᠤᠨ᠎ᠠ᠃      ︵ᠠᠷᠪᠠᠨ ᠨᠠᠢᠮᠠ︶ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠬᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ  ᠶᠢ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠮᠵᠢ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      ︵ᠠᠷᠪᠠ ᠶᠢᠰᠦ︶ ᠦᠦᠰᠢᠨ ᠬᠤᠰᠢᠭᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠤᠢ ᠪᠤᠯᠭᠠᠨ ᠬᠥᠭᠵᠢᠭᠦᠯᠦᠨ᠎ᠡ᠃ ᠪᠥᠬᠦ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ ᠲᠣᠬᠢᠷᠠᠭᠤᠯᠬᠤ ᠠᠵᠢᠯ ᠢ ᠵᠣᠬᠢᠴᠠᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠰᠠᠯᠪᠤᠷᠢ ᠪᠠᠶᠢᠭᠤᠯᠤᠮᠵᠢ ᠶᠢᠨ ᠬᠥᠭᠵᠢᠯᠲᠡ ᠶᠢ ᠲᠦᠯᠬᠢᠨ ᠠᠬᠢᠭᠤᠯᠵᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠡᠷᠡᠭ ᠡᠷᠬᠢᠯᠡᠬᠦ ᠭᠠᠵᠠᠷ ᠤᠨ ᠠᠵᠢᠯ ᠢ ᠲᠦᠯᠬᠢᠨ ᠠᠬᠢᠭᠤᠯᠤᠨ᠎ᠠ᠃      ︵ᠬᠤᠷᠢ︶ ᠡᠷᠬᠡ ᠶᠢᠨ ᠬᠡᠪᠴᠢᠶ᠎ᠡ ᠶᠢᠨ ᠲᠣᠭᠲᠠᠭᠠᠯ ᠶᠣᠰᠣᠭᠠᠷ ᠪᠥᠬᠦ ᠬᠤᠰᠢᠭᠤᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠨᠡᠶᠢᠯᠡᠬᠦᠯᠬᠦ ᠪᠠᠲᠤᠯᠠᠭ᠎ᠠ ᠶᠢᠨ ᠺᠣᠮᠫᠠᠨᠢ᠂ ᠳᠠᠨᠵᠢᠯᠠᠬᠤ ᠪᠠᠩᠬᠢ᠂ ᠪᠡᠯᠡ ᠨᠡᠶᠢᠯᠡᠬᠦᠯᠦᠭᠰᠡᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠭ᠎ᠠ ᠶᠢᠨ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠤᠰᠢᠭᠤᠨ ᠳᠤ ᠰᠠᠭᠤᠭ᠎ᠠ ᠬᠤᠪᠢᠶᠠᠷᠢ ᠰᠠᠯᠪᠤᠷᠢ ᠪᠠᠶᠢᠭᠤᠯᠤᠮᠵᠢ᠂ ᠪᠡᠯᠡ ᠣᠷᠣᠭᠤᠯᠤᠯᠲᠠ ᠶᠢᠨ ᠺᠣᠮᠫᠠᠨᠢ᠂ ᠢᠲᠡᠭᠡᠮᠵᠢ ᠶᠢᠨ ᠬᠠᠪᠰᠤᠷᠤᠯᠴᠠᠭ᠎ᠠ ᠶᠢ ᠥᠷᠨᠢᠭᠦᠯᠦᠭᠰᠡᠨ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶᠠᠵᠢᠯ᠂ ᠨᠡᠶᠢᠭᠡᠮ ᠤᠨ ᠣᠯᠠᠨ ᠲᠠᠯ᠎ᠠ ᠶᠢᠨ ᠪᠡᠯᠡ ᠴᠤᠭᠯᠠᠭᠤᠯᠬᠤ ᠪᠠᠶᠢᠭᠤᠯᠤᠮᠵᠢ ᠪᠠ ᠡᠷᠬᠡ ᠠᠰᠢᠭ ᠤᠨ ᠲᠥᠷᠥᠯ᠂ ᠭᠡᠷ᠎ᠡ ᠲᠣᠭᠲᠠᠬᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠬᠤᠷᠢᠨ ᠨᠢᠭᠡ︶ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠰᠣᠯᠢᠯᠴᠠᠭ᠎ᠠ ᠶᠢ ᠬᠠᠷᠢᠭᠤᠴᠠᠵᠤ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠣᠳᠣᠯᠭ᠎ᠠ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠬᠤᠷᠢᠨ ᠬᠤᠶᠠᠷ︶ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠬᠠᠷᠢᠶᠠᠲᠤ ᠣᠷᠣᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠬᠤᠷᠢᠨ ᠭᠤᠷᠪᠠ︶ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠰᠢᠭᠤᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠷᠢᠭᠤᠴᠠᠨ ᠵᠣᠬᠢᠴᠠᠭᠤᠯᠤᠨ᠎ᠠ᠃ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠦᠬᠦᠢ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢ ᠵᠢᠯᠣᠭᠤᠳᠤᠨ ᠵᠢᠷᠤᠮᠵᠢᠭᠤᠯᠤᠨ ᠬᠥᠭᠵᠢᠭᠦᠯᠦᠨ᠎ᠡ᠃      ︵ᠬᠤᠷᠢᠨ ᠳᠥᠷᠪᠡ︶ ᠬᠤᠰᠢᠭᠤ ᠨᠠᠮ ᠤᠨ ᠬᠤᠷᠢᠶ᠎ᠠ ᠪᠣᠯᠣᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠭᠤᠷᠪᠠ᠂ ᠳᠣᠲᠣᠭᠠᠳᠤ ᠪᠠᠶᠢᠭᠤᠯᠤᠮᠵᠢ      ︵ᠨᠢᠭᠡ︶ ᠠᠯᠪᠠᠨ ᠭᠡᠷ ︵ᠬᠤᠰᠢᠭᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠲᠠᠰᠤᠭ︶      ︵ᠬᠤᠶᠠᠷ︶ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠠᠯ ᠤᠨ ᠳᠠᠰᠤᠭ      ︵ᠭᠤᠷᠪᠠ︶ ᠶᠡᠷᠦᠩᠬᠡᠶᠢᠯᠡᠭᠰᠡᠨ ᠲᠠᠰᠤᠭ      ︵ᠳᠥᠷᠪᠡ︶ ᠵᠠᠰᠠᠭ ᠤᠨ ᠶᠠᠪᠤᠳᠠᠯ ᠤᠨ ᠳᠠᠰᠤᠭ      ︵ᠲᠠᠪᠤ︶ ᠮᠡᠳᠡᠭᠡ ᠵᠠᠩᠭᠢ ᠶᠢᠨ ᠲᠠᠰᠤᠭ      ︵ᠵᠢᠷᠭᠤᠭ᠎ᠠ︶ ᠵᠠᠰᠠᠭ ᠵᠠᠬᠢᠷᠭᠠᠨ ᠤ ᠲᠠᠰᠤᠭ      ︵ᠲᠤᠯᠤᠭ᠎ᠠ︶ ᠣᠷᠴᠢᠭᠤᠯᠭ᠎ᠠ ᠶᠢᠨ ᠲᠠᠰᠤᠭ      ︵ᠨᠠᠢᠮᠠ︶ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠠᠵᠢᠯᠯᠠᠬᠤ ᠲᠠᠰᠤᠭ      ︵ᠶᠢᠰᠦ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ      ︵ᠠᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ      ︵ᠠᠷᠪᠠᠨ ᠨᠢᠭᠡ︶ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ      ︵ᠠᠷᠪᠠᠨ ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ      ᠳᠥᠷᠪᠡ᠂ ᠠᠯᠪᠠᠯᠠᠬᠤ ᠬᠠᠶ᠋ᠢᠭ      ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠵᠠᠰᠠᠭ ᠤᠨ ᠰᠢᠨ᠎ᠡ ᠲᠣᠭᠤᠷᠢᠭ ᠤᠨ 2 ᠳ᠋ᠤᠭᠠᠷ ᠠᠰᠠᠷ ᠤᠨ 205 ᠠᠯᠪᠠᠨ ᠭᠡᠷ      ᠲᠠᠪᠤ᠂ ᠬᠠᠷᠢᠯᠴᠠᠬᠤ ᠤᠲᠠᠰᠤ      0477 ︱ 7582070      ᠵᠢᠷᠭᠤᠭ᠎ᠠ᠂ ᠠᠵᠢᠯᠯᠠᠬᠤ ᠴᠠᠭ      8᠄ 30 ︱ 12᠄ 00 14᠄ 30 ︱ 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ