ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ | ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠦᠰᠢᠨ ᠬᠤᠰᠢᠭᠤᠨ ᠤ 2023 ᠣᠨ ᠤ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠠᠷᠠᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 9 ᠰᠠᠷ᠎ᠠ ᠶᠢᠨ 8 ᠤ ᠡᠳᠤᠷ | | | | | | ᠦᠦᠰᠢᠨ ᠬᠤᠰᠢᠭᠤᠨ ᠤ 2023 ᠣᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠦᠭᠭᠦ ᠬᠡᠷᠡᠭᠵᠢᠭᠦᠯᠬᠦ ᠲᠥᠰᠥᠯ | | | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠶᠢᠨ ᠲᠦᠯᠦᠬᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ︱ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠮᠠᠰᠢᠨ ᠲᠠᠷᠬᠠᠭᠠᠬᠤ ﹇2021﹈ 283 ᠳ᠋ᠤᠭᠠᠷ ᠲᠣᠭᠠᠲᠤ︶ ᠪᠠ | ︽ᠣᠷᠳᠣᠰ ᠬᠤᠲᠠ ᠶᠢᠨ 2021 ︱ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ | ︵ᠣᠷᠳᠣᠰ ᠲᠠᠷᠢᠶᠠᠯᠠᠩ ᠮᠠᠯ ᠲᠠᠷᠬᠠᠭᠠᠬᠤ ﹇2021﹈ 235 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠮᠠᠨ ᠤ | ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠨᠢᠭᠡ᠂ ᠬᠡᠷᠡᠭᠵᠢᠭᠦᠯᠬᠦ ᠵᠠᠷᠴᠢᠮ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠥᠪ | ᠬᠤᠷᠢᠶᠠᠨ ᠤ ︽ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ | ᠲᠠᠷᠢᠶᠠᠯᠠᠩ ᠤᠨ ᠮᠠᠰᠢᠨᠴᠢᠯᠠᠯᠲᠠ ᠪᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠲᠦᠷᠭᠡᠪᠴᠢᠯᠡᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠦᠷᠦ ᠲᠠᠷᠬᠠᠭᠠᠬᠤ ﹇2018﹈ 42 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠮᠠᠰᠢᠨᠴᠢᠯᠠᠭᠰᠠᠨ | ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ᠂ ᠲᠥᠷᠥ ᠶᠢᠨ | ᠪᠣᠳᠣᠯᠭ᠎ᠠ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠪᠠᠷ ᠭᠤᠤᠯ ᠱᠤᠭᠤᠮ ᠪᠤᠯᠭᠠᠵᠦ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠡᠯᠧᠮᠧᠨ᠋ᠲ ᠤᠨ ᠵᠦᠢ ᠵᠣᠬᠢᠰᠲᠠᠢ ᠰᠢᠯᠵᠢᠯᠲᠡ ᠶᠢ ᠬᠢᠵᠠᠭᠠᠷᠯᠠᠵᠤ ᠪᠠᠶᠢᠭᠰᠠᠨ ᠲᠦᠭᠵᠢᠷᠡᠯ ᠢ ᠠᠷᠢᠯᠭᠠᠵᠤ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠡᠯ᠎ᠡ ᠭᠤᠭᠴᠤᠭ᠎ᠠ ᠶᠢ ᠤᠯᠠᠮ ᠨᠢᠭᠡ ᠠᠯᠬᠤᠮ ᠨᠡᠪᠲᠡᠷᠡᠬᠦᠯᠵᠦ ᠮᠠᠯᠴᠢᠨ | ᠲᠠᠷᠢᠶᠠᠴᠢᠨ ᠤ ᠲᠡᠷᠢᠭᠦᠨ ᠤ ᠲᠤᠬᠢᠷᠠᠮᠵᠢᠲᠠᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠬᠥᠲᠥᠯᠥᠨ ᠵᠢᠯᠤᠭᠤᠳᠴᠤ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢ ᠪᠥᠬᠦ ᠶᠠᠪᠤᠴᠠ ᠳᠤ ᠪᠥᠬᠦ ᠲᠠᠯ᠎ᠠ ᠪᠠᠷ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠠᠵᠤ | ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠳᠤ ᠪᠠᠲᠤ | ᠲᠤᠯᠭᠠᠭᠤᠷᠢᠯᠠᠯ ᠬᠠᠩᠭᠠᠨ᠎ᠠ᠃ | ᠬᠤᠶᠠᠷ᠂ ᠬᠡᠷᠡᠭᠵᠢᠭᠦᠯᠬᠦ ᠭᠤᠣᠯᠳᠠᠯᠭ᠎ᠠ | ︵ᠨᠢᠭᠡ︶ ᠦᠢᠯᠡᠳᠪᠤᠷᠢᠯᠡᠯ ᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠮᠠᠰᠢᠨ ᠪᠠᠭᠠᠵᠢ ᠶᠢᠨ ᠬᠠᠩᠭᠠᠯᠭ᠎ᠠ ᠶᠢ ᠳᠣᠪᠤᠶᠢᠯᠭᠠᠨ᠎ᠠ᠃ ᠠᠮᠤ | ᠪᠤᠳᠠᠭ᠎ᠠ᠂ ᠭᠠᠭ᠋ᠠᠢ᠂ ᠦᠬᠡᠷ᠂ ᠬᠤᠨᠢ ᠵᠡᠷᠭᠡ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠬᠡᠷᠡᠭᠰᠡᠬᠦ ᠮᠠᠰᠢᠨ | ᠪᠠᠭᠠᠵᠢ ᠶᠢ ᠡᠩ ᠲᠡᠷᠢᠭᠦᠨ ᠳᠤ ᠨᠥᠬᠦᠪᠦᠷᠢ ᠥᠭᠬᠦ ᠬᠡᠪᠴᠢᠶᠡᠨ ᠳᠤ ᠣᠷᠣᠭᠤᠯᠵᠤ᠂ ᠨᠥᠬᠦᠪᠦᠷᠢᠯᠡᠬᠦ ᠶᠣᠰᠣᠲᠠᠢ ᠶᠢ ᠨᠢ ᠴᠥᠮ ᠨᠥᠬᠦᠪᠦᠷᠢᠯᠡᠨ᠎ᠡ᠃ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠬᠠᠲᠠᠭᠠᠵᠦ ᠬᠠᠭᠰᠠᠭᠠᠬᠤ᠂ ᠪᠠᠷᠢᠮᠵᠢᠶᠠᠵᠢᠭᠤᠯᠤᠭᠰᠠᠨ ᠭᠠᠭ᠋ᠠᠢ ᠶᠢᠨ ᠬᠠᠰᠢᠶ᠎ᠠ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠯ᠎ᠠ ᠶᠢᠨ ᠢᠵᠢ ᠪᠦᠷᠢᠳᠤᠭ᠍ᠰᠡᠨ ᠲᠣᠨᠤᠭ | ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠨᠥᠬᠦᠪᠦᠷᠢ ᠥᠭᠬᠦ ᠲᠤᠷᠰᠢᠯᠲᠠ ᠶᠢᠨ ᠴᠡᠭ ᠤᠨ ᠬᠡᠪᠴᠢᠶᠡᠨ ᠳᠤ ᠠᠯᠬᠤᠮ ᠠᠯᠬᠤᠮ ᠢᠶᠠᠷ | ᠣᠷᠣᠭᠤᠯᠵᠤ᠂ ᠳᠡᠯᠭᠡᠷᠡᠭᠦᠯᠦᠨ ᠬᠡᠷᠡᠭᠯᠡᠬᠦ ᠠᠯᠬᠤᠴᠠ ᠪᠠᠨ ᠲᠦᠷᠭᠡᠳᠬᠡᠨ᠎ᠡ᠃ | ︵ᠬᠤᠶᠠᠷ︶ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠡᠷᠡᠭᠯᠡᠭᠡᠨ ᠤ ᠳᠡᠮᠵᠢᠯᠭᠡ ᠶᠢ | ᠲᠤᠪᠤᠶᠢᠯᠭᠠᠨ᠎ᠠ᠃ ᠣᠶᠤᠨᠲᠤ ᠦᠵᠦᠭᠦᠷ ᠪᠠ ᠬᠡᠷᠡᠭᠯᠡᠭᠡᠨ ᠤ ᠣᠶᠤᠨᠲᠤ ᠠᠵᠢᠯᠯᠠᠭᠠᠨ ᠤ ᠵᠠᠭᠪᠤᠷ ᠢ ᠳᠡᠯᠭᠡᠷᠡᠭᠦᠯᠦᠨ ᠬᠡᠷᠡᠭᠯᠡᠵᠦ ︽ᠳᠣᠬᠢᠭᠤᠷ ᠲᠤᠯᠤᠭᠠᠨ ᠣᠲᠣ︾ | ᠰᠢᠰᠲ᠋ᠧᠮ ᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠳᠡᠯᠭᠡᠷᠡᠭᠦᠯᠦᠨ ᠬᠡᠷᠡᠭᠯᠡᠵᠦ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ︵ᠭᠤᠷᠪᠠ︶ ᠥᠨᠳᠥᠷ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠤᠶᠢᠯᠭᠠᠨ᠎ᠠ᠃ ᠡᠨᠧᠷᠭᠢ ᠠᠷᠪᠢᠯᠠᠵᠤ ᠣᠷᠴᠢᠨ ᠲᠤᠭᠤᠷᠢᠨ | ᠢ ᠬᠠᠮᠠᠭᠠᠯᠠᠬᠤ᠂ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ᠂ ᠲᠣᠮᠣ ᠬᠡᠯᠪᠡᠷᠢ ᠶᠢᠨ ᠣᠯᠠᠨ ᠴᠢᠳᠠᠪᠬᠢᠲᠤ ᠲᠠᠷᠢᠶᠠᠯᠠᠩ ᠤᠨ ᠮᠠᠰᠢᠨ ᠪᠠᠭᠠᠵᠢ ᠶᠢᠨ | ᠮᠡᠷᠭᠡᠵᠢᠯ ᠢ ᠳᠡᠯᠭᠡᠷᠡᠭᠦᠯᠬᠦ ᠶᠢ ᠲᠦᠷᠭᠡᠳᠬᠡᠵᠦ ᠳᠤᠭᠠᠴᠢᠯᠠᠭᠰᠠᠨ᠂ ᠣᠶᠤᠨᠴᠢᠯᠠᠭᠰᠠᠨ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠦᠢᠯᠡᠳᠬᠦᠨ ᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠮᠠᠨ ᠤ ᠬᠤᠰᠢᠭᠤᠨ ᠤ ᠲᠤᠭ᠎ᠠ ᠬᠡᠮᠵᠢᠶ᠎ᠡ ᠨᠢ ᠬᠡᠲᠦ ᠠᠷᠪᠢᠨ᠂ ᠮᠡᠷᠭᠡᠵᠢᠯ ᠨᠢ ᠬᠠᠷᠢᠴᠠᠩᠭᠤᠢ ᠬᠤᠴᠤᠷᠤᠩᠭᠤᠢ | ᠬᠦᠷᠳᠦᠲᠦ ᠲᠷᠠᠺᠲ᠋ᠣᠷ ᠵᠡᠷᠭᠡ ᠮᠠᠰᠢᠨ ᠪᠠᠭᠠᠵᠢ ᠶᠢᠨ ᠲᠥᠷᠥᠯ ᠵᠦᠢᠯ ᠤᠨ ᠨᠥᠬᠦᠪᠦᠷᠢ ᠶᠢᠨ ᠲᠤᠭ᠎ᠠ ᠶᠢ ᠠᠯᠬᠤᠮ ᠠᠯᠬᠤᠮ ᠢᠶᠠᠷ ᠪᠠᠭᠤᠷᠠᠭᠤᠯᠵᠤ ᠬᠡᠰᠡᠭ ᠳᠣᠣᠷ᠎ᠠ | ᠥᠷᠲᠡᠭ ᠲᠠᠢ ᠮᠠᠰᠢᠨ ᠪᠠᠭᠠᠵᠢ ᠶᠢ ᠨᠥᠬᠦᠪᠦᠷᠢ ᠶᠢᠨ ᠬᠡᠪᠴᠢᠶ᠎ᠡ ᠠᠴᠠ ᠠᠯᠬᠤᠮ ᠠᠯᠬᠤᠮ ᠢᠶᠠᠷ ᠭᠠᠷᠭᠠᠨ᠎ᠠ᠃ | ︵ᠳᠥᠷᠪᠡ︶ ᠬᠢᠨᠠᠯᠲᠠ ᠲᠠᠯᠪᠢᠵᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠣᠪᠤᠶᠢᠯᠭᠠᠨ᠎ᠠ᠃ ᠮᠡᠳᠡᠭᠡ ᠵᠠᠩᠭᠢᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ ᠭᠠᠷ ᠤᠲᠠᠰᠤᠨ ᠤ APP ᠶᠢ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠦᠨ ᠬᠥᠮᠥᠨ ᠤ ᠵᠢᠰᠦ ᠶᠢ ᠢᠯᠭᠠᠨ ᠲᠠᠨᠢᠬᠤ᠂ ᠨᠥᠬᠦᠪᠦᠷᠢ | ᠥᠭᠬᠦ ᠮᠠᠰᠢᠨ ᠪᠠᠭᠠᠵᠢ ᠶᠢᠨ ᠮᠡᠷᠭᠡᠨ ᠴᠤᠬᠤᠷ ᠤᠨ ᠬᠠᠮᠢᠶᠠᠷᠤᠯᠲᠠ ᠪᠠ ᠪᠤᠳᠠᠰ ᠤᠨ ᠬᠤᠯᠪᠤᠭᠠᠨ ᠤ ᠰᠦᠯᠵᠢᠶ᠎ᠡ ᠶᠢᠨ ᠬᠢᠨᠠᠨ ᠡᠵᠡᠮᠳᠡᠬᠦ ᠵᠡᠷᠭᠡ ᠮᠡᠷᠭᠡᠵᠢᠯ ᠢ | ᠳᠡᠯᠭᠡᠷᠡᠭᠦᠯᠦᠨ ᠬᠡᠷᠡᠭᠯᠡᠵᠦ ᠨᠥᠬᠦᠪᠦᠷᠢ ᠥᠭᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠷᠭᠡᠳᠬᠡᠨ ᠠᠬᠢᠭᠤᠯᠤᠨ᠎ᠠ᠃ ᠨᠥᠬᠦᠪᠦᠷᠢ ᠶᠢᠨ | ᠪᠡᠯᠡ ᠮᠥᠩᠭᠦ ᠶᠢ ᠲᠤᠭᠠᠴᠠᠨ ᠦᠭᠭᠦ ᠠᠵᠢᠯ ᠢ ᠲᠦᠷᠭᠡᠳᠬᠡᠵᠦ ᠮᠠᠯᠴᠢᠨ ᠲᠠᠷᠢᠶᠠᠴᠢᠨ ᠪᠣᠯᠣᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠨ᠎ᠠ᠃ ᠲᠤᠰᠬᠠᠢ ᠪᠠᠶᠢᠭᠤᠯᠤᠮᠵᠢ ᠶᠢᠨ ᠮᠡᠷᠭᠡᠵᠢᠯ ᠤᠨ ᠳᠠᠪᠠᠭᠤᠯᠢᠭ ᠪᠠ | ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠰᠠᠭᠠᠨ | ᠪᠠᠶᠢᠴᠠᠭᠠᠬᠤ ᠪᠠ ᠬᠢᠨᠠᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠤᠷᠤᠯᠠᠨ ᠠᠪᠤᠭᠰᠠᠨ᠂ ᠮᠡᠬᠡᠯᠡᠨ ᠠᠪᠤᠭᠰᠠᠨ | ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ | ᠭᠤᠷᠪᠠ᠂ ᠨᠥᠬᠦᠪᠦᠷᠢ ᠥᠭᠬᠦ ᠬᠡᠪᠴᠢᠶ᠎ᠡ | ︵ᠨᠢᠭᠡ︶ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠬᠦᠷᠢᠶ᠎ᠡ ᠬᠡᠪᠴᠢᠶ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ ᠨᠥᠬᠦᠪᠦᠷᠢ ᠥᠭᠬᠦ ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠳᠤ ᠢᠯᠡ ᠨᠡᠶᠢᠲᠡᠯᠡᠭᠰᠡᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ︱ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ | ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ︾ ᠳᠤ ᠨᠠᠷᠢᠨ ᠦᠵᠡᠭᠡᠷᠡᠢ᠃ | ︵ᠬᠤᠶᠠᠷ︶ ᠬᠤᠰᠢᠭᠤ ᠱᠠᠲᠤᠨ ᠤ ᠨᠥᠬᠦᠪᠦᠷᠢ ᠶᠢᠨ ᠬᠦᠷᠢᠶ᠎ᠡ ᠬᠡᠪᠴᠢᠶ᠎ᠡ᠃ | ⒈ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ᠂ | ᠲᠠᠷᠢᠶᠠᠯᠠᠩ ᠤᠨ ᠮᠠᠰᠢᠨ ᠢᠶᠠᠷ ᠬᠦᠷᠦᠰᠦ ᠰᠢᠷᠤᠢ ᠶᠢ ᠰᠣᠯᠠᠷᠠᠭᠤᠯᠬᠤ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ᠂ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠬᠡᠷᠡᠭᠰᠡᠬᠦ ᠲᠠᠷᠢᠶᠠᠯᠠᠩ ᠤᠨ ᠮᠠᠰᠢᠨ ᠪᠠᠭᠠᠵᠢ ᠵᠢᠴᠢ ︽ᠳᠣᠬᠢᠭᠤᠷ ᠲᠤᠯᠤᠭᠠᠨ ᠣᠲᠣ︾ ᠠᠯᠤᠰ ᠠᠴᠠ ᠬᠢᠨᠠᠨ ᠬᠡᠮᠵᠢᠬᠦ ᠰᠢᠰᠲ᠋ᠧᠮ ᠢᠶᠠᠷ ᠠᠵᠢᠯᠯᠠᠬᠤ | ᠲᠠᠷᠢᠶᠠᠯᠠᠩ ᠤᠨ ᠮᠠᠰᠢᠨ ᠳᠤ ᠭᠡᠷᠡᠭᠵᠢᠬᠦᠯᠦᠨ᠎ᠡ᠃ | ⒉2023 ᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠭᠤᠣᠯᠳᠠᠯᠭ᠎ᠠ ᠲᠠᠢ ᠲᠡᠳᠬᠦᠬᠦ ᠬᠤᠷᠰᠢᠭᠰᠠᠨ | ᠵᠣᠬᠢᠶᠠᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠤ ᠲᠤᠰᠬᠠᠢ | ᠬᠤᠷᠰᠢᠶᠠᠵᠢᠯ᠂ ᠠᠯᠠᠰᠢᠨ ᠦᠬᠡᠷ᠂ ᠠᠯᠠᠰᠢᠨ ᠬᠤᠨᠢ᠂ ᠤᠰᠤᠨ ᠲᠤᠲᠤᠷᠭ᠎ᠠ᠂ ᠠᠮᠤ᠂ ᠠᠦ᠋ᠲ᠋ᠤ᠋ ᠨᠣᠭᠤᠭᠠᠨ ᠪᠣᠷᠳᠤᠭ᠎ᠠ ᠬᠤᠷᠢᠶᠠᠬᠤ ᠮᠠᠰᠢᠨ᠂ | ᠲᠦᠬᠦᠭᠡᠷᠤᠮᠵᠢᠲᠤ ᠢᠳᠡᠰᠢᠨ ᠨᠣᠭᠤᠭ᠎ᠠ᠂ ᠬᠠᠷᠭᠠᠨ᠎ᠠ ᠲᠠᠭᠠᠷᠢᠬᠤ ᠵᠡᠷᠭᠡ ᠶᠢ ᠬᠡᠪᠴᠢᠶᠡᠵᠢᠭᠦᠯᠦᠨ ᠦᠢᠯᠡᠳᠪᠦᠷᠢᠯᠡᠬᠦ ᠳᠤ ᠬᠤᠳᠠᠯᠳᠤᠨ ᠠᠪᠬᠤ ᠴᠢᠬᠤᠯᠠᠲᠠᠢ | ᠲᠠᠷᠢᠶᠠᠯᠠᠩ ᠤᠨ ᠮᠠᠰᠢᠨ ᠪᠠᠭᠠᠵᠢ᠃ | ⒊ᠤᠰᠤᠨ ᠲᠤᠲᠤᠷᠭ᠎ᠠ ᠶᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠰᠤᠷᠭᠤᠭ ᠡᠷᠳᠡᠨᠢ ᠰᠢᠰᠢ᠂ ᠠᠮᠤ ᠪᠤᠳᠠᠭ᠎ᠠ ᠶᠢ ᠬᠠᠭᠰᠠᠭᠠᠵᠦ ᠬᠠᠳᠠᠭᠠᠬᠤ᠂ ᠡᠪᠡᠰᠦ | ᠪᠣᠷᠳᠤᠭ᠎ᠠ ᠵᠡᠷᠭᠡ ᠶᠢ ᠦᠢᠯᠡᠳᠪᠦᠷᠢᠯᠡᠬᠦ᠂ ᠪᠣᠯᠪᠠᠰᠤᠷᠠᠭᠤᠯᠬᠤ ᠮᠠᠰᠢᠨ ᠮᠧᠬᠠᠨᠢᠭ᠃ | ⒋ᠲᠣᠭᠠᠴᠢᠯᠠᠭᠰᠠᠨ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢ 3 ᠭᠤᠣᠯᠳᠠᠯᠭ᠎ᠠ ᠲᠠᠢ ᠲᠡᠳᠬᠦᠨ᠎ᠡ᠃ | ⒌2022 ᠣᠨ ᠳᠤ ᠭᠤᠣᠯᠳᠠᠯᠭ᠎ᠠ ᠲᠠᠢ ᠲᠡᠳᠬᠦᠬᠦ ᠪᠠᠷ ᠨᠢᠭᠡᠨᠲᠡ ᠬᠢᠨᠠᠨ ᠬᠠᠷᠭᠤᠭᠤᠯᠤᠭᠰᠠᠨ ᠪᠤᠶᠤ ᠢᠯᠡ ᠨᠡᠶᠢᠳᠡᠯᠡᠭᠰᠡᠨ ᠲᠠᠷᠢᠶᠠᠯᠠᠩ ᠤᠨ ᠮᠠᠰᠢᠨ ᠤ | ᠲᠤᠰᠬᠠᠢ ᠬᠤᠷᠰᠢᠶᠠᠵᠢᠯ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠬᠤᠰᠢᠭᠤ ᠲᠠᠰ ᠤᠨ ᠨᠥᠬᠦᠪᠦᠷᠢ ᠶᠢ ᠭᠥᠷᠳᠡᠭᠡ ᠦᠭᠡᠢ ᠲᠠᠷᠢᠶᠠᠯᠠᠩ ᠤᠨ | ᠮᠠᠰᠢᠨ ᠪᠠᠭᠠᠵᠢ᠃ | ⒍ᠲᠠᠷᠢᠶᠠᠯᠠᠩ ᠤᠨ ᠮᠠᠰᠢᠨ ᠤ ᠲᠤᠷᠰᠢᠯᠲᠠ ᠬᠢᠵᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠤᠷᠤᠭᠤᠯᠤᠭᠰᠠᠨ ᠤᠯᠤᠰ ᠤᠨ ᠳᠣᠲᠣᠭᠠᠳᠤ | ᠭᠠᠳᠠᠭᠠᠳᠤ ᠶᠢᠨ ᠲᠡᠷᠢᠭᠦᠨ ᠤ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ᠃ | ᠳᠥᠷᠪᠡ᠂ ᠨᠥᠬᠦᠪᠦᠷᠢ ᠣᠯᠭᠤᠬᠤ ᠡᠲᠡᠭᠡᠳ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠡᠲᠡᠭᠡᠳ ᠪᠣᠯ ᠦᠦᠰᠢᠨ ᠬᠤᠰᠢᠭᠤᠨ ᠤ ᠬᠢᠯᠢ ᠳᠣᠲᠣᠷᠠᠬᠢ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠢ ᠰᠢᠭᠤᠳ ᠡᠷᠬᠢᠯᠡᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠣᠯᠣᠨ᠎ᠠ᠃ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ︵ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠳᠤ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠭᠰᠠᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢ ᠡᠷᠬᠢᠯᠡᠵᠤ ᠪᠠᠶᠢᠭ᠎ᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠭᠲᠠᠨ᠎ᠠ | ᠃ ᠨᠥᠬᠦᠪᠦᠷᠢ ᠣᠯᠭᠤᠬᠤ ᠡᠲᠡᠭᠡᠳ ᠲᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ | ᠲᠡᠵᠢᠭᠡᠵᠦ ᠪᠠᠶᠢᠭ᠎ᠠ ᠬᠥᠮᠥᠰ ᠢ ᠪᠠᠭᠲᠠᠭᠠᠬᠤ ᠦᠭᠡᠢ᠂ ᠲᠤᠬᠠᠶᠢᠯᠠᠪᠠᠯ ᠤᠯᠤᠰ ᠤᠨ ᠠᠯᠪᠠᠲᠠᠨ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ | ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ | ᠳᠦᠷᠢᠮᠲᠦ ᠠᠵᠢᠯᠲᠠᠨ ᠠᠵᠢᠯᠴᠢᠨ ᠢ ᠪᠠᠭᠲᠠᠭᠠᠨ᠎ᠠ︶ ᠢ ᠨᠥᠬᠦᠪᠦᠷᠢ ᠣᠯᠭᠤᠬᠤ ᠡᠲᠡᠭᠡᠳ ᠲᠤ ᠣᠷᠣᠭᠤᠯᠬᠤ ᠦᠭᠡᠢ᠃ | ᠲᠠᠪᠤ᠂ ᠨᠥᠬᠦᠪᠦᠷᠢ ᠥᠭᠬᠦ ᠪᠠᠷᠢᠮᠵᠢᠶ᠎ᠠ | ︵ᠨᠢᠭᠡ︶ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠠᠷᠢᠮᠵᠢᠶ᠎ᠠ᠃ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠦᠭᠭᠦ | ᠬᠡᠷᠡᠭᠵᠢᠭᠦᠯᠬᠦ ᠲᠥᠰᠥᠯ ᠪᠠ ᠨᠥᠬᠦᠪᠦᠷᠢᠯᠡᠵᠦ ᠨᠡᠶᠢᠳᠡᠯᠡᠭᠰᠡᠡ ᠠᠯᠪᠠᠨ ᠵᠠᠷ ᠤᠨ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠨᠥᠬᠦᠪᠦᠷᠢ ᠶᠢᠨ ᠪᠡᠯᠡ ᠮᠥᠩᠭᠦ ᠶᠢ ᠤᠷᠢᠳᠠᠪᠡᠷ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠡᠪᠴᠢᠶᠡᠵᠢᠭᠦᠯᠦᠭᠰᠡᠨ ᠮᠠᠯ ᠲᠡᠵᠢᠬᠡᠪᠤᠷᠢ ᠳᠤ ᠬᠡᠷᠡᠭᠰᠡᠬᠦ ᠡᠪᠡᠰᠦ | ᠪᠣᠷᠳᠤᠭ᠎ᠠ ᠶᠢ ᠬᠤᠷᠢᠶᠠᠬᠤ᠂ ᠡᠳ᠋ᠰᠢᠭᠦᠯᠬᠦ᠂ ᠲᠡᠵᠢᠭᠡᠬᠦ ᠲᠥᠬᠦᠭᠡᠷᠦᠮᠵᠢ ᠵᠡᠷᠭᠡ ᠮᠠᠰᠢᠨ ᠮᠧᠬᠠᠨᠢᠭ ᠤᠨ ᠨᠥᠬᠦᠪᠦᠷᠢ ᠦᠭᠭᠦ ᠳᠤ ᠨᠥᠬᠦᠪᠦᠷᠢᠯᠡᠨ᠎ᠡ᠃ | ︵ᠬᠤᠶᠠᠷ︶ ᠬᠤᠰᠢᠭᠤ ᠱᠠᠲᠤᠨ ᠤ ᠨᠥᠬᠦᠪᠦᠷᠢ ᠶᠢᠨ ᠪᠠᠷᠢᠮᠵᠢᠶ᠎ᠠ᠃ | ⒈ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ᠂ | ᠲᠠᠷᠢᠶᠠᠯᠠᠩ ᠤᠨ ᠮᠠᠰᠢᠨ ᠢᠶᠠᠷ ᠬᠦᠷᠦᠰᠤ ᠰᠢᠷᠣᠢ ᠶᠢ ᠰᠤᠯᠠᠷᠠᠭᠤᠯᠬᠤ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ᠂ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠬᠡᠷᠡᠭᠰᠡᠬᠦ ᠲᠠᠷᠢᠶᠠᠯᠠᠩ ᠤᠨ ᠮᠠᠰᠢᠨ ᠪᠠᠭᠠᠵᠢ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠨᠢ ᠲᠥᠪ᠂ ᠥᠪᠡᠷᠲᠡᠭᠡᠨ ᠵᠠᠰᠠᠬᠤ ᠣᠷᠣᠨ ᠤ | ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ ᠬᠤᠰᠢᠭᠤ ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 40% ᠪᠣᠯᠣᠨ᠎ᠠ᠃ | | ⒉ᠮᠠᠨ ᠤ ᠬᠤᠰᠢᠭᠤᠨ ᠤ ᠠᠯᠠᠰᠢᠨ ᠦᠬᠡᠷ᠂ ᠠᠯᠠᠰᠢᠨ ᠬᠤᠨᠢ᠂ ᠤᠰᠤᠨ ᠲᠤᠲᠤᠷᠭ᠎ᠠ᠂ ᠬᠤᠯᠢᠮᠠᠭ ᠠᠮᠤ᠂ ᠲᠦᠬᠦᠬᠡᠷᠤᠮᠵᠢᠲᠤ ᠢᠳᠡᠰᠢᠨ ᠨᠣᠭᠤᠭ᠎ᠠ᠂ | ᠠᠦ᠋ᠲ᠋ᠤ᠋ ᠨᠣᠭᠤᠭᠠᠨ ᠪᠣᠷᠳᠤᠭ᠎ᠠ ᠬᠤᠷᠢᠶᠠᠬᠤ ᠮᠠᠰᠢᠨ ︵2.6m ᠵᠢᠴᠢ ᠲᠡᠭᠦᠨ ᠠᠴᠠ ᠳᠡᠭᠡᠭᠰᠢᠬᠢ ᠠᠦ᠋ᠲ᠋ᠤ᠋ ᠲᠣᠭᠤᠷᠢᠭ ᠬᠡᠯᠪᠡᠷᠢ ᠶᠢᠨ ᠨᠣᠭᠤᠭᠠᠨ ᠪᠣᠷᠳᠤᠭ᠎ᠠ | ᠬᠤᠷᠢᠶᠠᠬᠤ ᠮᠠᠰᠢᠨ᠂ ᠬᠤᠣᠰ ᠪᠤᠯᠤᠲᠤ ᠮᠥᠬᠦᠯᠢᠭ ᠬᠡᠮᠬᠡᠯᠡᠬᠦ ᠮᠠᠰᠢᠨ︶᠂ ᠬᠠᠷᠭᠠᠨ᠎ᠠ ᠲᠠᠭᠠᠷᠢᠬᠤ ᠵᠡᠷᠭᠡ ᠳᠤ ᠬᠡᠷᠡᠭᠰᠡᠬᠦ ᠲᠠᠷᠢᠶᠠᠯᠠᠩ ᠤᠨ ᠮᠠᠰᠢᠨ ᠪᠠᠭᠠᠵᠢ ᠨᠢ | ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ ᠬᠤᠰᠢᠭᠤ ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ | ᠪᠣᠷᠣᠯᠠᠭᠤᠯᠤᠯᠲᠠ ᠶᠢᠨ ᠦᠨ᠎ᠡ ᠶᠢᠨ 30% ᠪᠣᠯᠣᠨ᠎ᠠ᠃ | ⒊ᠮᠠᠯ ᠠᠵᠤ ᠠᠬᠤᠢ ᠶᠢᠨ ᠬᠡᠪᠴᠢᠶᠡᠵᠢᠭᠦᠯᠦᠭᠰᠡᠨ ᠲᠡᠵᠢᠭᠡᠨ ᠮᠠᠯᠵᠢᠬᠤ ᠲᠤᠨᠤᠭ ᠲᠥᠬᠦᠭᠡᠷᠦᠮᠵᠢ ᠶᠢ ᠪᠥᠬᠦ ᠬᠤᠰᠢᠭᠤᠨ ᠤ ᠳᠠᠷᠢᠵᠤ ᠲᠡᠵᠢᠭᠡᠨ ᠮᠠᠯᠵᠢᠬᠤ | ᠲᠣᠮᠣ ᠡᠷᠦᠬᠡ ᠳᠤ ᠳᠡᠯᠭᠡᠷᠡᠭᠦᠯᠬᠦ ᠳᠤ ᠲᠥᠪ ᠪᠠ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢ ᠤᠷᠢᠳᠠᠪᠠᠷ ᠭᠥᠷᠳᠡᠨ᠎ᠡ᠃ ᠬᠤᠰᠢᠭᠤ | ᠲᠠᠰ ᠤᠨ ᠨᠡᠮᠡᠯᠳᠡ ᠨᠥᠬᠦᠪᠦᠷᠢ ᠶᠢ ᠨᠢᠭᠡ ᠳᠤ ᠠᠦ᠋ᠲ᠋ᠣᠴᠢᠯᠠᠭᠰᠠᠨ ᠲᠡᠵᠢᠭᠡᠨ ᠪᠤᠷᠳᠤᠬᠤ ᠮᠠᠰᠢᠨ ᠳᠤ ᠣᠯᠭᠤᠵᠦ ᠠᠵᠢᠯᠯᠠᠬᠤ ᠲᠠᠯᠠᠪᠤᠷ ᠤᠨ ᠣᠷᠳᠣ ᠶᠢᠨ | ᠬᠡᠮᠵᠢᠶ᠎ᠡ ᠨᠢ ᠬᠠᠮᠤᠭ ᠳᠣᠣᠷ᠎ᠠ ᠳᠠᠭᠠᠨ 40 ᠮᠧᠲᠷ ᠪᠠᠶᠢᠬᠤ ᠶᠢ ᠱᠠᠭᠠᠷᠳᠠᠨ᠂ 30 ᠰᠠᠭᠤᠷᠢ ︵ᠢᠵᠢ︶ ᠳᠤ ᠨᠥᠬᠦᠪᠦᠷᠢ ᠤᠯᠭᠤᠵᠦ᠂ ᠰᠠᠭᠤᠷᠢ ︵ᠢᠵᠢ︶ | ᠪᠦᠷᠢ ᠳᠤ 1 ᠲᠦᠮᠡᠨ ᠲᠥᠭᠦᠷᠢᠭ ᠤᠨ ᠨᠥᠬᠦᠪᠦᠷᠢ ᠥᠭᠬᠦᠨ᠎ᠡ︔ ᠬᠤᠶᠠᠷ ᠲᠤ᠂ ᠲᠡᠵᠢᠭᠡᠯ ᠪᠣᠷᠳᠤᠭ᠎ᠠ ᠬᠤᠯᠢᠬᠤ ᠮᠠᠰᠢᠨ ᠤ ᠪᠠᠭᠲᠠᠭᠠᠮᠵᠢ ᠨᠢ ᠬᠠᠮᠤᠭ ᠤᠨ | ᠳᠣᠣᠷ᠎ᠠ ᠳᠠᠭᠠᠨ 5 ᠪᠤᠰᠤᠭ᠎ᠠ ᠲᠦᠷᠪᠡᠯᠵᠢᠨ ᠮᠧᠲᠷ ᠪᠠᠶᠢᠵᠦ᠂ 100 ᠰᠠᠭᠤᠷᠢ ᠳᠤ ᠨᠦᠬᠦᠪᠦᠷᠢ ᠤᠯᠭᠤᠵᠦ᠂ ᠰᠠᠭᠤᠷᠢ ᠪᠦᠷᠢ ᠳᠤ 0.9 ᠲᠦᠮᠡᠨ | ᠲᠥᠭᠦᠷᠢᠭ ᠤᠨ ᠨᠥᠬᠦᠪᠦᠷᠢ ᠥᠭᠬᠦᠨ᠎ᠡ︔ ᠭᠤᠷᠪᠠ ᠳᠤ᠂ ᠦᠬᠡᠷ ᠮᠣᠷᠢ ᠬᠠᠭᠠᠬᠤ ᠲᠠᠯᠪᠢᠭᠤᠷ ᠢ 30 ᠢᠵᠢ ᠳᠤ ︵ᠵᠦᠪᠬᠡᠨ ᠥᠪᠡᠷᠲᠡᠭᠡᠨ ᠵᠠᠰᠠᠬᠤ ᠣᠷᠣᠨ | ᠨᠥᠬᠦᠪᠦᠷᠢ ᠤᠯᠭᠤᠬᠤ ᠦᠢᠯᠡᠳᠬᠦᠨ︶ ᠨᠥᠬᠦᠪᠦᠷᠢ ᠤᠯᠭᠤᠵᠦ᠂ ᠢᠵᠢ ᠪᠦᠷᠢ ᠳᠤ 0.2 ᠲᠦᠮᠡᠨ ᠲᠥᠭᠦᠷᠢᠭ ᠨᠥᠬᠦᠪᠦᠷᠢᠯᠡᠨ᠎ᠡ᠃ | ⒋ᠠᠮᠤ ᠪᠤᠳᠠᠭ᠎ᠠ ᠶᠢ ᠦᠢᠯᠡᠳᠪᠦᠷᠢᠯᠡᠭᠰᠡᠨ ᠤ ᠳᠠᠷᠠᠭ᠎ᠠ ᠬᠡᠷᠡᠭᠰᠡᠬᠦ ᠤᠰᠤᠨ ᠲᠤᠲᠤᠷᠭ᠎ᠠ ᠶᠢᠨ ᠨᠠᠷᠢᠯᠢᠭ ᠡᠳ᠋ᠰᠢᠭᠦᠯᠭᠡ᠂ ᠰᠢᠨ᠎ᠡ ᠰᠣᠷᠭᠤᠭ ᠡᠷᠳᠡᠨᠢ | ᠰᠢᠰᠢ᠂ ᠠᠮᠤ ᠪᠤᠳᠠᠭ᠎ᠠ ᠬᠠᠭᠰᠠᠭᠠᠵᠦ ᠬᠠᠲᠠᠭᠠᠬᠤ ᠮᠠᠰᠢᠨ ᠨᠢ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ | ᠬᠤᠰᠢᠭᠤ ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 30% ᠪᠣᠯᠣᠨ᠎ᠠ᠃ | ⒌ᠲᠣᠭᠠᠴᠢᠯᠠᠭᠰᠠᠨ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢ 3 ᠭᠤᠣᠯᠳᠠᠯᠭ᠎ᠠ ᠲᠠᠢ ᠲᠡᠳᠬᠦᠵᠦ᠂ ᠡᠷᠦᠬᠡ | ᠪᠦᠷᠢ ᠳᠤ 12 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠬᠤᠷᠰᠢᠶᠠᠵᠢᠯ ᠤᠨ ᠲᠣᠭᠠᠴᠢᠯᠠᠭᠰᠠᠨ᠂ ᠣᠶᠤᠨᠴᠢᠯᠠᠭᠰᠠᠨ | ᠬᠥᠭᠵᠢᠯᠲᠡ ᠶᠢᠨ ᠪᠦᠲᠦᠭᠡᠨ ᠪᠠᠶᠢᠭᠤᠯᠤᠯᠲᠠ᠂ ᠲᠣᠮᠣ ᠬᠡᠯᠪᠡᠷᠢ ᠶᠢᠨ ᠣᠶᠤᠨᠴᠢᠯᠠᠭᠰᠠᠨ ᠮᠠᠰᠢᠨ ᠬᠤᠳᠠᠯᠳᠤᠨ ᠠᠪᠬᠤ ︵ᠲᠥᠪ᠂ ᠥᠪᠡᠷᠲᠡᠭᠡᠨ ᠵᠠᠰᠠᠬᠤ | ᠣᠷᠣᠨ ᠤ ᠨᠡᠮᠡᠯᠳᠡ ᠨᠥᠬᠦᠪᠦᠷᠢ ᠶᠢ ᠭᠥᠷᠳᠡᠵᠦ ᠪᠣᠯᠣᠨ᠎ᠠ︶ ᠪᠠ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ | ᠬᠡᠷᠡᠭᠯᠡᠨ᠎ᠡ᠃ | ⒍ᠨᠢᠭᠡᠨᠲᠡ ᠬᠢᠨᠠᠨ ᠬᠠᠷᠭᠤᠭᠤᠯᠤᠭᠰᠠᠨ ᠪᠤᠶᠤ ᠨᠢᠭᠡᠨᠲᠡ ᠵᠠᠷᠯᠠᠨ ᠨᠡᠶᠢᠲᠡᠯᠡᠭᠰᠡᠨ 2022 ᠣᠨ ᠳᠤ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ | ᠬᠤᠷᠰᠢᠶᠠᠵᠢᠯ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠬᠤᠰᠢᠭᠤ ᠲᠠᠰ ᠤᠨ ᠨᠥᠬᠦᠪᠦᠷᠢ ᠭᠥᠷᠳᠡᠭᠰᠡᠨ ᠦᠭᠡᠢ ᠲᠠᠷᠢᠶᠠᠯᠠᠩ ᠤᠨ ᠮᠠᠰᠢᠨ | ᠪᠠᠭᠠᠵᠢ ᠶᠢ ᠭᠤᠣᠯᠳᠠᠯᠭ᠎ᠠ ᠲᠠᠢ ᠳᠡᠮᠵᠢᠵᠦ᠂ ᠨᠥᠬᠦᠪᠦᠷᠢ ᠶᠢᠨ ᠬᠠᠷᠢᠴᠠᠯ ᠢ 2022 ᠣᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ⒎ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠳᠤ ᠲᠣᠭᠠᠴᠢᠯᠠᠭᠰᠠᠨ᠂ ᠣᠶᠤᠨᠴᠢᠯᠠᠭᠰᠠᠨ ᠬᠢᠷᠢ ᠬᠡᠮᠵᠢᠶ᠎ᠡ ᠪᠠᠷ | ᠨᠡᠯᠢᠶᠡᠳ ᠥᠨᠳᠥᠷ 6 ᠮᠥᠷ ᠵᠢᠴᠢ 6 ᠮᠥᠷ ᠠᠴᠠ ᠳᠡᠭᠡᠭᠰᠢ᠂ ᠠᠵᠢᠯ ᠤᠨ ᠬᠡᠪᠴᠢᠶ᠎ᠡ ᠨᠢ 3.8m ᠠᠴᠠ ᠳᠡᠭᠡᠭᠰᠢᠬᠢ ᠲᠣᠮᠣ ᠬᠡᠯᠪᠡᠷᠢ ᠶᠢᠨ ᠡᠷᠳᠡᠨᠢ | ᠰᠢᠰᠢ ᠶᠢᠨ ᠦᠷ᠎ᠡ ᠬᠤᠷᠢᠶᠠᠬᠤ ᠮᠠᠰᠢᠨ ᠢ 2 ᠰᠠᠭᠤᠷᠢ ᠣᠷᠣᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ | ᠬᠤᠰᠢᠭᠤᠨ ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 50% ᠪᠣᠯᠣᠨ᠎ᠠ᠃ | ᠵᠢᠷᠭᠤᠭ᠎ᠠ᠂ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | 2023 ᠣᠨ ᠳᠤ ᠬᠤᠰᠢᠭᠤ ᠱᠠᠲᠤᠨ ᠤ ᠡᠳ᠋ ᠤᠨ ᠵᠠᠰᠠᠭ ᠠᠴᠠ 580 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠣᠬᠢᠷᠠᠭᠤᠯᠤᠨ᠎ᠠ᠃ ᠬᠤᠰᠢᠭᠤ | ᠲᠠᠰ ᠤᠨ ᠨᠡᠮᠡᠵᠦ ᠨᠦᠬᠦᠪᠦᠷᠢᠯᠡᠬᠦ ᠲᠠᠰ ᠳᠠᠷᠠᠭᠠᠯᠠᠯ ᠨᠢ ᠭᠤᠶᠤᠴᠢᠯᠠᠯ ᠤᠨ ᠭᠡᠷᠡᠴᠢ ᠪᠣᠯᠣᠨ ᠮᠠᠰᠢᠨ ᠬᠤᠳᠠᠯᠳᠤᠨ ᠠᠪᠤᠭᠰᠠᠨ ᠪᠠᠷᠢᠮᠲᠠ ᠪᠢᠴᠢᠬᠦ ᠴᠠᠭ ᠤᠨ | ᠡᠮᠦᠨ᠎ᠡ ᠬᠤᠶᠢᠨᠠᠬᠢ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠨᠥᠬᠦᠪᠦᠷᠢ ᠶᠢᠨ ᠭᠤᠶᠤᠴᠢᠯᠠᠯ ᠢ ᠪᠢᠴᠢᠵᠦ ᠣᠷᠣᠭᠤᠯᠤᠨ᠎ᠠ᠂ ᠬᠡᠷᠡᠭᠵᠢᠭᠦᠯᠬᠦ ᠶᠠᠪᠤᠴᠠ ᠳᠤ ᠪᠣᠳᠠᠲᠠᠢ | ᠬᠡᠷᠡᠭᠴᠡᠭᠡ ᠶᠢ ᠦᠨᠳᠦᠰᠦᠯᠡᠨ᠂ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠬᠠᠷᠢᠯᠴᠠᠨ ᠲᠣᠬᠢᠷᠠᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ | ᠨᠥᠬᠦᠵᠦ ᠳᠠᠭᠤᠰᠲᠠᠯ᠎ᠠ ᠬᠠᠷᠢᠯᠴᠠᠨ ᠲᠣᠬᠢᠷᠠᠭᠤᠯᠤᠨ᠎ᠠ᠂ ᠭᠡᠪᠡᠴᠦ ᠬᠡᠷᠡᠭᠵᠢᠭᠦᠯᠬᠦ ᠪᠠᠷᠢᠮᠵᠢᠶ᠎ᠠ ᠪᠣᠯᠣᠨ ᠶᠡᠷᠦᠩᠬᠡᠢ ᠲᠤᠭ᠎ᠠ ᠶᠢ ᠬᠤᠪᠢᠷᠠᠭᠤᠯᠬᠤ ᠦᠭᠡᠢ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠤᠭᠤᠳ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠬᠢᠷᠢ ᠬᠡᠮ ᠤᠨ ᠭᠡᠷᠡᠴᠢ᠂ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠨ᠎ᠠ᠃ | | ︵ᠬᠤᠶᠠᠷ︶ ᠮᠠᠯᠴᠢᠨ ᠲᠠᠷᠢᠶᠠᠴᠢᠨ ᠬᠤᠪᠢ ᠬᠥᠮᠥᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠬᠤ ᠳᠤ᠂ ᠡᠷᠬᠡᠪᠰᠢ ᠥᠪᠡᠷᠲᠡᠭᠡᠨ | ᠵᠠᠰᠠᠬᠤ ᠣᠷᠣᠨ ᠤ ᠨᠢᠭᠡᠳᠦᠯᠲᠡᠢ ᠦᠢᠯᠡᠳᠴᠦ ᠣᠯᠭᠤᠭᠰᠠᠨ ᠨᠤᠲᠤᠭ ᠪᠡᠯᠴᠢᠭᠡᠷ ᠤᠨ ᠦᠨᠡᠮᠯᠡᠯ ᠤᠨ ᠤᠭ ᠮᠠᠲ᠋ᠧᠷᠢᠶᠠᠯ ᠢ ᠬᠠᠮᠲᠤ ᠳᠤᠨᠢ ᠬᠠᠩᠭᠠᠨ᠎ᠠ︔ | ᠬᠠᠮᠲᠤ ᠪᠠᠷ ᠬᠡᠷᠡᠭᠯᠡᠬᠦ ᠨᠤᠲᠤᠭ ᠪᠡᠯᠴᠢᠭᠡᠷ ᠤᠨ ᠦᠨᠡᠮᠯᠡᠯ ᠢ ᠡᠷᠦᠬᠡ ᠳᠤ ᠬᠤᠪᠢᠶᠠᠭᠰᠠᠨ ᠪᠤᠶᠤ ᠨᠤᠲᠤᠭ ᠪᠡᠯᠴᠢᠭᠡᠷ ᠤᠨ ᠦᠨᠡᠮᠯᠡᠯ ᠢ ᠡᠷᠦᠬᠡ ᠳᠤ ᠣᠯᠭᠤᠭᠰᠠᠨ | ᠦᠭᠡᠢ ᠪᠣᠯ ᠬᠠᠮᠲᠤ ᠪᠠᠷ ᠬᠡᠷᠡᠭᠯᠡᠬᠦ ᠨᠤᠲᠤᠭ ᠪᠡᠯᠴᠢᠭᠡᠷ ᠤᠨ ᠦᠨᠡᠮᠯᠡᠯ ᠤᠨ ᠤᠭ ᠮᠠᠲ᠋ᠧᠷᠢᠶᠠᠯ ᠵᠢᠴᠢ ᠮᠠᠰᠢᠨ ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ | ᠪᠠᠯᠭᠠᠰᠤ ᠪᠤᠶᠤ ᠭᠠᠴᠠᠭ᠎ᠠ ᠲᠣᠰᠬᠤᠨ ᠤ ᠭᠠᠷᠭᠠᠭᠰᠠᠨ ᠪᠢᠴᠢᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃ | ︵ᠭᠤᠷᠪᠠ︶ ᠳᠠᠷᠢᠵᠤ ᠲᠡᠵᠢᠭᠡᠨ ᠮᠠᠯᠵᠢᠬᠤ ᠲᠣᠮᠣ ᠡᠷᠦᠬᠡ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠨᠢ ᠮᠠᠯ ᠠᠵᠤ ᠠᠬᠤᠢ ᠶᠢᠨ ᠮᠠᠰᠢᠨ ᠬᠤᠳᠠᠯᠳᠤᠨ ᠠᠪᠬᠤ ᠳᠤ ᠡᠷᠬᠡᠪᠰᠢ ᠪᠠᠶᠢᠭ᠎ᠠ ᠰᠤᠮᠤ ᠪᠠᠯᠭᠠᠰᠣᠨ ᠤ ᠵᠠᠰᠠᠭ ᠤᠨ ᠣᠷᠳᠣᠨ ᠪᠠ ᠭᠠᠴᠠᠭ᠎ᠠ | ᠲᠣᠰᠬᠤᠨ ᠤ ᠭᠠᠷᠭᠠᠭᠰᠠᠨ 30 ᠲᠣᠯᠣᠭᠠᠢ ᠠᠴᠠ ᠳᠡᠭᠡᠭᠰᠢᠬᠢ ᠴᠢᠨᠠᠷ ᠰᠠᠶᠢᠲᠠᠢ ᠠᠯᠠᠰᠢᠨ ᠦᠬᠡᠷ ᠪᠤᠶᠤ 100 ᠲᠣᠯᠣᠭᠠᠢ ᠠᠴᠠ ᠳᠡᠭᠡᠭᠰᠢᠬᠢ ᠴᠢᠨᠠᠷ ᠰᠠᠶᠢᠲᠠᠢ | ᠠᠯᠠᠰᠢᠨ ᠬᠤᠨᠢ ᠲᠡᠵᠢᠭᠡᠨ ᠮᠠᠯᠵᠢᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃ | ︵ᠳᠥᠷᠪᠡ︶ ᠬᠤᠰᠢᠭᠤ ᠲᠠᠰ ᠤᠨ ᠨᠥᠬᠦᠪᠦᠷᠢ ᠶᠢ ᠭᠥᠷᠳᠡᠵᠦ ᠬᠤᠳᠠᠯᠳᠤᠨ ᠠᠪᠤᠭᠰᠠᠨ ᠲᠠᠷᠢᠶᠠᠯᠠᠩ ᠤᠨ ᠮᠠᠰᠢᠨ ᠪᠠᠭᠠᠵᠢ ᠶᠢ 3 ᠵᠢᠯ ᠤᠨ ᠳᠣᠲᠣᠷ᠎ᠠ | ᠰᠢᠯᠵᠢᠭᠦᠯᠵᠦ ᠪᠣᠯᠬᠤ ᠦᠭᠡᠢ᠂ ᠡᠭᠦᠨ ᠤ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠬᠦᠯᠢᠶᠡᠵᠦ᠂ ᠨᠥᠬᠦᠪᠦᠷᠢ ᠤᠯᠭᠤᠭᠰᠠᠨ ᠮᠠᠰᠢᠨ | ᠪᠠᠭᠠᠵᠢ ᠶᠢ ᠰᠢᠯᠵᠢᠭᠦᠯᠵᠦ ᠥᠭᠬᠦ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ ᠣᠯᠵᠤ ᠮᠡᠳᠡᠪᠡᠯ ᠳᠠᠷᠠᠭ᠎ᠠ ᠨᠢᠭᠡ ᠵᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠬᠠᠷ᠎ᠠ ᠲᠠᠩᠰᠠᠨ ᠳᠤ ᠣᠷᠣᠭᠤᠯᠤᠨ᠎ᠠ᠃ | ︵ᠲᠠᠪᠤ︶ ᠫᠠᠶᠢᠰᠠ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠮᠠᠰᠢᠨ ᠪᠠᠭᠠᠵᠢ ᠬᠤᠳᠠᠯᠳᠤᠨ ᠠᠪᠬᠤ ᠳᠤ᠂ ᠥᠮᠴᠢᠯᠡᠭᠴᠢ ᠨᠢ | ᠬᠤᠰᠢᠭᠤ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠳᠠᠰᠤᠭ ᠲᠤ ᠭᠤᠶᠤᠴᠢᠯᠠᠨ | ᠳᠠᠩᠰᠠᠯᠠᠭᠤᠯᠵᠤ ᠲᠡᠮᠳᠡᠭᠯᠡᠭᠦᠯᠦᠨ᠎ᠡ᠃ ᠨᠥᠬᠦᠪᠦᠷᠢ ᠥᠭᠬᠦ ᠨᠡᠷᠡᠰ ᠤᠨ ᠬᠡᠪᠴᠢᠶᠡᠨ ᠳᠤ ᠪᠠᠶᠢᠭ᠎ᠠ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ ᠮᠧᠬᠠᠨᠢᠭ | ᠪᠠᠭᠠᠵᠢ ᠶᠢ ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠶᠢᠪᠠᠯ ᠨᠥᠬᠦᠪᠦᠷᠢ ᠥᠭᠬᠦ ᠦᠭᠡᠢ᠃ | ᠲᠤᠯᠤᠭ᠎ᠠ᠂ ᠨᠥᠬᠦᠪᠦᠷᠢ ᠥᠭᠬᠦ ᠮᠠᠰᠢᠨ ᠤ ᠲᠤᠭ᠎ᠠ ᠬᠡᠮᠵᠢᠶ᠎ᠡ | ᠮᠠᠰᠢᠨ ᠬᠤᠳᠠᠯᠳᠤᠨ ᠠᠪᠤᠭᠴᠢ ᠶᠢᠨ ᠣᠨ ᠤ ᠨᠥᠬᠦᠪᠦᠷᠢ ᠭᠥᠷᠳᠡᠬᠦ ᠮᠠᠰᠢᠨ ᠬᠤᠳᠠᠯᠳᠤᠨ ᠠᠪᠬᠤ ᠲᠤᠭ᠎ᠠ ᠶᠢ ᠵᠣᠬᠢᠰᠲᠠᠢ ᠪᠠᠷ ᠠᠭᠤᠵᠢᠭᠤ ᠲᠠᠯᠪᠢᠵᠤ᠂ | ᠬᠤᠷᠰᠢᠶᠠᠵᠢᠯ ᠤᠨ ᠬᠤᠳᠠᠯᠳᠤᠨ ᠠᠪᠬᠤ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠵᠠᠷᠴᠢᠮ ᠳᠡᠭᠡᠷ᠎ᠡ ᠪᠠᠨ 1 ᠢᠵᠢ ᠠᠴᠠ | ᠬᠡᠲᠦᠷᠡᠭᠦᠯᠵᠦ ᠪᠣᠯᠬᠤ ᠦᠭᠡᠢ᠃ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠨᠥᠬᠦᠪᠦᠷᠢ ᠬᠦᠷᠳᠡᠬᠦ ᠪᠡᠯᠡ ᠮᠥᠩᠭᠦ ᠶᠢ 100 | ᠲᠦᠮᠡᠨ ᠲᠥᠭᠦᠷᠢᠭ ᠠᠴᠠ ᠳᠡᠭᠡᠭᠰᠢ ᠬᠦᠷᠭᠡᠵᠦ᠂ ᠬᠤᠪᠢ ᠶᠢᠨ ᠮᠠᠯᠴᠢᠨ ᠲᠠᠷᠢᠶᠠᠴᠢᠨ ᠤ ᠣᠨ ᠤ ᠨᠥᠬᠦᠪᠦᠷᠢ ᠬᠦᠷᠳᠡᠬᠦ ᠪᠡᠯᠡ ᠮᠥᠩᠭᠦ ᠶᠢ 40 ᠲᠦᠮᠡᠨ | ᠲᠥᠭᠦᠷᠢᠭ ᠠᠴᠠ ᠳᠡᠭᠡᠭᠰᠢ ᠬᠦᠷᠭᠡᠵᠦ᠂ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠤᠳᠤᠷᠢᠳᠬᠤ ᠳᠤᠭᠤᠶᠢᠯᠠᠩ ᠠᠴᠠ | ᠰᠤᠳᠤᠯᠤᠨ ᠲᠣᠭᠲᠠᠭᠠᠬᠤ ᠶᠢᠨ ᠬᠠᠮᠲᠤ᠂ ᠬᠤᠲᠠ ᠶᠢᠨ ᠲᠠᠷᠢᠶᠠᠯᠠᠩ ᠤᠨ ᠮᠠᠰᠢᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ | ᠭᠤᠣᠯᠳᠠᠯᠭ᠎ᠠ ᠲᠠᠢ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠤᠨ᠎ᠠ᠃ | ᠨᠠᠢᠮᠠ᠂ ᠠᠵᠢᠯᠯᠠᠬᠤ ᠶᠠᠪᠤᠴᠠ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ︽ᠥᠪᠡᠰᠦᠪᠡᠨ ᠮᠠᠰᠢᠨ ᠬᠤᠳᠠᠯᠳᠤᠨ ᠠᠪᠬᠤ᠂ | ᠲᠣᠭᠲᠠᠭᠰᠠᠨ ᠨᠣᠷᠮ᠎ᠠ ᠪᠠᠷ ᠨᠥᠬᠦᠪᠦᠷᠢ ᠥᠭᠬᠦ᠂ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠦᠷᠢ ᠥᠭᠬᠦ᠂ ᠬᠤᠰᠢᠭᠤ ᠰᠢᠶᠠᠨ ᠤ ᠱᠠᠲᠤᠨ ᠠᠴᠠ | ᠳ᠋ᠦᠩᠨᠡᠨ ᠪᠤᠳᠤᠬᠤ᠂ ᠰᠢᠭᠤᠳ ᠨᠥᠬᠦᠪᠦᠷᠢᠯᠡᠵᠦ ᠺᠠᠷᠲ ︵ᠡᠷᠦᠬᠡ︶ ᠳᠤ ᠤᠷᠤᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠮᠠᠰᠢᠨ ᠬᠤᠳᠠᠯᠳᠤᠨ | ᠠᠪᠤᠭᠴᠢ ᠮᠠᠰᠢᠨ ᠪᠠᠭᠠᠵᠢ ᠪᠠᠨ ᠦᠪᠡᠷᠳᠡᠭᠡᠨ ᠡᠵᠡᠨ ᠮᠡᠳᠡᠨ ᠰᠣᠩᠭᠤᠵᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠥᠪᠡᠰᠦᠪᠡᠨ ᠲᠠᠷᠢᠶᠠᠯᠠᠩ ᠤᠨ ᠮᠠᠰᠢᠨ | ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠲᠠᠢ ᠵᠥᠪᠳᠡᠯᠴᠡᠵᠦ ᠪᠠᠶᠢᠭᠠᠳ ᠮᠠᠰᠢᠨ ᠬᠤᠳᠠᠯᠳᠤᠨ ᠠᠪᠬᠤ ᠦᠨ᠎ᠡ ᠬᠠᠩᠰᠢ ᠪᠣᠯᠣᠨ ᠲᠥᠯᠥᠬᠦ ᠠᠷᠭ᠎ᠠ | ᠮᠠᠶ᠋ᠢᠭ ᠢ ᠲᠣᠭᠲᠠᠭᠠᠬᠤ ᠶᠢᠨ ᠬᠠᠮᠲᠤ ᠠᠷᠠᠯᠵᠢᠶᠠᠯᠠᠬᠤ ᠠᠵᠢᠯᠯᠠᠭ᠎ᠠ ᠶᠢᠨ ᠦᠨᠡᠨ ᠪᠣᠳᠠᠲᠤ ᠴᠢᠨᠠᠷ᠂ ᠦᠷ᠎ᠡ ᠪᠦᠲᠦᠮᠵᠢᠲᠦ ᠴᠢᠨᠠᠷ ᠪᠣᠯᠣᠨ ᠡᠭᠦᠰᠴᠦ ᠮᠡᠳᠡᠬᠦ | ᠵᠢᠭᠤᠷᠠᠯᠳᠤᠭᠠᠨ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠮᠠᠰᠢᠨ ᠢᠶᠠᠨ ᠬᠤᠳᠠᠯᠳᠤᠨ ᠠᠪᠤᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ | ᠡᠵᠡᠨ ᠮᠠᠲᠠᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠨᠥᠬᠦᠪᠦᠷᠢ ᠶᠢᠨ ᠪᠡᠯᠡ ᠮᠥᠩᠭᠦ ᠭᠤᠶᠤᠴᠢᠯᠠᠨ ᠠᠪᠬᠤ ᠤᠴᠢᠷ ᠶᠠᠪᠤᠳᠠᠯ ᠢ | ᠳᠤᠷᠠᠳᠴᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ ᠳᠤ ᠭᠠᠷ ᠤᠨ ᠥᠰᠥᠭ ᠵᠢᠷᠤᠵᠤ | ᠬᠤᠳᠠᠯᠳᠤᠨ ᠠᠪᠬᠤ ᠠᠵᠢᠯᠯᠠᠭ᠎ᠠ᠂ ᠮᠠᠰᠢᠨ ᠬᠤᠳᠠᠯᠳᠤᠨ ᠠᠪᠤᠭᠰᠠᠨ ᠦᠨ᠎ᠡ ᠶᠢᠨ ᠪᠠᠷᠢᠮᠳᠠ ᠵᠡᠷᠭᠡ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ | ᠬᠦᠴᠦᠨ ᠲᠠᠢ ᠪᠠᠶᠢᠬᠤ ᠶᠢ ᠠᠮᠠᠯᠠᠵᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠭᠤᠶᠤᠴᠢᠯᠠᠨ᠎ᠠ᠃ | ︵ᠨᠢᠭᠡ︶ ᠮᠠᠰᠢᠨ ᠬᠤᠳᠠᠯᠳᠤᠨ ᠠᠪᠬᠤ ᠶᠢ ᠴᠢᠯᠦᠭᠡᠲᠡᠢ ᠪᠣᠯᠭᠠᠨ᠎ᠠ᠃ ᠮᠠᠰᠢᠨ ᠬᠤᠳᠠᠯᠳᠤᠨ ᠠᠪᠤᠭᠴᠢ ᠥᠪᠡᠷ ᠢᠶᠠᠨ ᠮᠠᠰᠢᠨ ᠰᠣᠩᠭᠤᠵᠤ ᠬᠤᠳᠠᠯᠳᠤᠨ | ᠠᠪᠴᠤ᠂ ᠤᠷᠢᠳ ᠢᠶᠠᠷ ᠮᠠᠰᠢᠨ ᠬᠤᠳᠠᠯᠳᠤᠨ ᠠᠪᠤᠭᠠᠳ ᠳᠠᠷᠠᠭ᠎ᠠ ᠨᠢ ᠭᠤᠶᠤᠴᠢᠯᠠᠨ᠎ᠠ᠃ ᠨᠥᠬᠦᠪᠦᠷᠢ ᠣᠯᠬᠤ ᠪᠠᠷ ᠭᠤᠶᠤᠴᠢᠯᠠᠭᠰᠠᠨ ᠮᠠᠰᠢᠨ ᠬᠤᠳᠠᠯᠳᠤᠨ | ᠠᠪᠤᠭᠴᠢ ᠪᠦᠬᠦᠨ ᠡᠷᠬᠡᠪᠰᠢ ᠪᠠᠷᠠᠭ᠎ᠠ ᠬᠠᠩᠭᠠᠬᠤ ᠠᠵᠤ ᠠᠬᠤᠶᠢᠯᠠᠯ ᠠᠴᠠ ᠪᠠᠷᠢᠮᠲᠠ ᠪᠣᠯᠣᠨ ᠬᠤᠳᠠᠯᠳᠤᠨ ᠠᠪᠤᠭᠰᠠᠨ ᠮᠠᠰᠢᠨ ᠪᠠᠭᠠᠵᠢ ᠶᠢᠨ ᠦᠨᠳᠦᠰᠦᠨ | ᠮᠡᠳᠡᠭᠡ ᠵᠠᠩᠭᠢ ᠶᠢᠨ ᠬᠠᠭᠤᠳᠠᠰᠤ ᠶᠢ ᠠᠪᠴᠤ᠂ ᠨᠥᠬᠦᠪᠦᠷᠢ ᠣᠯᠬᠤ ᠪᠠᠷ ᠭᠤᠶᠤᠴᠢᠯᠠᠬᠤ ᠳᠠᠭᠠᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠬᠠᠩᠭᠠᠵᠦ ᠬᠢᠨᠠᠨ ᠬᠠᠷᠭᠤᠭᠤᠯᠣᠭᠤᠯᠤᠨᠠ᠃ | ︵ᠬᠤᠶᠠᠷ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠮᠠᠰᠢᠨ ᠬᠤᠳᠠᠯᠳᠤᠨ ᠠᠪᠤᠭᠴᠢ ᠮᠠᠰᠢᠨ ᠬᠤᠳᠠᠯᠳᠤᠨ ᠠᠪᠤᠭᠰᠠᠨ ᠪᠠᠷᠢᠮᠲᠠ᠂ | ᠨᠥᠬᠦᠪᠦᠷᠢ ᠥᠭᠬᠦ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ | ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠲᠣᠬᠢᠷᠠᠬᠤ ᠺᠠᠷᠲ︾ ︵ᠪᠠᠩᠬᠢ ᠶᠢᠨ ᠺᠠᠷᠲ︶ ᠢᠶᠠᠨ ᠠᠪᠴᠤ ᠬᠤᠰᠢᠭᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠳᠤ ᠨᠥᠬᠦᠪᠦᠷᠢ ᠮᠥᠩᠭᠦ ᠭᠤᠶᠤᠴᠢᠯᠠᠨ ᠠᠪᠬᠤ ᠵᠦᠢᠯᠡᠰ ᠢᠶᠠᠨ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠬᠢᠯᠢ ᠶᠢᠨ | ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶᠠᠵᠢᠯ ᠪᠠ ᠪᠤᠰᠤᠳ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ ᠵᠣᠬᠢᠶᠠᠨ ᠪᠠᠶᠢᠭᠤᠯᠤᠯᠲᠠ | ᠶᠢᠨ ᠬᠠᠤᠯᠢ ᠶᠢᠨ ᠡᠷᠬᠡᠲᠡᠨ ᠤ ᠡᠷᠦᠬᠡ ᠠᠮᠠ ᠶᠢᠨ ᠲᠠᠩᠰᠠ ᠶᠢᠨ ᠭᠠᠵᠠᠷ ᠪᠤᠶᠤ ᠳᠠᠩᠰᠠᠯᠠᠭᠤᠯᠤᠭᠰᠠᠨ ᠭᠠᠵᠠᠷ ᠲᠤ ᠣᠴᠢᠵᠤ ᠨᠥᠬᠦᠪᠦᠷᠢ ᠭᠦᠢᠴᠡᠳᠬᠡᠵᠦ | ᠪᠣᠯᠣᠨ᠎ᠠ᠂ ᠪᠠᠰᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠣᠴᠢᠵᠤ ᠭᠦᠢᠴᠡᠳᠬᠡᠵᠦ ᠪᠣᠯᠣᠨ᠎ᠠ᠂ ᠣᠷᠣᠨ ︵ᠮᠤᠵᠢ︶ ᠠᠯᠤᠰᠯᠠᠨ ᠭᠦᠢᠴᠡᠳᠬᠡᠵᠦ ᠪᠣᠯᠬᠤ ᠦᠭᠡᠢ︔ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠬᠤ ᠳᠤ | ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠵᠤ᠂ ᠭᠠᠷᠲᠠᠨ ᠭᠦᠢᠴᠡᠳᠭᠡᠭᠴᠢ ᠨᠢ ᠲᠣᠰ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ | ᠭᠡᠷᠡᠴᠢ ᠶᠢ ᠬᠠᠩᠭᠠᠨ᠎ᠠ︔ ᠮᠠᠯᠴᠢᠳ ᠪᠣᠯᠣᠨ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠤᠭᠤᠳ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠦᠢᠯᠡᠳᠦᠨ ᠣᠯᠭᠤᠭᠰᠠᠨ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠦᠨᠡᠮᠯᠡᠯ ᠤᠨ ᠤᠭ ᠮᠠᠲ᠋ᠧᠷᠢᠶᠠᠯ ᠢ ᠬᠠᠮᠲᠤ ᠳᠤᠨᠢ ᠬᠠᠩᠭᠠᠵᠤ᠂ ᠡᠷᠥᠭᠡ ᠬᠤᠪᠢᠶᠠᠭᠰᠠᠨ ᠤ ᠲᠠᠷᠠᠭ᠎ᠠ ᠨᠡᠶᠢᠳᠡ ᠳᠤ | ᠬᠡᠷᠡᠭᠯᠡᠬᠦ ᠪᠡᠯᠴᠢᠭᠡᠷ ᠤᠨ ᠦᠨᠡᠮᠯᠡᠯ ᠪᠤᠶᠤ ᠡᠷᠤᠭᠡ ᠶᠢᠨ ᠪᠡᠯᠴᠢᠭᠡᠷ ᠤᠨ ᠦᠨᠡᠮᠯᠡᠯ ᠢ ᠣᠯᠭᠤᠭᠠᠳᠤᠢ ᠪᠣᠯ ᠨᠡᠶᠢᠳᠡ ᠳᠤ ᠬᠡᠷᠡᠭᠯᠡᠬᠦ ᠪᠡᠯᠴᠢᠭᠡᠷ ᠤᠨ ᠦᠨᠡᠮᠯᠡᠯ ᠤᠨ | ᠤᠭ ᠮᠠᠲ᠋ᠧᠷᠢᠶᠠᠯ ᠵᠢᠴᠢ ᠮᠠᠰᠢᠨ ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ ᠪᠤᠶᠤ ᠭᠠᠴᠠᠭ᠎ᠠ ᠲᠣᠰᠬᠤᠨ ᠠᠴᠠ ᠭᠠᠷᠭᠠᠵᠤ ᠥᠭᠭᠦᠭᠰᠡᠨ ᠪᠢᠴᠢᠭ ᠤᠨ ᠬᠡᠯᠪᠡᠷᠢ | ᠶᠢᠨ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠃ ᠮᠠᠰᠢᠨ ᠬᠤᠳᠠᠯᠳᠤᠨ ᠠᠪᠤᠭᠴᠢ ᠲᠣᠭᠲᠠᠭᠠᠯ ᠶᠣᠰᠣᠭᠠᠷ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ ᠲᠡᠭᠦᠨ ᠤ | ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ ᠪᠠ ᠨᠥᠬᠦᠪᠦᠷᠢ ᠥᠭᠬᠦ ᠮᠠᠰᠢᠨ ᠪᠠᠭᠠᠵᠢ ᠶᠢ | ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠶᠢ ᠬᠢᠨᠠᠨ ᠰᠢᠯᠭᠠᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ ︵ᠲᠤᠷᠰᠢᠨ | ᠬᠡᠷᠡᠭᠵᠢᠭᠦᠯᠬᠦ︶︾ ᠵᠡᠷᠭᠡ ᠱᠠᠭᠠᠷᠳᠠᠯᠭ᠎ᠠ ᠶᠣᠰᠣᠭᠠᠷ᠂ ᠨᠥᠬᠦᠪᠦᠷᠢ ᠥᠭᠬᠦ ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠦ᠂ | ᠨᠥᠬᠦᠪᠦᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠵᠦ᠂ ᠡᠭᠦᠨ ᠳᠤ ᠫᠠᠶᠢᠰᠠ ᠦᠨᠡᠮᠯᠡᠯ ᠤᠨ ᠬᠠᠮᠢᠶᠠᠷᠤᠯᠲᠠ ᠲᠠᠢ ᠮᠠᠰᠢᠨ ᠪᠠᠭᠠᠵᠢ ᠶᠢ | ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠦᠬᠡᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠮᠠᠰᠢᠨ ᠬᠤᠳᠠᠯᠳᠤᠨ | ᠠᠪᠤᠭᠴᠢ ᠳᠤ ᠨᠥᠬᠦᠪᠦᠷᠢ ᠥᠭᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ 2 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠬᠦᠢᠴᠡᠳᠬᠡᠬᠦ | ᠡᠰᠡᠬᠦ ᠰᠢᠢᠳᠪᠤᠷᠢ ᠭᠠᠷᠭᠠᠵᠤ᠂ ᠮᠠᠲ᠋ᠧᠷᠢᠶᠠᠯ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ ᠭᠥᠯᠢᠶᠡᠨ ᠠᠪᠴᠤ ᠬᠦᠢᠴᠡᠳᠬᠡᠬᠦ ᠶᠢᠨ ᠠᠷᠭ᠎ᠠ ᠦᠭᠡᠢ ᠪᠣᠯ | ᠰᠢᠯᠲᠠᠭᠠᠨ ᠢ ᠨᠢ ᠲᠣᠳᠣᠷᠬᠠᠶᠢᠯᠠᠵᠤ᠂ ᠤᠤᠯ ᠤᠨ ᠵᠠᠮ ᠢᠶᠠᠷ ᠭᠤᠶᠤᠴᠢᠯᠠᠯ ᠢ ᠨᠢ ᠪᠤᠴᠠᠭᠠᠨ᠎ᠠ︔ ᠨᠥᠬᠦᠴᠡᠯ ᠳᠤ ᠨᠡᠶᠢᠴᠡᠵᠦ ᠭᠥᠯᠢᠶᠡᠨ ᠠᠪᠴᠤ ᠬᠦᠢᠴᠡᠳᠬᠡᠵᠦ | ᠪᠣᠯᠬᠤ ᠶᠢ ᠨᠢ 13 ᠠᠵᠢᠯᠯᠠᠬᠤ ᠡᠳᠦᠷ ᠤᠨ ᠳᠣᠲᠣᠷ᠎ᠠ ︵ᠢᠯᠡ ᠨᠡᠶᠢᠲᠡᠯᠡᠬᠦ ᠴᠠᠭ ᠪᠠᠭᠲᠠᠬᠤ ᠦᠭᠡᠢ︶ ᠬᠠᠮᠢᠶ᠎ᠠ ᠪᠦᠬᠦᠢ ᠬᠠᠷᠭᠤᠭᠤᠯᠤᠨ ᠪᠠᠶᠢᠴᠠᠭᠠᠬᠤ ᠠᠵᠢᠯ ᠢ | ᠪᠡᠶᠡᠯᠡᠭᠦᠯᠬᠦ ᠶᠢᠨ ᠬᠠᠮᠲᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠳᠤ | ᠨᠥᠬᠦᠪᠦᠷᠢ ᠭᠤᠶᠤᠴᠢᠯᠠᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ 5 ᠠᠵᠢᠯᠯᠠᠬᠤ ᠡᠳᠦᠷ ᠢᠯᠡ ᠨᠡᠶᠢᠲᠡᠯᠡᠨ᠎ᠡ᠃ | ︵ᠳᠥᠷᠪᠡ︶ ᠪᠡᠯᠡ ᠮᠥᠩᠭᠦ ᠶᠢ ᠲᠤᠭᠠᠴᠠᠨ ᠥᠭᠬᠦ᠃ ᠬᠤᠰᠢᠭᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠡᠯᠡ ᠮᠥᠩᠭᠦ ᠲᠤᠭᠠᠴᠠᠨ ᠥᠭᠬᠦ ᠭᠤᠶᠤᠴᠢᠯᠠᠯ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ | ᠬᠠᠷᠭᠤᠭᠤᠯᠤᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠲᠠᠰᠤᠭ ᠨᠢ | ᠨᠥᠬᠦᠪᠦᠷᠢ ᠶᠢᠨ ᠪᠡᠯᠡ ᠮᠥᠩᠭᠦ ᠶᠢ ᠳ᠋ᠦᠩᠨᠡᠨ ᠪᠤᠳᠤᠭᠰᠠᠨ ᠮᠠᠲ᠋ᠧᠷᠢᠶᠠᠯ ᠢᠶᠠᠨ ᠡᠮᠬᠢᠯᠡᠨ ᠬᠤᠷᠢᠶᠠᠩᠭᠤᠶᠢᠯᠠᠭᠠᠳ ᠬᠤᠰᠢᠭᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠨ᠎ᠡ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠩᠰᠠ ᠮᠡᠳᠡᠭᠦᠯᠵᠦ ᠳ᠋ᠦᠩᠨᠡᠨ ᠪᠤᠳᠤᠭᠰᠠᠨ ᠮᠠᠲ᠋ᠧᠷᠢᠶᠠᠯ ᠢ | ᠣᠯᠣᠭᠰᠠᠨ ᠤ ᠳᠠᠷᠠᠭ᠎ᠠ᠂ ᠨᠥᠬᠦᠪᠦᠷᠢ ᠶᠢᠨ ᠪᠡᠯᠡ ᠮᠥᠩᠭᠦ ᠶᠢ ᠱᠠᠭᠠᠷᠳᠠᠯᠭ᠎ᠠ ᠳᠤ ᠨᠡᠶᠢᠴᠡᠭᠰᠡᠨ ᠮᠠᠰᠢᠨ ᠬᠤᠳᠠᠯᠳᠤᠨ ᠠᠪᠤᠭᠴᠢ ᠶᠢᠨ ︽ᠪᠦᠬᠦᠨ ᠳᠤ ᠲᠣᠬᠢᠷᠠᠬᠤ | ᠺᠠᠷᠲ︾ ︵ᠪᠠᠩᠬᠢ ᠶᠢᠨ ᠺᠠᠷᠲ︶ ᠤᠨ ᠲᠠᠩᠰᠠᠨ ᠡᠷᠦᠬᠡ ᠪᠤᠶᠤ ᠬᠤᠷᠰᠢᠶᠠᠵᠢᠯ ᠶᠢᠨ ᠨᠡᠶᠢᠲᠡ ᠶᠢᠨ ᠲᠠᠩᠰᠠᠨ ᠡᠷᠦᠬᠡ ᠳᠤ ᠨᠢᠭᠡ ᠯᠡ ᠤᠳᠠᠭ᠎ᠠ ᠶᠢᠨ | ᠴᠢᠨᠠᠷᠲᠠᠢ ᠪᠠᠷ ᠲᠤᠭᠠᠴᠠᠨ ᠥᠭᠭᠦᠨ᠎ᠡ︔ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ ᠲᠠᠩᠰᠠᠨ ᠡᠷᠦᠬᠡ ᠪᠠᠶᠢᠭᠤᠯᠤᠭᠰᠠᠨ ᠦᠭᠡᠢ | ᠪᠠᠶᠢᠪᠠᠯ᠂ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢᠶᠠᠷ ᠵᠥᠪᠰᠢᠶᠡᠷᠡᠭᠦᠯᠦᠭᠡᠳ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ᠂ ᠮᠠᠲ᠋ᠧᠷᠢᠶᠠᠯ ᠢ | ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠲᠠᠰᠤᠭ ᠲᠤ ᠮᠡᠳᠡᠭᠦᠯᠦᠨ | ᠳᠠᠩᠰᠠᠯᠠᠭᠤᠯᠵᠦ᠂ ᠵᠣᠬᠢᠶᠠᠨ ᠪᠠᠶᠢᠭᠤᠯᠤᠭᠰᠠᠨ ᠬᠠᠤᠯᠢ ᠶᠢᠨ ᠡᠷᠬᠡᠲᠡᠨ ᠪᠤᠶᠤ ᠪᠤᠰᠤᠳ ᠪᠦᠷᠢᠯᠳᠦᠭᠦᠨ ᠤ ᠬᠤᠪᠢ ᠬᠥᠮᠥᠨ ᠤ ︽ᠪᠦᠬᠦᠨ ᠳᠤ ᠲᠣᠬᠢᠷᠠᠬᠤ ᠺᠠᠷᠲ | ︾ ᠤᠨ ᠲᠠᠩᠰᠠᠨ ᠡᠷᠦᠬᠡ ᠳᠤ ᠲᠤᠭᠠᠴᠠᠨ ᠥᠭᠴᠦ ᠪᠣᠯᠣᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠪᠡᠯᠡ ᠮᠥᠩᠭᠦ ᠶᠢ ᠰᠢᠯᠵᠢᠬᠦᠯᠵᠦ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤ | ᠠᠷᠠᠳ ᠤᠨ ᠵᠠᠰᠠᠭ ᠤᠨ ᠣᠷᠳᠣᠨ 2023 ᠣᠨ ᠤ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠵᠤ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠠᠯᠲᠠᠨᠴᠢᠯᠠᠭᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠨ ᠶᠠᠨ ᠹᠧᠢ ᠬᠤᠰᠢᠭᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠵᠢᠷᠠᠨᠪᠠᠶᠠᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠪᠦᠷᠢᠯᠳᠦᠭᠦᠨ ᠬᠡᠰᠢᠬᠦᠨ᠄ ᠶᠠᠨ ᠷᠦᠨ ᠪᠢᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠠᠷᠢᠶᠠᠯᠠᠩ ᠣᠷᠴᠢᠨ ᠲᠣᠭᠤᠷᠢᠨ ᠤ ᠵᠥᠪᠯᠡᠯ ᠤᠨ ᠡᠷᠬᠢᠯᠡᠭᠴᠢ | ᠰᠦᠨ ᠬᠤᠸᠠ ᠴᠢᠩ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠠ ᠠᠵᠤ ᠠᠬᠤᠢ ᠣᠷᠴᠢᠨ | ᠲᠣᠭᠤᠷᠢᠨ ᠡᠬᠢ ᠪᠠᠶᠠᠯᠢᠭ ᠤᠨ ᠵᠥᠪᠯᠡᠯ ᠤᠨ ᠡᠷᠬᠢᠯᠡᠭᠴᠢ | ᠵᠠᠩ ᠭᠦᠸᠧ ᠳ᠋ᠦᠩ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠺᠣᠮᠢᠰᠰᠠᠷ | ᠸᠠᠩ ᠵᠠᠨ ᠶᠦᠩ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠵᠢᠢ ᠱᠢ ᠵᠢᠶᠦ᠋ᠨ ᠬᠤᠰᠢᠭᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ | ᠨᠡᠷᠡᠨ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠳ᠋ ᠳᠠᠷᠤᠭ᠎ᠠ | ᠬᠤᠤᠰᠪᠠᠶᠠᠷ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠯᠢ ᠹᠧᠩ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠳ᠋ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠹᠧᠩ ᠨᠥᠬᠦᠷ ᠬᠠᠪᠰᠤᠷᠭᠠᠨ | ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠡᠳᠦᠷ ᠲᠤᠲᠤᠮ ᠤᠨ ᠠᠵᠢᠯ ᠢ ᠪᠣᠳᠠᠲᠠᠢ | ᠬᠠᠷᠢᠭᠤᠴᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ | ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠴᠢᠬᠤᠯᠠ ᠶᠡᠭᠡ ᠤᠴᠢᠷ ᠶᠠᠪᠤᠳᠠᠯ ᠲᠣᠬᠢᠶᠠᠯᠳᠤᠪᠠᠯ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠦᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠠᠴᠠ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ᠎ᠠ᠃ ᠡᠯ᠎ᠡ ᠪᠦᠷᠢᠯᠳᠦᠭᠦᠨ ᠨᠢᠭᠡᠴᠢ ᠨᠦᠭᠦᠳ ᠬᠠᠤᠯᠢ ᠲᠣᠭᠲᠠᠭᠠᠯ ᠶᠣᠰᠣᠭᠠᠷ ᠠᠵᠢᠯᠯᠠᠵᠤ | ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠎ᠡ᠃ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠲᠠᠰ ᠳᠠᠷᠠᠭᠠᠯᠠᠯ ᠤᠨ | ᠬᠠᠮᠢᠶᠠᠷᠤᠯᠲᠠ ᠶᠢ ᠬᠡᠷᠡᠭᠵᠢᠭᠦᠯᠤᠨ᠎ᠡ᠃ ᠣᠷᠣᠨ ᠨᠤᠲᠤᠭ ᠤᠨ ᠪᠣᠳᠠᠲᠠᠢ ᠠᠵᠢᠯᠯᠠᠬᠤ ᠠᠷᠭ᠎ᠠ ᠳᠤ ᠴᠢᠭᠯᠡᠭᠦᠯᠦᠨ ᠰᠢᠨ᠎ᠡ ᠶᠢ ᠡᠭᠦᠳᠦᠭᠰᠡᠨ ᠪᠠᠶᠢᠪᠠᠯ ᠬᠠᠮᠲᠤ ᠪᠠᠷ | ᠰᠤᠳᠤᠯᠤᠨ ᠲᠣᠭᠲᠠᠭᠠᠯ ᠭᠠᠷᠭᠠᠵᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ | ᠵᠥᠪᠰᠢᠶᠡᠷᠡᠭᠦᠯᠦᠭᠡᠳ ᠵᠠᠰᠠᠭ ᠤᠨ ᠣᠷᠳᠣᠨ ᠤ ᠪᠢᠴᠢᠭ ᠤᠨ ᠬᠡᠯᠪᠡᠷᠢ ᠶᠢᠨ ᠰᠢᠢᠳᠪᠦᠷᠢ ᠶᠢ ᠭᠠᠷᠭᠠᠵᠦ ᠳᠡᠭᠡᠷ᠎ᠡ ᠨᠢᠭᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠴᠠᠭ ᠬᠤᠭᠤᠴᠠᠭ᠎ᠠ᠂ | ᠬᠢᠨᠠᠨ ᠬᠠᠷᠭᠤᠭᠤᠯᠵᠤ ᠳ᠋ᠦᠩᠨᠡᠨ ᠪᠤᠳᠤᠬᠤ ᠴᠠᠭ ᠬᠤᠭᠤᠴᠠᠭ᠎ᠠ᠂ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠬᠤᠭᠤᠴᠠᠭ᠎ᠠ ᠵᠡᠷᠭᠡ ᠶᠢ | ᠪᠠᠭᠲᠠᠭᠠᠭᠰᠠᠨ ᠲᠣᠭᠲᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠠᠵᠢᠯᠯᠠᠵᠤ ᠦᠢᠯᠡᠴᠢᠯᠡᠬᠦ ᠡᠲᠡᠭᠡᠳ ᠤᠨ ᠡᠷᠬᠡ ᠠᠰᠢᠭ ᠢ ᠪᠠᠲᠤᠯᠠᠨ᠎ᠠ᠃ ᠠᠵᠢᠯ ᠤᠨ | ᠰᠤᠷᠲᠠᠯ ᠢᠶᠠᠨ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠴᠢᠩᠭ᠎ᠠ ᠵᠢᠷᠤᠮᠯᠠᠨ ᠥᠪᠡᠷ ᠢ ᠪᠠᠨ | ᠲᠤᠩᠭᠠᠨ ᠪᠡᠶ᠎ᠡ ᠪᠠᠨ ᠱᠠᠭᠠᠷᠳᠠᠬᠤ ᠶᠢ ᠪᠠᠷᠢᠮᠲᠠᠯᠠᠵᠦ ᠮᠠᠰᠢᠨ ᠬᠤᠳᠠᠯᠳᠤᠨ ᠠᠪᠤᠭᠴᠢ ᠶᠢᠨ ᠡᠵᠡᠨ ᠮᠡᠳᠡᠵᠦ ᠰᠣᠩᠭᠤᠬᠤ ᠡᠷᠬᠡ ᠶᠢ ᠬᠦᠨᠳᠦᠳᠬᠡᠵᠦ ᠨᠥᠬᠦᠪᠦᠷᠢ | ᠣᠯᠬᠤ ᠡᠲᠡᠭᠡᠳ ᠢᠶᠠᠨ ᠢᠯᠡ ᠪᠥᠭᠡᠳ ᠡᠷᠬᠡ ᠲᠡᠭᠰᠢ ᠲᠥᠪ ᠭᠤᠥᠯᠴᠢ ᠪᠠᠷ ᠲᠣᠭᠲᠠᠭᠠᠵᠤ ᠪᠣᠯᠬᠢ ᠪᠦᠳᠦᠭᠦᠯᠢᠭ ᠠᠯᠵᠠᠭᠤ ᠬᠤᠶᠢᠷᠭᠤ ᠰᠤᠯᠠ ᠵᠠᠳᠠᠭᠠᠢ᠂ | ᠠᠯᠪᠠ ᠬᠠᠰᠢᠵᠤ ᠠᠮᠠ ᠪᠥᠭᠯᠡᠬᠦ ᠮᠠᠭᠤ ᠰᠤᠷᠲᠠᠯ ᠢ ᠡᠷᠡᠰ ᠬᠤᠷᠢᠭᠯᠠᠵᠤ ᠰᠤᠷᠲᠠᠯ ᠴᠢᠬᠡᠴᠢ ᠣᠪᠣᠷ ᠲᠥᠪ ᠠᠵᠢᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠦᠳᠤᠯᠪᠤᠷᠢ ᠶᠢ ᠦᠨᠳᠦᠰᠦᠯᠡᠨ ᠤᠬᠠᠭᠤᠯᠭ᠎ᠠ ᠶᠢᠨ ᠠᠵᠢᠯ ᠢ | ᠨᠠᠷᠢᠯᠢᠭᠵᠢᠭᠤᠯᠵᠤ ᠬᠤᠰᠢᠭᠤ ᠬᠠᠮ ᠵᠠᠭᠤᠴᠢᠯᠠᠭᠤᠷ ᠤᠨ ᠲᠥᠪ ᠵᠡᠷᠭᠡ ᠤᠬᠠᠭᠤᠯᠭ᠎ᠠ ᠶᠢᠨ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠪᠣᠳᠠᠲᠠᠢ ᠬᠠᠷᠢᠭᠤᠴᠠᠵᠤ᠂ ᠮᠠᠯᠴᠢᠨ ᠲᠠᠷᠢᠶᠠᠴᠢᠨ ᠪᠠ ᠨᠡᠶᠢᠭᠡᠮ ᠳᠤ ᠪᠣᠳᠠᠲᠠᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠭᠦᠨᠵᠡᠭᠡᠢ ᠣᠶᠢᠯᠠᠭᠠᠭᠤᠯᠵᠤ | ᠮᠠᠯᠴᠢᠨ ᠲᠠᠷᠢᠶᠠᠴᠢᠨ ᠤ ᠮᠠᠰᠢᠨ ᠬᠤᠳᠠᠯᠳᠤᠨ ᠠᠪᠴᠤ ᠮᠠᠰᠢᠨ ᠬᠡᠷᠡᠭᠯᠡᠬᠦ ᠢᠳᠡᠪᠬᠢᠵᠢᠯ ᠢ ᠬᠥᠭᠵᠢᠭᠡᠨ᠎ᠡ︔ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠢᠨᠲ᠋ᠧᠷ | ᠰᠦᠯᠵᠢᠶ᠎ᠡ᠂ ᠸᠢᠴᠠᠲ ᠤᠨ ᠨᠡᠶᠢᠲᠡ ᠶᠢᠨ ᠲᠠᠪᠴᠠᠩ᠂ ᠤᠬᠠᠭᠤᠯᠭ᠎ᠠ ᠶᠢᠨ ᠳᠡᠪᠲᠡᠷ᠂ ᠢᠯᠡ ᠴᠠᠭᠠᠰᠤ᠂ ᠡᠯᠭᠦᠭᠡ ᠵᠢᠷᠤᠭ ᠵᠡᠷᠭᠡ ᠬᠡᠯᠪᠡᠷᠢ ᠶᠢ ᠢᠳᠡᠪᠬᠢᠲᠡᠢ ᠪᠠᠷ | ᠠᠰᠢᠭᠯᠠᠨ ᠤᠬᠠᠭᠤᠯᠭ᠎ᠠ ᠶᠢᠨ ᠬᠡᠯᠬᠢᠶ᠎ᠡ ᠪᠠ ᠴᠠᠭ ᠤᠨ ᠬᠢᠵᠠᠭᠠᠷ ᠢ ᠤᠷᠲᠤᠳᠬᠠᠵᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ | ᠲᠥᠷᠥ ᠶᠢᠨ ᠪᠣᠳᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠬᠦᠷᠲᠡᠯ᠎ᠡ ᠤᠬᠠᠭᠤᠯᠵᠤ ᠮᠠᠯᠴᠢᠨ ᠲᠠᠷᠢᠶᠠᠴᠢᠨ ᠪᠣᠯᠣᠨ ᠨᠢᠭᠡᠳᠦᠭᠡᠷ ᠹᠷᠣᠨᠲ ᠤᠨ | ᠦᠢᠯᠡᠳᠪᠦᠷᠢᠯᠡᠨ ᠡᠵᠡᠩᠨᠡᠭᠴᠢᠳ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠵᠦ ᠲᠥᠷᠥ ᠶᠢᠨ ᠪᠣᠳᠣᠯᠭ᠎ᠠ ᠶᠢᠨ ᠤᠷᠤᠭᠰᠢᠲᠠᠢ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ | ︵ᠳᠥᠷᠪᠡ︶ ᠲᠦᠷᠢᠮᠵᠢᠬᠦᠯᠦᠨ ᠠᠵᠢᠯᠯᠠᠬᠤ ᠶᠢ ᠴᠢᠩᠭᠠᠳᠬᠠᠨ᠎ᠠ᠃ ᠨᠥᠬᠦᠪᠦᠷᠢ ᠠᠪᠬᠤ ᠭᠤᠶᠤᠴᠢᠯᠠᠯ ᠢ ᠭᠥᠯᠢᠶᠡᠨ ᠠᠪᠴᠤ ᠬᠦᠢᠴᠡᠳᠬᠡᠬᠦ᠂ ᠬᠢᠷᠢ | ᠬᠡᠮ ᠢ ᠬᠢᠨᠠᠨ ᠬᠠᠷᠭᠤᠭᠤᠯᠬᠤ᠂ ᠮᠠᠰᠢᠨ ᠪᠠᠭᠠᠵᠢ ᠶᠢ ᠬᠢᠨᠠᠨ ᠰᠢᠯᠭᠠᠬᠤ᠂ ᠠᠰᠢᠭ ᠬᠦᠷᠳᠡᠬᠦ ᠶᠢ ᠵᠠᠷᠯᠠᠨ ᠨᠡᠶᠢᠲᠡᠯᠡᠬᠦ ᠵᠡᠷᠭᠡ ᠠᠵᠢᠯ ᠢ ᠦᠨᠡᠨ ᠬᠦ ᠲᠦᠷᠭᠡᠳᠬᠡᠨ᠎ᠡ᠃ | ᠭᠤᠶᠤᠴᠢᠯᠠᠨ ᠠᠪᠬᠤ ᠨᠥᠬᠦᠪᠦᠷᠢ ᠨᠢ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠳᠤ ᠬᠦᠴᠦᠨ ᠲᠠᠢ᠂ ᠭᠡᠪᠡᠴᠤ ᠲᠤᠬᠠᠢ ᠶᠢᠨ ᠵᠢᠯ ᠤᠨ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢᠨ ᠬᠡᠪᠴᠢᠶ᠎ᠡ ᠬᠦᠷᠦᠯᠴᠡᠬᠦ ᠦᠭᠡᠢ᠂ ᠭᠠᠷᠳᠠᠮ ᠭᠦᠢᠴᠡᠳᠬᠡᠬᠦ ᠴᠠᠭ ᠪᠠᠴᠢᠮ ᠵᠡᠷᠭᠡ ᠠᠴᠠ ᠪᠣᠯᠵᠤ ᠨᠥᠬᠦᠪᠦᠷᠢ ᠭᠥᠷᠳᠡᠬᠦ ᠶᠢᠨ | ᠠᠷᠭ᠎ᠠ ᠦᠭᠡᠢ ᠪᠠᠶᠢᠪᠠᠯ ᠳᠠᠷᠠᠭ᠎ᠠ ᠨᠢᠭᠡ ᠵᠢᠯ ᠳᠤ ᠤᠷᠢᠳᠠᠪᠠᠷ ᠨᠥᠬᠦᠪᠦᠷᠢ ᠥᠭᠴᠦ ᠪᠣᠯᠣᠨ᠎ᠠ︔ ᠠᠳᠠᠯᠢ ᠪᠤᠰᠤ ᠣᠨ ᠤ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠭᠰᠠᠨ ᠪᠤᠶᠤ | ᠵᠣᠭᠰᠣᠭᠠᠭᠰᠠᠨ ᠪᠠᠶᠢᠪᠠᠯ ᠬᠤᠪᠢᠷᠠᠯᠲᠠ ᠭᠠᠷᠤᠭᠰᠠᠨ ᠪᠤᠶᠤ ᠵᠣᠭᠰᠣᠭᠠᠭᠰᠠᠨ ᠪᠠᠶᠢᠳᠠᠯ ᠤᠨ ᠶᠣᠰᠣᠭᠠᠷ ᠬᠡᠷᠡᠭᠵᠢᠭᠦᠯᠦᠨ᠎ᠡ᠃ ᠲᠣᠮᠣ ᠳᠤᠮᠳᠠ ᠬᠡᠯᠪᠡᠷᠢ ᠶᠢᠨ ᠮᠠᠰᠢᠨ | ᠪᠠᠭᠠᠵᠢ ᠶᠢ ᠬᠢᠨᠠᠨ ᠰᠢᠯᠭᠠᠬᠤ ᠪᠠ ᠭᠠᠭᠴᠠ ᠬᠥᠮᠥᠨ ᠳᠤ ᠤᠯᠠᠨ ᠢᠵᠢ ᠦᠭᠭᠦ᠂ ᠣᠬᠤᠷ ᠬᠤᠭᠤᠴᠠᠭᠠᠨ ᠤ ᠳᠣᠲᠣᠷ᠎ᠠ ᠶᠡᠭᠡ ᠬᠡᠮᠵᠢᠶ᠎ᠡ ᠪᠠᠷ ᠦᠭᠭᠦ ᠵᠡᠷᠭᠡ | ᠬᠡᠪ ᠤᠨ ᠪᠤᠰᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠪᠠᠷ ᠴᠢᠩᠭᠠᠳᠬᠠᠨ᠎ᠠ᠃ | ︵ᠲᠠᠪᠤ︶ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠡᠳᠡᠭᠡ | ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢ ᠪᠥᠬᠦ ᠲᠠᠯ᠎ᠠ ᠪᠠᠷ ᠪᠠᠶᠢᠭᠤᠯᠵᠤ᠂ ᠮᠠᠰᠢᠨ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠭᠰᠠᠳ ᠤᠨ | ᠮᠡᠳᠡᠭᠡ ᠵᠠᠩᠭᠢ ᠶᠢ ᠢᠯᠡ ᠨᠡᠶᠢᠲᠡᠯᠡᠵᠦ ᠬᠡᠷᠡᠭᠵᠢᠭᠦᠯᠬᠦ ᠲᠥᠰᠥᠯ᠂ ᠨᠥᠬᠦᠪᠦᠷᠢ ᠥᠭᠬᠦ ᠲᠤᠭ᠎ᠠ ᠶᠢᠨ ᠨᠠᠷᠢᠨ ᠬᠦᠰᠦᠨᠦᠭᠲᠦ᠂ ᠠᠵᠢᠯᠯᠠᠬᠤ ᠲᠠᠰ ᠳᠠᠷᠠᠭᠠᠯᠠᠯ᠂ | ᠨᠥᠬᠦᠪᠦᠷᠢ ᠥᠭᠬᠦ ᠮᠠᠰᠢᠨ ᠪᠠᠭᠠᠵᠢ ᠶᠢᠨ ᠮᠡᠳᠡᠭᠡ ᠵᠠᠩᠭᠢ ᠶᠢᠨ ᠬᠦᠰᠦᠨᠦᠭᠲᠦ᠂ ᠵᠠᠭᠠᠯᠳᠤᠯᠭ᠎ᠠ ᠶᠢᠨ ᠯᠠᠪᠯᠠᠭ᠎ᠠ ᠥᠭᠬᠦ ᠠᠷᠭ᠎ᠠ ᠮᠠᠶ᠋ᠢᠭ᠂ ᠲᠣᠭᠲᠠᠭᠠᠯ ᠠᠴᠠ | ᠵᠥᠷᠢᠴᠡᠨ ᠪᠠᠶᠢᠴᠠᠭᠠᠨ ᠬᠦᠢᠴᠡᠳᠬᠡᠭᠰᠡᠨ ᠦᠷ᠎ᠡ ᠳ᠋ᠦᠩ ᠵᠡᠷᠭᠡ ᠭᠤᠣᠯᠳᠠᠯᠭ᠎ᠠ ᠲᠠᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠵᠤ ᠨᠥᠬᠦᠪᠦᠷᠢ ᠶᠢᠨ | ᠪᠡᠯᠡ ᠮᠥᠩᠭᠦ ᠶᠢ ᠭᠤᠶᠤᠴᠢᠯᠠᠨ ᠳᠠᠩᠰᠠᠯᠠᠭᠰᠠᠨ ᠠᠬᠢᠴᠠ ᠪᠠ ᠨᠥᠬᠦᠪᠦᠷᠢ ᠭᠥᠷᠳᠡᠵᠦ ᠪᠠᠶᠢᠭ᠎ᠠ ᠮᠠᠰᠢᠨ ᠬᠤᠳᠠᠯᠳᠤᠨ ᠠᠪᠤᠭᠰᠠᠳ ᠤᠨ ᠮᠡᠳᠡᠭᠡ ᠵᠠᠩᠭᠢ ᠶᠢ ᠴᠠᠭ | ᠲᠤᠬᠠᠢ ᠳᠤᠨᠢ ᠨᠡᠶᠢᠲᠡᠯᠡᠨ᠎ᠡ᠃ ᠨᠥᠬᠦᠪᠦᠷᠢ ᠣᠯᠭᠤᠬᠤ ᠡᠲᠡᠭᠡᠳ ᠤᠨ ᠨᠥᠬᠦᠪᠦᠷᠢ ᠶᠢᠨ ᠮᠡᠳᠡᠭᠡ ᠵᠠᠩᠭᠢ ᠳᠤ ᠮᠡᠳᠡᠭᠡ ᠬᠤᠯᠪᠣᠭᠠᠨ ᠤ ᠠᠷᠭ᠎ᠠ ᠮᠠᠶ᠋ᠢᠭ᠂ ᠪᠡᠶ᠎ᠡ ᠶᠢᠨ | ᠦᠨᠡᠮᠯᠡᠯ ᠤᠨ ᠨᠣᠮᠧᠷ ᠪᠠ ︽ᠪᠦᠬᠦᠨ ᠳᠤ ᠲᠣᠬᠢᠷᠠᠬᠤ ᠺᠠᠷᠲ︾ ︵ᠪᠠᠩᠬᠢ ᠶᠢᠨ ᠺᠠᠷᠲ︶ ᠤᠨ ᠲᠠᠩᠰᠠᠨ ᠡᠷᠦᠬᠡ ᠵᠡᠷᠭᠡ ᠬᠤᠪᠢ ᠬᠥᠮᠥᠨ ᠤ ᠨᠢᠭᠤᠴᠠ ᠮᠡᠳᠡᠭᠡ | ᠵᠠᠩᠭᠢ ᠠᠴᠠ ᠪᠤᠰᠤᠳ ᠢ ᠨᠢ ᠢᠯᠡ ᠪᠣᠯᠭᠠᠨ᠎ᠠ᠃ ᠬᠠᠮᠤᠭ ᠡᠴᠦᠰ ᠤᠨ ᠮᠠᠰᠢᠨ ᠤ ᠨᠥᠬᠦᠪᠦᠷᠢ ᠶᠢ ᠭᠦᠢᠴᠡᠳᠬᠡᠵᠦ ᠳᠠᠭᠤᠰᠬᠠᠭᠰᠠᠨ ᠤ ᠳᠠᠷᠠᠭ᠎ᠠ᠂ | ᠨᠥᠬᠦᠪᠦᠷᠢ ᠶᠢᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠨᠢᠭᠡ ᠬᠤᠪᠢ ᠭᠤᠶᠤᠴᠢᠯᠠᠯ ᠢ ᠰᠢᠨ᠎ᠡ ᠪᠠᠷ ᠪᠢᠴᠢᠨ ᠣᠷᠣᠭᠤᠯᠵᠤ᠂ ᠠᠵᠢᠯᠯᠠᠭᠤᠯᠬᠤ | ᠦᠶ᠎ᠡ ᠳᠤ ᠤᠤᠯ ᠤᠨ ᠮᠠᠰᠢᠨ ᠪᠠᠭᠠᠵᠢ ᠶᠢᠨ ᠦᠢᠯᠡᠳᠪᠦᠷᠢ ᠠᠴᠠ ᠭᠠᠷᠬᠤ ᠳ᠋ᠤᠭᠠᠷ᠂ ᠪᠠᠷᠢᠮᠲᠠ ᠶᠢᠨ ᠠᠷᠤ ᠳᠤ ︽1︾ ᠬᠡᠬᠦ ᠬᠡᠶᠢᠰᠪᠦᠷᠢ ᠳ᠋ᠤᠭᠠᠷᠯᠠᠯ ᠢ ᠨᠡᠮᠡᠨ | ᠬᠤᠪᠢᠶᠠᠷᠢᠯᠠᠵᠦ ᠲᠠᠶᠢᠯᠪᠤᠷᠢ ᠬᠦᠰᠦᠨᠦᠭ ᠲᠤ ᠲᠣᠳᠣᠷᠬᠠᠶᠢᠯᠠᠭᠰᠠᠨ ᠤ ᠬᠠᠮᠲᠤ ᠢᠯᠡ ᠪᠣᠯᠭᠠᠨ᠎ᠠ᠃ | ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ | ᠳᠣᠲᠣᠭᠠᠳᠤ ᠶᠢᠨ ᠬᠢᠵᠠᠭᠠᠷᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ ᠲᠤᠬᠠᠶᠢᠯᠠᠭᠰᠠᠨ ᠠᠵᠢᠯ ᠤᠨ ᠶᠠᠪᠤᠴᠠ ᠶᠢ ᠵᠢᠷᠤᠮᠵᠢᠭᠤᠯᠤᠨ ᠬᠢᠨᠠᠯᠲᠠ ᠲᠠᠯᠪᠢᠵᠤ | ᠬᠢᠵᠠᠭᠠᠷᠯᠠᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠬᠢᠨᠠᠨ ᠲᠣᠭᠲᠠᠭᠠᠬᠤ | ᠪᠠᠶᠢᠭᠤᠯᠤᠮᠵᠢ ᠪᠣᠯᠣᠨ ᠭᠡᠷᠡᠴᠢᠯᠡᠬᠦ ᠪᠠᠶᠢᠭᠤᠯᠤᠮᠵᠢ ᠳᠤ ᠣᠷᠣᠯᠴᠠᠬᠤ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠤ ᠬᠠᠮᠢᠶᠠᠷᠤᠯᠲᠠ ᠪᠠᠨ ᠴᠢᠩᠭᠠᠳᠬᠠᠨ᠎ᠠ᠃ | ᠮᠠᠰᠢᠨ ᠬᠤᠳᠠᠯᠳᠤᠨ ᠠᠪᠤᠭᠴᠢ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠨᠥᠬᠦᠪᠦᠷᠢ ᠶᠢᠨ ᠮᠡᠳᠡᠭᠡ ᠵᠠᠩᠭᠢ ᠶᠢ ᠬᠤᠯᠠᠭᠠᠶᠢᠯᠠᠬᠤ᠂ ᠰᠠᠷᠢᠭᠠᠯᠠᠬᠤ᠂ ᠵᠠᠳᠠᠷᠠᠭᠤᠯᠬᠤ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠪᠤᠰᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦᠨ᠎ᠡ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠦᠷᠢ ᠥᠭᠬᠦ ᠦᠢᠯᠡᠳᠬᠦᠨ ᠤ ᠲᠣᠭᠲᠠᠭᠠᠯ ᠠᠴᠠ ᠵᠥᠷᠢᠴᠡᠨ ᠡᠵᠡᠩᠨᠡᠬᠦ ᠦᠶᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ | ︵ᠥᠪᠥᠷ ᠲᠠᠷᠢᠶᠠᠯᠠᠩ ᠮᠠᠯ ᠲᠣᠭᠲᠠᠭᠠᠯ ᠲᠠᠷᠬᠠᠭᠠᠬᠤ ﹇2017﹈ 9 ᠳ᠋ᠤᠭᠡᠷ ᠲᠣᠭᠠᠲᠤ︶ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠭᠲᠠᠭᠠᠯ ᠠᠴᠠ ᠵᠥᠷᠢᠴᠡᠨ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ | | |