ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ | ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠦᠰᠢᠨ | ᠬᠤᠰᠢᠭᠤᠨ ᠤ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ | ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠠᠷᠠᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 9 ᠰᠠᠷ᠎ᠠ ᠶᠢᠨ 8 ᠤ ᠡᠳᠤᠷ | | | | | | ᠦᠦᠰᠢᠨ ᠬᠤᠰᠢᠭᠤᠨ ᠤ 2023 ᠣᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠦᠭᠭᠦ ᠬᠡᠷᠡᠭᠵᠢᠭᠦᠯᠬᠦ ᠲᠥᠰᠥᠯ | | | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠤᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢ ᠲᠦᠷᠭᠡᠳᠬᠡᠬᠦ ᠶᠢᠨ ᠲᠦᠯᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2021 ︱ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ | ᠮᠠᠰᠢᠨ ᠲᠠᠷᠬᠠᠭᠠᠬᠤ ﹇2021﹈ 283 ᠳ᠋ᠤᠭᠠᠷ ᠲᠣᠭᠠᠲᠤ︶ ᠪᠠ ︽ᠣᠷᠳᠣᠰ ᠬᠤᠲᠠ ᠶᠢᠨ 2021 ︱ | 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠣᠷᠳᠣᠰ ᠲᠠᠷᠢᠶᠠᠯᠠᠩ ᠮᠠᠯ ᠲᠠᠷᠬᠠᠭᠠᠬᠤ ﹇2021﹈ 235 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠮᠠᠨ ᠤ ᠬᠤᠰᠢᠭᠤᠨ ᠤ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠨᠢᠭᠡ᠂ ᠬᠡᠷᠡᠭᠵᠢᠭᠦᠯᠬᠦ ᠵᠠᠷᠴᠢᠮ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ︽ᠬᠦᠳᠡᠭᠡ | ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ︽ᠲᠠᠷᠢᠶᠠᠯᠠᠩ ᠤᠨ ᠮᠠᠰᠢᠨᠴᠢᠯᠠᠯᠲᠠ ᠪᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠪᠴᠢᠯᠡᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠵᠢᠯᠤᠭᠤᠳᠬᠤ ᠰᠠᠨᠠᠯ︾ ︵ᠲᠦᠷᠦ ᠲᠠᠷᠬᠠᠭᠠᠬᠤ ﹇2018﹈ 42 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ | ᠮᠠᠰᠢᠨᠴᠢᠯᠠᠭᠰᠠᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ ᠲᠥᠷᠥ ᠶᠢᠨ | ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠬᠠᠮᠤᠭ ᠶᠡᠭᠡ | ᠬᠡᠮᠵᠢᠶ᠎ᠡ ᠪᠠᠷ ᠪᠠᠳᠠᠷᠠᠭᠤᠯᠬᠤ ᠪᠠᠷ ᠭᠤᠤᠯ ᠱᠤᠭᠤᠮ ᠪᠤᠯᠭᠠᠵᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠡᠯᠧᠮᠧᠨ᠋ᠲ ᠤᠨ ᠵᠦᠢ ᠵᠣᠬᠢᠰᠲᠠᠢ ᠰᠢᠯᠵᠢᠯᠲᠡ ᠶᠢ ᠬᠢᠵᠠᠭᠠᠷᠯᠠᠵᠤ ᠪᠠᠶᠢᠭᠰᠠᠨ | ᠲᠦᠭᠵᠢᠷᠡᠯ ᠢ ᠠᠷᠢᠯᠭᠠᠵᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠡᠯ᠎ᠡ | ᠭᠤᠭᠴᠤᠭ᠎ᠠ ᠶᠢ ᠤᠯᠠᠮ ᠨᠢᠭᠡ ᠠᠯᠬᠤᠮ ᠨᠡᠪᠲᠡᠷᠡᠬᠦᠯᠵᠦ ᠮᠠᠯᠴᠢᠨ ᠲᠠᠷᠢᠶᠠᠴᠢᠨ ᠤ ᠲᠡᠷᠢᠭᠦᠨ ᠤ ᠲᠤᠬᠢᠷᠠᠮᠵᠢᠲᠠᠢ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠬᠥᠲᠥᠯᠥᠨ ᠵᠢᠯᠤᠭᠤᠳᠴᠤ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢ ᠪᠥᠬᠦ ᠶᠠᠪᠤᠴᠠ ᠳᠤ ᠪᠥᠬᠦ ᠲᠠᠯ᠎ᠠ ᠪᠠᠷ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠥᠲᠥᠯᠥᠨ ᠵᠢᠯᠤᠭᠤᠳᠴᠤ | ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠬᠡᠷᠡᠭᠵᠢᠭᠦᠯᠬᠦ ᠭᠤᠣᠯᠳᠠᠯᠭ᠎ᠠ | ︵ᠨᠢᠭᠡ︶ ᠦᠢᠯᠡᠳᠪᠤᠷᠢᠯᠡᠯ ᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠮᠠᠰᠢᠨ ᠪᠠᠭᠠᠵᠢ ᠶᠢᠨ | ᠬᠠᠩᠭᠠᠯᠭ᠎ᠠ ᠶᠢ ᠳᠣᠪᠤᠶᠢᠯᠭᠠᠨ᠎ᠠ᠃ ᠠᠮᠤ ᠪᠤᠳᠠᠭ᠎ᠠ᠂ ᠭᠠᠭ᠋ᠠᠢ᠂ ᠦᠬᠡᠷ᠂ ᠬᠤᠨᠢ ᠵᠡᠷᠭᠡ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠬᠡᠷᠡᠭᠰᠡᠬᠦ ᠮᠠᠰᠢᠨ ᠪᠠᠭᠠᠵᠢ ᠶᠢ ᠡᠩ ᠲᠡᠷᠢᠭᠦᠨ ᠳᠤ | ᠨᠥᠬᠦᠪᠦᠷᠢ ᠥᠭᠬᠦ ᠬᠡᠪᠴᠢᠶᠡᠨ ᠳᠤ ᠣᠷᠣᠭᠤᠯᠵᠤ᠂ ᠨᠥᠬᠦᠪᠦᠷᠢᠯᠡᠬᠦ ᠶᠣᠰᠣᠲᠠᠢ ᠶᠢ ᠨᠢ ᠴᠥᠮ ᠨᠥᠬᠦᠪᠦᠷᠢᠯᠡᠨ᠎ᠡ᠃ | ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠬᠠᠲᠠᠭᠠᠵᠦ ᠬᠠᠭᠰᠠᠭᠠᠬᠤ᠂ ᠪᠠᠷᠢᠮᠵᠢᠶᠠᠵᠢᠭᠤᠯᠤᠭᠰᠠᠨ | ᠭᠠᠭ᠋ᠠᠢ ᠶᠢᠨ ᠬᠠᠰᠢᠶ᠎ᠠ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠯ᠎ᠠ ᠶᠢᠨ ᠢᠵᠢ ᠪᠦᠷᠢᠳᠤᠭ᠍ᠰᠡᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ | ᠮᠠᠰᠢᠨ ᠤ ᠰᠢᠨ᠎ᠡ ᠦᠢᠯᠡᠳᠬᠦᠨ ᠤ ᠨᠥᠬᠦᠪᠦᠷᠢ ᠥᠭᠬᠦ ᠲᠤᠷᠰᠢᠯᠲᠠ ᠶᠢᠨ ᠴᠡᠭ ᠤᠨ ᠬᠡᠪᠴᠢᠶᠡᠨ ᠳᠤ ᠠᠯᠬᠤᠮ | ᠠᠯᠬᠤᠮ ᠢᠶᠠᠷ ᠣᠷᠣᠭᠤᠯᠵᠤ᠂ ᠳᠡᠯᠭᠡᠷᠡᠭᠦᠯᠦᠨ ᠬᠡᠷᠡᠭᠯᠡᠬᠦ ᠠᠯᠬᠤᠴᠠ ᠪᠠᠨ ᠲᠦᠷᠭᠡᠳᠬᠡᠨ᠎ᠡ᠃ | ︵ᠬᠤᠶᠠᠷ︶ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠬᠡᠷᠡᠭᠯᠡᠭᠡᠨ ᠤ ᠳᠡᠮᠵᠢᠯᠭᠡ ᠶᠢ ᠲᠤᠪᠤᠶᠢᠯᠭᠠᠨ᠎ᠠ᠃ ᠣᠶᠤᠨᠲᠤ ᠦᠵᠦᠭᠦᠷ ᠪᠠ ᠬᠡᠷᠡᠭᠯᠡᠭᠡᠨ ᠤ | ᠣᠶᠤᠨᠲᠤ ᠠᠵᠢᠯᠯᠠᠭᠠᠨ ᠤ ᠵᠠᠭᠪᠤᠷ ᠢ ᠳᠡᠯᠭᠡᠷᠡᠭᠦᠯᠦᠨ ᠬᠡᠷᠡᠭᠯᠡᠵᠦ ︽ᠳᠣᠬᠢᠭᠤᠷ ᠲᠤᠯᠤᠭᠠᠨ ᠣᠲᠣ︾ ᠰᠢᠰᠲ᠋ᠧᠮ ᠢ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠳᠡᠯᠭᠡᠷᠡᠭᠦᠯᠦᠨ ᠬᠡᠷᠡᠭᠯᠡᠵᠦ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ︵ᠭᠤᠷᠪᠠ︶ ᠥᠨᠳᠥᠷ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠤᠶᠢᠯᠭᠠᠨ᠎ᠠ᠃ | ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ᠂ | ᠲᠣᠮᠣ ᠬᠡᠯᠪᠡᠷᠢ ᠶᠢᠨ ᠣᠯᠠᠨ ᠴᠢᠳᠠᠪᠬᠢᠲᠤ ᠲᠠᠷᠢᠶᠠᠯᠠᠩ ᠤᠨ ᠮᠠᠰᠢᠨ ᠪᠠᠭᠠᠵᠢ ᠶᠢᠨ ᠮᠡᠷᠭᠡᠵᠢᠯ ᠢ ᠳᠡᠯᠭᠡᠷᠡᠭᠦᠯᠬᠦ ᠶᠢ | ᠲᠦᠷᠭᠡᠳᠬᠡᠵᠦ ᠳᠤᠭᠠᠴᠢᠯᠠᠭᠰᠠᠨ᠂ ᠣᠶᠤᠨᠴᠢᠯᠠᠭᠰᠠᠨ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠦᠢᠯᠡᠳᠬᠦᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠮᠠᠨ ᠤ ᠬᠤᠰᠢᠭᠤᠨ ᠤ ᠲᠤᠭ᠎ᠠ ᠬᠡᠮᠵᠢᠶ᠎ᠡ ᠨᠢ ᠬᠡᠲᠦ | ᠠᠷᠪᠢᠨ᠂ ᠮᠡᠷᠭᠡᠵᠢᠯ ᠨᠢ ᠬᠠᠷᠢᠴᠠᠩᠭᠤᠢ ᠬᠤᠴᠤᠷᠤᠩᠭᠤᠢ ᠬᠦᠷᠳᠦᠲᠦ ᠲᠷᠠᠺᠲ᠋ᠣᠷ ᠵᠡᠷᠭᠡ ᠮᠠᠰᠢᠨ ᠪᠠᠭᠠᠵᠢ ᠶᠢᠨ | ᠲᠥᠷᠥᠯ ᠵᠦᠢᠯ ᠤᠨ ᠨᠥᠬᠦᠪᠦᠷᠢ ᠶᠢᠨ ᠲᠤᠭ᠎ᠠ ᠶᠢ ᠠᠯᠬᠤᠮ ᠠᠯᠬᠤᠮ ᠢᠶᠠᠷ ᠪᠠᠭᠤᠷᠠᠭᠤᠯᠵᠤ ᠬᠡᠰᠡᠭ ᠳᠣᠣᠷ᠎ᠠ | ᠥᠷᠲᠡᠭ ᠲᠠᠢ ᠮᠠᠰᠢᠨ ᠪᠠᠭᠠᠵᠢ ᠶᠢ ᠨᠥᠬᠦᠪᠦᠷᠢ ᠶᠢᠨ ᠬᠡᠪᠴᠢᠶ᠎ᠡ ᠠᠴᠠ ᠠᠯᠬᠤᠮ ᠠᠯᠬᠤᠮ ᠢᠶᠠᠷ ᠭᠠᠷᠭᠠᠨ᠎ᠠ᠃ | ︵ᠳᠥᠷᠪᠡ︶ ᠬᠢᠨᠠᠯᠲᠠ ᠲᠠᠯᠪᠢᠵᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠣᠪᠤᠶᠢᠯᠭᠠᠨ᠎ᠠ᠃ | ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠭᠠᠷ ᠤᠲᠠᠰᠤᠨ ᠤ APP ᠶᠢ ᠬᠡᠷᠡᠭᠯᠡᠬᠦ | ᠬᠠᠷᠢᠴᠠᠯ ᠢ ᠳᠡᠭᠡᠭᠰᠢᠯᠡᠭᠦᠯᠦᠨ ᠬᠥᠮᠥᠨ ᠤ ᠵᠢᠰᠦ ᠶᠢ ᠢᠯᠭᠠᠨ ᠲᠠᠨᠢᠬᠤ᠂ ᠨᠥᠬᠦᠪᠦᠷᠢ ᠥᠭᠬᠦ ᠮᠠᠰᠢᠨ ᠪᠠᠭᠠᠵᠢ ᠶᠢᠨ | ᠮᠡᠷᠭᠡᠨ ᠴᠤᠬᠤᠷ ᠤᠨ ᠬᠠᠮᠢᠶᠠᠷᠤᠯᠲᠠ ᠪᠠ ᠪᠤᠳᠠᠰ ᠤᠨ ᠬᠤᠯᠪᠤᠭᠠᠨ ᠤ ᠰᠦᠯᠵᠢᠶ᠎ᠡ ᠶᠢᠨ ᠬᠢᠨᠠᠨ ᠡᠵᠡᠮᠳᠡᠬᠦ ᠵᠡᠷᠭᠡ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ ᠨᠥᠬᠦᠪᠦᠷᠢ ᠥᠭᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ | ᠲᠦᠷᠭᠡᠳᠬᠡᠨ ᠠᠬᠢᠭᠤᠯᠤᠨ᠎ᠠ᠃ ᠨᠥᠬᠦᠪᠦᠷᠢ ᠶᠢᠨ ᠪᠡᠯᠡ ᠮᠥᠩᠭᠦ ᠶᠢ ᠲᠤᠭᠠᠴᠠᠨ ᠦᠭᠭᠦ ᠠᠵᠢᠯ ᠢ ᠲᠦᠷᠭᠡᠳᠬᠡᠵᠦ | ᠮᠠᠯᠴᠢᠨ ᠲᠠᠷᠢᠶᠠᠴᠢᠨ ᠪᠣᠯᠣᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ ᠰᠠᠶᠢᠨ | ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠨ᠎ᠠ᠃ ᠲᠤᠰᠬᠠᠢ ᠪᠠᠶᠢᠭᠤᠯᠤᠮᠵᠢ ᠶᠢᠨ | ᠮᠡᠷᠭᠡᠵᠢᠯ ᠤᠨ ᠳᠠᠪᠠᠭᠤᠯᠢᠭ ᠪᠠ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠪᠠ ᠬᠢᠨᠠᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠤᠷᠤᠯᠠᠨ ᠠᠪᠤᠭᠰᠠᠨ᠂ ᠮᠡᠬᠡᠯᠡᠨ ᠠᠪᠤᠭᠰᠠᠨ | ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ | ᠭᠤᠷᠪᠠ᠂ ᠨᠥᠬᠦᠪᠦᠷᠢ ᠥᠭᠬᠦ ᠬᠡᠪᠴᠢᠶ᠎ᠡ | ︵ᠨᠢᠭᠡ︶ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠬᠦᠷᠢᠶ᠎ᠡ ᠬᠡᠪᠴᠢᠶ᠎ᠡ᠃ ᠲᠥᠪ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠥᠭᠬᠦ ᠮᠠᠰᠢᠨ ᠪᠠᠭᠠᠵᠢ ᠶᠢᠨ ᠲᠥᠷᠥᠯ | ᠵᠦᠢᠯ ᠤᠨ ᠬᠡᠪᠴᠢᠶ᠎ᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠳᠤ ᠢᠯᠡ | ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ︱ 2023 ᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠠᠰᠢᠨ ᠪᠠᠭᠠᠵᠢ ᠶᠢᠨ ᠲᠥᠷᠥᠯ ᠵᠦᠢᠯ ᠤᠨ | ᠬᠡᠪᠴᠢᠶ᠎ᠡ︾ ᠳᠤ ᠨᠠᠷᠢᠨ ᠦᠵᠡᠭᠡᠷᠡᠢ᠃ | ︵ᠬᠤᠶᠠᠷ︶ ᠬᠤᠰᠢᠭᠤ ᠱᠠᠲᠤᠨ ᠤ ᠨᠥᠬᠦᠪᠦᠷᠢ ᠶᠢᠨ ᠬᠦᠷᠢᠶ᠎ᠡ ᠬᠡᠪᠴᠢᠶ᠎ᠡ᠃ | ⒈ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠤᠨ ᠮᠠᠰᠢᠨ ᠢᠶᠠᠷ ᠬᠦᠷᠦᠰᠦ ᠰᠢᠷᠤᠢ ᠶᠢ ᠰᠣᠯᠠᠷᠠᠭᠤᠯᠬᠤ᠂ ᠰᠢᠷ᠎ᠠ | ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ᠂ ᠦᠨᠳᠦᠰᠦᠨ ᠱᠠᠲᠤᠨ ᠤ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠲᠠᠷᠢᠶᠠᠯᠠᠩ ᠤᠨ ᠮᠠᠰᠢᠨ ᠪᠠᠭᠠᠵᠢ ᠵᠢᠴᠢ ︽ᠳᠣᠬᠢᠭᠤᠷ | ᠲᠤᠯᠤᠭᠠᠨ ᠣᠲᠣ︾ ᠠᠯᠤᠰ ᠠᠴᠠ ᠬᠢᠨᠠᠨ ᠬᠡᠮᠵᠢᠬᠦ ᠰᠢᠰᠲ᠋ᠧᠮ ᠢᠶᠠᠷ ᠠᠵᠢᠯᠯᠠᠬᠤ ᠲᠠᠷᠢᠶᠠᠯᠠᠩ ᠤᠨ ᠮᠠᠰᠢᠨ ᠳᠤ | ᠭᠡᠷᠡᠭᠵᠢᠬᠦᠯᠦᠨ᠎ᠡ᠃ | ⒉2023 ᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠭᠤᠣᠯᠳᠠᠯᠭ᠎ᠠ ᠲᠠᠢ ᠲᠡᠳᠬᠦᠬᠦ ᠬᠤᠷᠰᠢᠭᠰᠠᠨ ᠵᠣᠬᠢᠶᠠᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ᠂ | ᠠᠯᠠᠰᠢᠨ ᠦᠬᠡᠷ᠂ ᠠᠯᠠᠰᠢᠨ ᠬᠤᠨᠢ᠂ ᠤᠰᠤᠨ ᠲᠤᠲᠤᠷᠭ᠎ᠠ᠂ ᠠᠮᠤ᠂ ᠠᠦ᠋ᠲ᠋ᠤ᠋ ᠨᠣᠭᠤᠭᠠᠨ ᠪᠣᠷᠳᠤᠭ᠎ᠠ ᠬᠤᠷᠢᠶᠠᠬᠤ | ᠮᠠᠰᠢᠨ᠂ ᠲᠦᠬᠦᠭᠡᠷᠤᠮᠵᠢᠲᠤ ᠢᠳᠡᠰᠢᠨ ᠨᠣᠭᠤᠭ᠎ᠠ᠂ ᠬᠠᠷᠭᠠᠨ᠎ᠠ ᠲᠠᠭᠠᠷᠢᠬᠤ ᠵᠡᠷᠭᠡ ᠶᠢ ᠬᠡᠪᠴᠢᠶᠡᠵᠢᠭᠦᠯᠦᠨ | ᠦᠢᠯᠡᠳᠪᠦᠷᠢᠯᠡᠬᠦ ᠳᠤ ᠬᠤᠳᠠᠯᠳᠤᠨ ᠠᠪᠬᠤ ᠴᠢᠬᠤᠯᠠᠲᠠᠢ ᠲᠠᠷᠢᠶᠠᠯᠠᠩ ᠤᠨ ᠮᠠᠰᠢᠨ ᠪᠠᠭᠠᠵᠢ᠃ | ⒊ᠤᠰᠤᠨ ᠲᠤᠲᠤᠷᠭ᠎ᠠ ᠶᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠰᠤᠷᠭᠤᠭ ᠡᠷᠳᠡᠨᠢ ᠰᠢᠰᠢ᠂ ᠠᠮᠤ | ᠪᠤᠳᠠᠭ᠎ᠠ ᠶᠢ ᠬᠠᠭᠰᠠᠭᠠᠵᠦ ᠬᠠᠳᠠᠭᠠᠬᠤ᠂ ᠡᠪᠡᠰᠦ ᠪᠣᠷᠳᠤᠭ᠎ᠠ ᠵᠡᠷᠭᠡ ᠶᠢ ᠦᠢᠯᠡᠳᠪᠦᠷᠢᠯᠡᠬᠦ᠂ ᠪᠣᠯᠪᠠᠰᠤᠷᠠᠭᠤᠯᠬᠤ ᠮᠠᠰᠢᠨ | ᠮᠧᠬᠠᠨᠢᠭ᠃ | ⒋ᠲᠣᠭᠠᠴᠢᠯᠠᠭᠰᠠᠨ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢ 3 | ᠭᠤᠣᠯᠳᠠᠯᠭ᠎ᠠ ᠲᠠᠢ ᠲᠡᠳᠬᠦᠨ᠎ᠡ᠃ | ⒌2022 ᠣᠨ ᠳᠤ ᠭᠤᠣᠯᠳᠠᠯᠭ᠎ᠠ ᠲᠠᠢ ᠲᠡᠳᠬᠦᠬᠦ ᠪᠠᠷ ᠨᠢᠭᠡᠨᠲᠡ ᠬᠢᠨᠠᠨ ᠬᠠᠷᠭᠤᠭᠤᠯᠤᠭᠰᠠᠨ ᠪᠤᠶᠤ ᠢᠯᠡ | ᠨᠡᠶᠢᠳᠡᠯᠡᠭᠰᠡᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ᠂ ᠳᠠᠷᠢᠵᠤ ᠲᠡᠵᠢᠭᠡᠨ ᠦᠷᠡᠵᠢᠭᠦᠯᠬᠦ ᠲᠣᠮᠣ | ᠡᠷᠦᠬᠡ ᠶᠢᠨ ᠬᠤᠰᠢᠭᠤ ᠲᠠᠰ ᠤᠨ ᠨᠥᠬᠦᠪᠦᠷᠢ ᠶᠢ ᠭᠥᠷᠳᠡᠭᠡ ᠦᠭᠡᠢ ᠲᠠᠷᠢᠶᠠᠯᠠᠩ ᠤᠨ ᠮᠠᠰᠢᠨ ᠪᠠᠭᠠᠵᠢ᠃ | ⒍ᠲᠠᠷᠢᠶᠠᠯᠠᠩ ᠤᠨ ᠮᠠᠰᠢᠨ ᠤ ᠲᠤᠷᠰᠢᠯᠲᠠ ᠬᠢᠵᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ | ᠤᠷᠤᠭᠤᠯᠤᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠠᠷᠢᠶᠠᠯᠠᠩ ᠤᠨ ᠮᠠᠰᠢᠨ ᠤ ᠰᠢᠨ᠎ᠡ | ᠦᠢᠯᠡᠳᠬᠦᠨ᠃ | ᠳᠥᠷᠪᠡ᠂ ᠨᠥᠬᠦᠪᠦᠷᠢ ᠣᠯᠭᠤᠬᠤ ᠡᠲᠡᠭᠡᠳ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠡᠲᠡᠭᠡᠳ ᠪᠣᠯ ᠦᠦᠰᠢᠨ | ᠬᠤᠰᠢᠭᠤᠨ ᠤ ᠬᠢᠯᠢ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠰᠢᠭᠤᠳ ᠡᠷᠬᠢᠯᠡᠵᠦ | ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠪᠣᠯᠣᠨ᠎ᠠ᠃ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠵᠣᠬᠢᠶᠠᠨ ᠪᠠᠶᠢᠭᠤᠯᠤᠯᠲᠠ ︵ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ | ᠪᠠᠭᠲᠠᠭᠠᠨ᠎ᠠ᠂ ᠳᠣᠷᠣᠭᠰᠢ ᠠᠳᠠᠯᠢ︶ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠭᠰᠠᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠣᠯᠣᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢ ᠡᠷᠬᠢᠯᠡᠵᠤ ᠪᠠᠶᠢᠭ᠎ᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ | ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠭᠲᠠᠨ᠎ᠠ᠃ ᠨᠥᠬᠦᠪᠦᠷᠢ ᠣᠯᠭᠤᠬᠤ ᠡᠲᠡᠭᠡᠳ ᠲᠤ ᠤᠯᠤᠰ ᠪᠠ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ | ᠬᠥᠮᠥᠰ ᠢ ᠪᠠᠭᠲᠠᠭᠠᠬᠤ ᠦᠭᠡᠢ᠂ ᠲᠤᠬᠠᠶᠢᠯᠠᠪᠠᠯ ᠤᠯᠤᠰ ᠤᠨ ᠠᠯᠪᠠᠲᠠᠨ᠂ ᠠᠯᠪᠠᠳᠠᠨ ᠤ ᠬᠠᠤᠯᠢ ᠪᠠᠷ ᠯᠠᠪᠯᠠᠯᠲᠠ | ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠢ ᠪᠠᠭᠲᠠᠭᠠᠨ᠎ᠠ︶ ᠢ | ᠨᠥᠬᠦᠪᠦᠷᠢ ᠣᠯᠭᠤᠬᠤ ᠡᠲᠡᠭᠡᠳ ᠲᠤ ᠣᠷᠣᠭᠤᠯᠬᠤ ᠦᠭᠡᠢ᠃ | ᠲᠠᠪᠤ᠂ ᠨᠥᠬᠦᠪᠦᠷᠢ ᠥᠭᠬᠦ ᠪᠠᠷᠢᠮᠵᠢᠶ᠎ᠠ | ︵ᠨᠢᠭᠡ︶ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠠᠷᠢᠮᠵᠢᠶ᠎ᠠ᠃ ᠥᠪᠡᠷᠲᠡᠭᠡᠨ ᠵᠠᠰᠠᠬᠤ | ᠣᠷᠣᠨ ᠤ ᠨᠥᠬᠦᠪᠦᠷᠢ ᠦᠭᠭᠦ ᠬᠡᠷᠡᠭᠵᠢᠭᠦᠯᠬᠦ ᠲᠥᠰᠥᠯ ᠪᠠ ᠨᠥᠬᠦᠪᠦᠷᠢᠯᠡᠵᠦ ᠨᠡᠶᠢᠳᠡᠯᠡᠭᠰᠡᠡ ᠠᠯᠪᠠᠨ ᠵᠠᠷ ᠤᠨ | ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢ ᠤᠷᠢᠳᠠᠪᠡᠷ | ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠡᠪᠴᠢᠶᠡᠵᠢᠭᠦᠯᠦᠭᠰᠡᠨ ᠮᠠᠯ ᠲᠡᠵᠢᠬᠡᠪᠤᠷᠢ ᠳᠤ ᠬᠡᠷᠡᠭᠰᠡᠬᠦ ᠡᠪᠡᠰᠦ | ᠪᠣᠷᠳᠤᠭ᠎ᠠ ᠶᠢ ᠬᠤᠷᠢᠶᠠᠬᠤ᠂ ᠡᠳ᠋ᠰᠢᠭᠦᠯᠬᠦ᠂ ᠲᠡᠵᠢᠭᠡᠬᠦ ᠲᠥᠬᠦᠭᠡᠷᠦᠮᠵᠢ ᠵᠡᠷᠭᠡ ᠮᠠᠰᠢᠨ ᠮᠧᠬᠠᠨᠢᠭ ᠤᠨ ᠨᠥᠬᠦᠪᠦᠷᠢ | ᠦᠭᠭᠦ ᠳᠤ ᠨᠥᠬᠦᠪᠦᠷᠢᠯᠡᠨ᠎ᠡ᠃ | ︵ᠬᠤᠶᠠᠷ︶ ᠬᠤᠰᠢᠭᠤ ᠱᠠᠲᠤᠨ ᠤ ᠨᠥᠬᠦᠪᠦᠷᠢ ᠶᠢᠨ ᠪᠠᠷᠢᠮᠵᠢᠶ᠎ᠠ᠃ | ⒈ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠤᠨ ᠮᠠᠰᠢᠨ ᠢᠶᠠᠷ ᠬᠦᠷᠦᠰᠤ ᠰᠢᠷᠣᠢ ᠶᠢ ᠰᠤᠯᠠᠷᠠᠭᠤᠯᠬᠤ᠂ ᠰᠢᠷ᠎ᠠ | ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ᠂ ᠦᠨᠳᠦᠰᠦᠨ ᠱᠠᠲᠤᠨ ᠤ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠲᠠᠷᠢᠶᠠᠯᠠᠩ ᠤᠨ ᠮᠠᠰᠢᠨ ᠪᠠᠭᠠᠵᠢ ᠵᠢᠴᠢ ᠢᠵᠢ ᠪᠦᠷᠢᠳᠦᠭᠦᠯᠬᠦ | ᠲᠥᠬᠦᠭᠡᠷᠦᠮᠵᠢ ᠨᠢ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ ᠬᠤᠰᠢᠭᠤ | ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 40% ᠪᠣᠯᠣᠨ᠎ᠠ᠃ | ⒉ᠮᠠᠨ ᠤ ᠬᠤᠰᠢᠭᠤᠨ ᠤ ᠠᠯᠠᠰᠢᠨ ᠦᠬᠡᠷ᠂ ᠠᠯᠠᠰᠢᠨ ᠬᠤᠨᠢ᠂ ᠤᠰᠤᠨ ᠲᠤᠲᠤᠷᠭ᠎ᠠ᠂ ᠬᠤᠯᠢᠮᠠᠭ ᠠᠮᠤ᠂ | ᠲᠦᠬᠦᠬᠡᠷᠤᠮᠵᠢᠲᠤ ᠢᠳᠡᠰᠢᠨ ᠨᠣᠭᠤᠭ᠎ᠠ᠂ ᠠᠦ᠋ᠲ᠋ᠤ᠋ ᠨᠣᠭᠤᠭᠠᠨ ᠪᠣᠷᠳᠤᠭ᠎ᠠ ᠬᠤᠷᠢᠶᠠᠬᠤ ᠮᠠᠰᠢᠨ ︵2.6m ᠵᠢᠴᠢ | ᠲᠡᠭᠦᠨ ᠠᠴᠠ ᠳᠡᠭᠡᠭᠰᠢᠬᠢ ᠠᠦ᠋ᠲ᠋ᠤ᠋ ᠲᠣᠭᠤᠷᠢᠭ ᠬᠡᠯᠪᠡᠷᠢ ᠶᠢᠨ ᠨᠣᠭᠤᠭᠠᠨ ᠪᠣᠷᠳᠤᠭ᠎ᠠ ᠬᠤᠷᠢᠶᠠᠬᠤ ᠮᠠᠰᠢᠨ᠂ ᠬᠤᠣᠰ | ᠪᠤᠯᠤᠲᠤ ᠮᠥᠬᠦᠯᠢᠭ ᠬᠡᠮᠬᠡᠯᠡᠬᠦ ᠮᠠᠰᠢᠨ︶᠂ ᠬᠠᠷᠭᠠᠨ᠎ᠠ ᠲᠠᠭᠠᠷᠢᠬᠤ ᠵᠡᠷᠭᠡ ᠳᠤ ᠬᠡᠷᠡᠭᠰᠡᠬᠦ ᠲᠠᠷᠢᠶᠠᠯᠠᠩ ᠤᠨ ᠮᠠᠰᠢᠨ | ᠪᠠᠭᠠᠵᠢ ᠨᠢ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ ᠬᠤᠰᠢᠭᠤ | ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 30% ᠪᠣᠯᠣᠨ᠎ᠠ᠃ | ⒊ᠮᠠᠯ ᠠᠵᠤ ᠠᠬᠤᠢ ᠶᠢᠨ ᠬᠡᠪᠴᠢᠶᠡᠵᠢᠭᠦᠯᠦᠭᠰᠡᠨ ᠲᠡᠵᠢᠭᠡᠨ ᠮᠠᠯᠵᠢᠬᠤ ᠲᠤᠨᠤᠭ ᠲᠥᠬᠦᠭᠡᠷᠦᠮᠵᠢ ᠶᠢ ᠪᠥᠬᠦ | ᠬᠤᠰᠢᠭᠤᠨ ᠤ ᠳᠠᠷᠢᠵᠤ ᠲᠡᠵᠢᠭᠡᠨ ᠮᠠᠯᠵᠢᠬᠤ ᠲᠣᠮᠣ ᠡᠷᠦᠬᠡ ᠳᠤ ᠳᠡᠯᠭᠡᠷᠡᠭᠦᠯᠬᠦ ᠳᠤ ᠲᠥᠪ ᠪᠠ ᠥᠪᠡᠷᠲᠡᠭᠡᠨ ᠵᠠᠰᠠᠬᠤ | ᠣᠷᠣᠨ ᠤ ᠨᠥᠬᠦᠪᠦᠷᠢ ᠶᠢᠨ ᠪᠡᠯᠡ ᠮᠥᠩᠭᠦ ᠶᠢ ᠤᠷᠢᠳᠠᠪᠠᠷ ᠭᠥᠷᠳᠡᠨ᠎ᠡ᠃ ᠬᠤᠰᠢᠭᠤ ᠲᠠᠰ ᠤᠨ ᠨᠡᠮᠡᠯᠳᠡ ᠨᠥᠬᠦᠪᠦᠷᠢ | ᠶᠢ ᠨᠢᠭᠡ ᠳᠤ ᠠᠦ᠋ᠲ᠋ᠣᠴᠢᠯᠠᠭᠰᠠᠨ ᠲᠡᠵᠢᠭᠡᠨ ᠪᠤᠷᠳᠤᠬᠤ ᠮᠠᠰᠢᠨ ᠳᠤ ᠣᠯᠭᠤᠵᠦ ᠠᠵᠢᠯᠯᠠᠬᠤ ᠲᠠᠯᠠᠪᠤᠷ ᠤᠨ | ᠣᠷᠳᠣ ᠶᠢᠨ ᠬᠡᠮᠵᠢᠶ᠎ᠡ ᠨᠢ ᠬᠠᠮᠤᠭ ᠳᠣᠣᠷ᠎ᠠ ᠳᠠᠭᠠᠨ 40 ᠮᠧᠲᠷ ᠪᠠᠶᠢᠬᠤ ᠶᠢ ᠱᠠᠭᠠᠷᠳᠠᠨ᠂ 30 ᠰᠠᠭᠤᠷᠢ ︵ᠢᠵᠢ︶ | ᠳᠤ ᠨᠥᠬᠦᠪᠦᠷᠢ ᠤᠯᠭᠤᠵᠦ᠂ ᠰᠠᠭᠤᠷᠢ ︵ᠢᠵᠢ︶ ᠪᠦᠷᠢ ᠳᠤ 1 ᠲᠦᠮᠡᠨ ᠲᠥᠭᠦᠷᠢᠭ ᠤᠨ ᠨᠥᠬᠦᠪᠦᠷᠢ ᠥᠭᠬᠦᠨ᠎ᠡ︔ | ᠬᠤᠶᠠᠷ ᠲᠤ᠂ ᠲᠡᠵᠢᠭᠡᠯ ᠪᠣᠷᠳᠤᠭ᠎ᠠ ᠬᠤᠯᠢᠬᠤ ᠮᠠᠰᠢᠨ ᠤ ᠪᠠᠭᠲᠠᠭᠠᠮᠵᠢ ᠨᠢ ᠬᠠᠮᠤᠭ ᠤᠨ ᠳᠣᠣᠷ᠎ᠠ ᠳᠠᠭᠠᠨ 5 | ᠪᠤᠰᠤᠭ᠎ᠠ ᠲᠦᠷᠪᠡᠯᠵᠢᠨ ᠮᠧᠲᠷ ᠪᠠᠶᠢᠵᠦ᠂ 100 ᠰᠠᠭᠤᠷᠢ ᠳᠤ ᠨᠦᠬᠦᠪᠦᠷᠢ ᠤᠯᠭᠤᠵᠦ᠂ ᠰᠠᠭᠤᠷᠢ ᠪᠦᠷᠢ ᠳᠤ 0.9 | ᠲᠦᠮᠡᠨ ᠲᠥᠭᠦᠷᠢᠭ ᠤᠨ ᠨᠥᠬᠦᠪᠦᠷᠢ ᠥᠭᠬᠦᠨ᠎ᠡ︔ ᠭᠤᠷᠪᠠ ᠳᠤ᠂ ᠦᠬᠡᠷ ᠮᠣᠷᠢ ᠬᠠᠭᠠᠬᠤ ᠲᠠᠯᠪᠢᠭᠤᠷ ᠢ 30 ᠢᠵᠢ | ᠳᠤ ︵ᠵᠦᠪᠬᠡᠨ ᠥᠪᠡᠷᠲᠡᠭᠡᠨ ᠵᠠᠰᠠᠬᠤ ᠣᠷᠣᠨ ᠨᠥᠬᠦᠪᠦᠷᠢ ᠤᠯᠭᠤᠬᠤ ᠦᠢᠯᠡᠳᠬᠦᠨ︶ ᠨᠥᠬᠦᠪᠦᠷᠢ ᠤᠯᠭᠤᠵᠦ᠂ | ᠢᠵᠢ ᠪᠦᠷᠢ ᠳᠤ 0.2 ᠲᠦᠮᠡᠨ ᠲᠥᠭᠦᠷᠢᠭ ᠨᠥᠬᠦᠪᠦᠷᠢᠯᠡᠨ᠎ᠡ᠃ | ⒋ᠠᠮᠤ ᠪᠤᠳᠠᠭ᠎ᠠ ᠶᠢ ᠦᠢᠯᠡᠳᠪᠦᠷᠢᠯᠡᠭᠰᠡᠨ ᠤ ᠳᠠᠷᠠᠭ᠎ᠠ ᠬᠡᠷᠡᠭᠰᠡᠬᠦ ᠤᠰᠤᠨ ᠲᠤᠲᠤᠷᠭ᠎ᠠ ᠶᠢᠨ ᠨᠠᠷᠢᠯᠢᠭ | ᠡᠳ᠋ᠰᠢᠭᠦᠯᠭᠡ᠂ ᠰᠢᠨ᠎ᠡ ᠰᠣᠷᠭᠤᠭ ᠡᠷᠳᠡᠨᠢ ᠰᠢᠰᠢ᠂ ᠠᠮᠤ ᠪᠤᠳᠠᠭ᠎ᠠ ᠬᠠᠭᠰᠠᠭᠠᠵᠦ ᠬᠠᠲᠠᠭᠠᠬᠤ ᠮᠠᠰᠢᠨ ᠨᠢ ᠲᠥᠪ᠂ | ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ ᠬᠤᠰᠢᠭᠤ ᠲᠠᠰ ᠤᠨ ᠨᠡᠮᠡᠵᠦ | ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 30% ᠪᠣᠯᠣᠨ᠎ᠠ᠃ | ⒌ᠲᠣᠭᠠᠴᠢᠯᠠᠭᠰᠠᠨ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢ 3 | ᠭᠤᠣᠯᠳᠠᠯᠭ᠎ᠠ ᠲᠠᠢ ᠲᠡᠳᠬᠦᠵᠦ᠂ ᠡᠷᠦᠬᠡ ᠪᠦᠷᠢ ᠳᠤ 12 ᠲᠦᠮᠡᠨ ᠲᠥᠭᠦᠷᠢᠭ ᠤᠨ ᠨᠥᠬᠦᠪᠦᠷᠢ ᠥᠭᠴᠦ᠂ | ᠨᠥᠬᠦᠪᠦᠷᠢ ᠶᠢᠨ ᠪᠡᠯᠡ ᠮᠥᠩᠭᠦ ᠶᠢ ᠬᠤᠷᠰᠢᠶᠠᠵᠢᠯ ᠤᠨ ᠲᠣᠭᠠᠴᠢᠯᠠᠭᠰᠠᠨ᠂ ᠣᠶᠤᠨᠴᠢᠯᠠᠭᠰᠠᠨ ᠬᠥᠭᠵᠢᠯᠲᠡ ᠶᠢᠨ | ᠪᠦᠲᠦᠭᠡᠨ ᠪᠠᠶᠢᠭᠤᠯᠤᠯᠲᠠ᠂ ᠲᠣᠮᠣ ᠬᠡᠯᠪᠡᠷᠢ ᠶᠢᠨ ᠣᠶᠤᠨᠴᠢᠯᠠᠭᠰᠠᠨ ᠮᠠᠰᠢᠨ ᠬᠤᠳᠠᠯᠳᠤᠨ ᠠᠪᠬᠤ ︵ᠲᠥᠪ᠂ | ᠥᠪᠡᠷᠲᠡᠭᠡᠨ ᠵᠠᠰᠠᠬᠤ ᠣᠷᠣᠨ ᠤ ᠨᠡᠮᠡᠯᠳᠡ ᠨᠥᠬᠦᠪᠦᠷᠢ ᠶᠢ ᠭᠥᠷᠳᠡᠵᠦ ᠪᠣᠯᠣᠨ᠎ᠠ︶ ᠪᠠ ᠰᠠᠭᠤᠷᠢ ᠲᠦᠬᠦᠬᠡᠷᠤᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠡᠷᠡᠭᠯᠡᠨ᠎ᠡ᠃ | ⒍ᠨᠢᠭᠡᠨᠲᠡ ᠬᠢᠨᠠᠨ ᠬᠠᠷᠭᠤᠭᠤᠯᠤᠭᠰᠠᠨ ᠪᠤᠶᠤ ᠨᠢᠭᠡᠨᠲᠡ ᠵᠠᠷᠯᠠᠨ ᠨᠡᠶᠢᠲᠡᠯᠡᠭᠰᠡᠨ 2022 ᠣᠨ ᠳᠤ | ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶᠠᠵᠢᠯ᠂ ᠳᠠᠷᠢᠵᠤ ᠲᠡᠵᠢᠭᠡᠨ ᠦᠷᠡᠵᠢᠭᠦᠯᠬᠦ ᠲᠣᠮᠣ | ᠡᠷᠦᠬᠡ ᠶᠢᠨ ᠬᠤᠰᠢᠭᠤ ᠲᠠᠰ ᠤᠨ ᠨᠥᠬᠦᠪᠦᠷᠢ ᠭᠥᠷᠳᠡᠭᠰᠡᠨ ᠦᠭᠡᠢ ᠲᠠᠷᠢᠶᠠᠯᠠᠩ ᠤᠨ ᠮᠠᠰᠢᠨ ᠪᠠᠭᠠᠵᠢ ᠶᠢ | ᠭᠤᠣᠯᠳᠠᠯᠭ᠎ᠠ ᠲᠠᠢ ᠳᠡᠮᠵᠢᠵᠦ᠂ ᠨᠥᠬᠦᠪᠦᠷᠢ ᠶᠢᠨ ᠬᠠᠷᠢᠴᠠᠯ ᠢ 2022 ᠣᠨ ᠤ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ | ⒎ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠳᠤ ᠲᠣᠭᠠᠴᠢᠯᠠᠭᠰᠠᠨ᠂ | ᠣᠶᠤᠨᠴᠢᠯᠠᠭᠰᠠᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ 6 ᠮᠥᠷ ᠵᠢᠴᠢ 6 ᠮᠥᠷ ᠠᠴᠠ ᠳᠡᠭᠡᠭᠰᠢ᠂ ᠠᠵᠢᠯ ᠤᠨ | ᠬᠡᠪᠴᠢᠶ᠎ᠡ ᠨᠢ 3.8m ᠠᠴᠠ ᠳᠡᠭᠡᠭᠰᠢᠬᠢ ᠲᠣᠮᠣ ᠬᠡᠯᠪᠡᠷᠢ ᠶᠢᠨ ᠡᠷᠳᠡᠨᠢ ᠰᠢᠰᠢ ᠶᠢᠨ ᠦᠷ᠎ᠡ ᠬᠤᠷᠢᠶᠠᠬᠤ ᠮᠠᠰᠢᠨ ᠢ | 2 ᠰᠠᠭᠤᠷᠢ ᠣᠷᠣᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠬᠦ ᠠᠴᠠ ᠭᠠᠳᠠᠨ᠎ᠠ᠂ | ᠬᠤᠰᠢᠭᠤᠨ ᠲᠠᠰ ᠤᠨ ᠨᠡᠮᠡᠵᠦ ᠨᠦᠬᠦᠪᠦᠷᠢᠯᠡᠬᠦ ᠬᠠᠷᠢᠴᠠᠯ ᠨᠢ ᠪᠣᠷᠣᠯᠠᠭᠤᠯᠤᠯᠲᠠ ᠶᠢᠨ ᠦᠨ᠎ᠡ ᠶᠢᠨ 50% ᠪᠣᠯᠣᠨ᠎ᠠ᠃ | | ᠵᠢᠷᠭᠤᠭ᠎ᠠ᠂ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | 2023 ᠣᠨ ᠳᠤ ᠬᠤᠰᠢᠭᠤ ᠱᠠᠲᠤᠨ ᠤ ᠡᠳ᠋ ᠤᠨ ᠵᠠᠰᠠᠭ ᠠᠴᠠ 580 ᠲᠦᠮᠡᠨ ᠲᠥᠭᠦᠷᠢᠭ ᠤᠨ | ᠨᠥᠬᠦᠪᠦᠷᠢ ᠮᠥᠩᠭᠦ ᠲᠣᠬᠢᠷᠠᠭᠤᠯᠤᠨ᠎ᠠ᠃ ᠬᠤᠰᠢᠭᠤ ᠲᠠᠰ ᠤᠨ ᠨᠡᠮᠡᠵᠦ ᠨᠦᠬᠦᠪᠦᠷᠢᠯᠡᠬᠦ ᠲᠠᠰ ᠳᠠᠷᠠᠭᠠᠯᠠᠯ ᠨᠢ | ᠭᠤᠶᠤᠴᠢᠯᠠᠯ ᠤᠨ ᠭᠡᠷᠡᠴᠢ ᠪᠣᠯᠣᠨ ᠮᠠᠰᠢᠨ ᠬᠤᠳᠠᠯᠳᠤᠨ ᠠᠪᠤᠭᠰᠠᠨ ᠪᠠᠷᠢᠮᠲᠠ ᠪᠢᠴᠢᠬᠦ ᠴᠠᠭ ᠤᠨ ᠡᠮᠦᠨ᠎ᠡ ᠬᠤᠶᠢᠨᠠᠬᠢ | ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠨᠥᠬᠦᠪᠦᠷᠢ ᠶᠢᠨ ᠭᠤᠶᠤᠴᠢᠯᠠᠯ ᠢ ᠪᠢᠴᠢᠵᠦ ᠣᠷᠣᠭᠤᠯᠤᠨ᠎ᠠ᠂ ᠬᠡᠷᠡᠭᠵᠢᠭᠦᠯᠬᠦ | ᠶᠠᠪᠤᠴᠠ ᠳᠤ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢ | ᠬᠠᠷᠢᠯᠴᠠᠨ ᠲᠣᠬᠢᠷᠠᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠨᠥᠬᠦᠵᠦ ᠳᠠᠭᠤᠰᠲᠠᠯ᠎ᠠ ᠬᠠᠷᠢᠯᠴᠠᠨ | ᠲᠣᠬᠢᠷᠠᠭᠤᠯᠤᠨ᠎ᠠ᠂ ᠭᠡᠪᠡᠴᠦ ᠬᠡᠷᠡᠭᠵᠢᠭᠦᠯᠬᠦ ᠪᠠᠷᠢᠮᠵᠢᠶ᠎ᠠ ᠪᠣᠯᠣᠨ ᠶᠡᠷᠦᠩᠬᠡᠢ ᠲᠤᠭ᠎ᠠ ᠶᠢ ᠬᠤᠪᠢᠷᠠᠭᠤᠯᠬᠤ ᠦᠭᠡᠢ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠨᠤᠭᠤᠳ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠬᠡᠮ ᠤᠨ ᠭᠡᠷᠡᠴᠢ᠂ ᠠᠵᠤ | ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠨ᠎ᠠ᠃ | ︵ᠬᠤᠶᠠᠷ︶ ᠮᠠᠯᠴᠢᠨ ᠲᠠᠷᠢᠶᠠᠴᠢᠨ ᠬᠤᠪᠢ ᠬᠥᠮᠥᠨ ᠮᠠᠰᠢᠨ ᠬᠤᠳᠠᠯᠳᠤᠨ ᠠᠪᠬᠤ ᠨᠥᠬᠦᠪᠦᠷᠢ ᠶᠢ | ᠭᠤᠶᠤᠴᠢᠯᠠᠬᠤ ᠳᠤ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠦᠢᠯᠡᠳᠴᠦ ᠣᠯᠭᠤᠭᠰᠠᠨ ᠨᠤᠲᠤᠭ | ᠪᠡᠯᠴᠢᠭᠡᠷ ᠤᠨ ᠦᠨᠡᠮᠯᠡᠯ ᠤᠨ ᠤᠭ ᠮᠠᠲ᠋ᠧᠷᠢᠶᠠᠯ ᠢ ᠬᠠᠮᠲᠤ ᠳᠤᠨᠢ ᠬᠠᠩᠭᠠᠨ᠎ᠠ︔ ᠬᠠᠮᠲᠤ ᠪᠠᠷ ᠬᠡᠷᠡᠭᠯᠡᠬᠦ ᠨᠤᠲᠤᠭ | ᠪᠡᠯᠴᠢᠭᠡᠷ ᠤᠨ ᠦᠨᠡᠮᠯᠡᠯ ᠢ ᠡᠷᠦᠬᠡ ᠳᠤ ᠬᠤᠪᠢᠶᠠᠭᠰᠠᠨ ᠪᠤᠶᠤ ᠨᠤᠲᠤᠭ ᠪᠡᠯᠴᠢᠭᠡᠷ ᠤᠨ ᠦᠨᠡᠮᠯᠡᠯ ᠢ ᠡᠷᠦᠬᠡ ᠳᠤ | ᠣᠯᠭᠤᠭᠰᠠᠨ ᠦᠭᠡᠢ ᠪᠣᠯ ᠬᠠᠮᠲᠤ ᠪᠠᠷ ᠬᠡᠷᠡᠭᠯᠡᠬᠦ ᠨᠤᠲᠤᠭ ᠪᠡᠯᠴᠢᠭᠡᠷ ᠤᠨ ᠦᠨᠡᠮᠯᠡᠯ ᠤᠨ ᠤᠭ ᠮᠠᠲ᠋ᠧᠷᠢᠶᠠᠯ ᠵᠢᠴᠢ | ᠮᠠᠰᠢᠨ ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ ᠪᠠᠯᠭᠠᠰᠤ ᠪᠤᠶᠤ ᠭᠠᠴᠠᠭ᠎ᠠ ᠲᠣᠰᠬᠤᠨ ᠤ ᠭᠠᠷᠭᠠᠭᠰᠠᠨ | ᠪᠢᠴᠢᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃ | ︵ᠭᠤᠷᠪᠠ︶ ᠳᠠᠷᠢᠵᠤ ᠲᠡᠵᠢᠭᠡᠨ ᠮᠠᠯᠵᠢᠬᠤ ᠲᠣᠮᠣ ᠡᠷᠦᠬᠡ ᠪᠠ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ ᠮᠠᠯ ᠠᠵᠤ ᠠᠬᠤᠢ ᠶᠢᠨ ᠮᠠᠰᠢᠨ ᠬᠤᠳᠠᠯᠳᠤᠨ | ᠠᠪᠬᠤ ᠳᠤ ᠡᠷᠬᠡᠪᠰᠢ ᠪᠠᠶᠢᠭ᠎ᠠ ᠰᠤᠮᠤ ᠪᠠᠯᠭᠠᠰᠣᠨ ᠤ ᠵᠠᠰᠠᠭ ᠤᠨ ᠣᠷᠳᠣᠨ ᠪᠠ ᠭᠠᠴᠠᠭ᠎ᠠ ᠲᠣᠰᠬᠤᠨ ᠤ ᠭᠠᠷᠭᠠᠭᠰᠠᠨ | 30 ᠲᠣᠯᠣᠭᠠᠢ ᠠᠴᠠ ᠳᠡᠭᠡᠭᠰᠢᠬᠢ ᠴᠢᠨᠠᠷ ᠰᠠᠶᠢᠲᠠᠢ ᠠᠯᠠᠰᠢᠨ ᠦᠬᠡᠷ ᠪᠤᠶᠤ 100 ᠲᠣᠯᠣᠭᠠᠢ ᠠᠴᠠ ᠳᠡᠭᠡᠭᠰᠢᠬᠢ | ᠴᠢᠨᠠᠷ ᠰᠠᠶᠢᠲᠠᠢ ᠠᠯᠠᠰᠢᠨ ᠬᠤᠨᠢ ᠲᠡᠵᠢᠭᠡᠨ ᠮᠠᠯᠵᠢᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃ | ︵ᠳᠥᠷᠪᠡ︶ ᠬᠤᠰᠢᠭᠤ ᠲᠠᠰ ᠤᠨ ᠨᠥᠬᠦᠪᠦᠷᠢ ᠶᠢ ᠭᠥᠷᠳᠡᠵᠦ ᠬᠤᠳᠠᠯᠳᠤᠨ ᠠᠪᠤᠭᠰᠠᠨ ᠲᠠᠷᠢᠶᠠᠯᠠᠩ ᠤᠨ | ᠮᠠᠰᠢᠨ ᠪᠠᠭᠠᠵᠢ ᠶᠢ 3 ᠵᠢᠯ ᠤᠨ ᠳᠣᠲᠣᠷ᠎ᠠ ᠰᠢᠯᠵᠢᠭᠦᠯᠵᠦ ᠪᠣᠯᠬᠤ ᠦᠭᠡᠢ᠂ ᠡᠭᠦᠨ ᠤ ᠬᠠᠮᠲᠤ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠶᠢ ᠬᠦᠯᠢᠶᠡᠵᠦ᠂ ᠨᠥᠬᠦᠪᠦᠷᠢ ᠤᠯᠭᠤᠭᠰᠠᠨ ᠮᠠᠰᠢᠨ ᠪᠠᠭᠠᠵᠢ ᠶᠢ ᠰᠢᠯᠵᠢᠭᠦᠯᠵᠦ ᠥᠭᠬᠦ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ ᠣᠯᠵᠤ ᠮᠡᠳᠡᠪᠡᠯ ᠳᠠᠷᠠᠭ᠎ᠠ ᠨᠢᠭᠡ ᠵᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠬᠠᠷ᠎ᠠ ᠲᠠᠩᠰᠠᠨ ᠳᠤ | ᠣᠷᠣᠭᠤᠯᠤᠨ᠎ᠠ᠃ | ︵ᠲᠠᠪᠤ︶ ᠫᠠᠶᠢᠰᠠ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠮᠠᠰᠢᠨ ᠪᠠᠭᠠᠵᠢ ᠬᠤᠳᠠᠯᠳᠤᠨ | ᠠᠪᠬᠤ ᠳᠤ᠂ ᠥᠮᠴᠢᠯᠡᠭᠴᠢ ᠨᠢ ᠬᠤᠰᠢᠭᠤ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ | ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠳᠠᠰᠤᠭ ᠲᠤ ᠭᠤᠶᠤᠴᠢᠯᠠᠨ ᠳᠠᠩᠰᠠᠯᠠᠭᠤᠯᠵᠤ ᠲᠡᠮᠳᠡᠭᠯᠡᠭᠦᠯᠦᠨ᠎ᠡ᠃ | ᠨᠥᠬᠦᠪᠦᠷᠢ ᠥᠭᠬᠦ ᠨᠡᠷᠡᠰ ᠤᠨ ᠬᠡᠪᠴᠢᠶᠡᠨ ᠳᠤ ᠪᠠᠶᠢᠭ᠎ᠠ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ ᠮᠧᠬᠠᠨᠢᠭ | ᠪᠠᠭᠠᠵᠢ ᠶᠢ ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠶᠢᠪᠠᠯ ᠨᠥᠬᠦᠪᠦᠷᠢ ᠥᠭᠬᠦ ᠦᠭᠡᠢ᠃ | ᠲᠤᠯᠤᠭ᠎ᠠ᠂ ᠨᠥᠬᠦᠪᠦᠷᠢ ᠥᠭᠬᠦ ᠮᠠᠰᠢᠨ ᠤ ᠲᠤᠭ᠎ᠠ ᠬᠡᠮᠵᠢᠶ᠎ᠡ | ᠮᠠᠰᠢᠨ ᠬᠤᠳᠠᠯᠳᠤᠨ ᠠᠪᠤᠭᠴᠢ ᠶᠢᠨ ᠣᠨ ᠤ ᠨᠥᠬᠦᠪᠦᠷᠢ ᠭᠥᠷᠳᠡᠬᠦ ᠮᠠᠰᠢᠨ ᠬᠤᠳᠠᠯᠳᠤᠨ ᠠᠪᠬᠤ ᠲᠤᠭ᠎ᠠ ᠶᠢ | ᠵᠣᠬᠢᠰᠲᠠᠢ ᠪᠠᠷ ᠠᠭᠤᠵᠢᠭᠤ ᠲᠠᠯᠪᠢᠵᠤ᠂ ᠬᠤᠷᠰᠢᠶᠠᠵᠢᠯ ᠤᠨ ᠬᠤᠳᠠᠯᠳᠤᠨ ᠠᠪᠬᠤ ᠤᠷᠭᠤᠮᠠᠯ ᠤᠨ ᠬᠠᠮᠠᠭᠠᠯᠠᠯᠲᠠ ᠶᠢᠨ | ᠵᠢᠯᠣᠭᠤᠴᠢ ᠦᠭᠡᠢ ᠨᠢᠰᠬᠡᠯ ᠢ ᠵᠠᠷᠴᠢᠮ ᠳᠡᠭᠡᠷ᠎ᠡ ᠪᠠᠨ 1 ᠢᠵᠢ ᠠᠴᠠ ᠬᠡᠲᠦᠷᠡᠭᠦᠯᠵᠦ ᠪᠣᠯᠬᠤ ᠦᠭᠡᠢ᠃ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠨᠥᠬᠦᠪᠦᠷᠢ ᠬᠦᠷᠳᠡᠬᠦ ᠪᠡᠯᠡ ᠮᠥᠩᠭᠦ ᠶᠢ | 100 ᠲᠦᠮᠡᠨ ᠲᠥᠭᠦᠷᠢᠭ ᠠᠴᠠ ᠳᠡᠭᠡᠭᠰᠢ ᠬᠦᠷᠭᠡᠵᠦ᠂ ᠬᠤᠪᠢ ᠶᠢᠨ ᠮᠠᠯᠴᠢᠨ ᠲᠠᠷᠢᠶᠠᠴᠢᠨ ᠤ ᠣᠨ ᠤ ᠨᠥᠬᠦᠪᠦᠷᠢ | ᠬᠦᠷᠳᠡᠬᠦ ᠪᠡᠯᠡ ᠮᠥᠩᠭᠦ ᠶᠢ 40 ᠲᠦᠮᠡᠨ ᠲᠥᠭᠦᠷᠢᠭ ᠠᠴᠠ ᠳᠡᠭᠡᠭᠰᠢ ᠬᠦᠷᠭᠡᠵᠦ᠂ ᠬᠤᠰᠢᠭᠤ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠶᠢᠨ | ᠬᠠᠮᠲᠤ᠂ ᠬᠤᠲᠠ ᠶᠢᠨ ᠲᠠᠷᠢᠶᠠᠯᠠᠩ ᠤᠨ ᠮᠠᠰᠢᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠵᠤ᠂ ᠭᠤᠣᠯᠳᠠᠯᠭ᠎ᠠ ᠲᠠᠢ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ ᠳᠤ | ᠣᠷᠣᠭᠤᠯᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠤᠨ᠎ᠠ᠃ | ᠨᠠᠢᠮᠠ᠂ ᠠᠵᠢᠯᠯᠠᠬᠤ ᠶᠠᠪᠤᠴᠠ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ︽ | ᠥᠪᠡᠰᠦᠪᠡᠨ ᠮᠠᠰᠢᠨ ᠬᠤᠳᠠᠯᠳᠤᠨ ᠠᠪᠬᠤ᠂ ᠲᠣᠭᠲᠠᠭᠰᠠᠨ ᠨᠣᠷᠮ᠎ᠠ ᠪᠠᠷ ᠨᠥᠬᠦᠪᠦᠷᠢ ᠥᠭᠬᠦ᠂ ᠤᠷᠢᠳᠠᠪᠠᠷ | ᠬᠤᠳᠠᠯᠳᠤᠨ ᠠᠪᠴᠤ ᠳᠠᠷᠠᠭ᠎ᠠ ᠨᠢ ᠨᠥᠬᠦᠪᠦᠷᠢ ᠥᠭᠬᠦ᠂ ᠬᠤᠰᠢᠭᠤ ᠰᠢᠶᠠᠨ ᠤ ᠱᠠᠲᠤᠨ ᠠᠴᠠ ᠳ᠋ᠦᠩᠨᠡᠨ ᠪᠤᠳᠤᠬᠤ᠂ | ᠰᠢᠭᠤᠳ ᠨᠥᠬᠦᠪᠦᠷᠢᠯᠡᠵᠦ ᠺᠠᠷᠲ ︵ᠡᠷᠦᠬᠡ︶ ᠳᠤ ᠤᠷᠤᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ | ᠮᠠᠰᠢᠨ ᠬᠤᠳᠠᠯᠳᠤᠨ ᠠᠪᠤᠭᠴᠢ ᠮᠠᠰᠢᠨ ᠪᠠᠭᠠᠵᠢ ᠪᠠᠨ ᠦᠪᠡᠷᠳᠡᠭᠡᠨ ᠡᠵᠡᠨ ᠮᠡᠳᠡᠨ ᠰᠣᠩᠭᠤᠵᠤ᠂ ᠵᠠᠬ᠎ᠠ | ᠳᠡᠯᠭᠡᠭᠦᠷᠴᠢᠯᠡᠬᠦ ᠵᠠᠷᠴᠢᠮ ᠶᠣᠰᠣᠭᠠᠷ ᠥᠪᠡᠰᠦᠪᠡᠨ ᠲᠠᠷᠢᠶᠠᠯᠠᠩ ᠤᠨ ᠮᠠᠰᠢᠨ ᠦᠢᠯᠡᠳᠪᠦᠷᠢᠯᠡᠵᠦ ᠪᠣᠷᠣᠯᠠᠭᠤᠯᠬᠤ ᠠᠵᠤ | ᠠᠬᠤᠶᠢᠯᠠᠯ ᠲᠠᠢ ᠵᠥᠪᠳᠡᠯᠴᠡᠵᠦ ᠪᠠᠶᠢᠭᠠᠳ ᠮᠠᠰᠢᠨ ᠬᠤᠳᠠᠯᠳᠤᠨ ᠠᠪᠬᠤ ᠦᠨ᠎ᠡ ᠬᠠᠩᠰᠢ ᠪᠣᠯᠣᠨ ᠲᠥᠯᠥᠬᠦ ᠠᠷᠭ᠎ᠠ | ᠮᠠᠶ᠋ᠢᠭ ᠢ ᠲᠣᠭᠲᠠᠭᠠᠬᠤ ᠶᠢᠨ ᠬᠠᠮᠲᠤ ᠠᠷᠠᠯᠵᠢᠶᠠᠯᠠᠬᠤ ᠠᠵᠢᠯᠯᠠᠭ᠎ᠠ ᠶᠢᠨ ᠦᠨᠡᠨ ᠪᠣᠳᠠᠲᠤ ᠴᠢᠨᠠᠷ᠂ ᠦᠷ᠎ᠡ | ᠪᠦᠲᠦᠮᠵᠢᠲᠦ ᠴᠢᠨᠠᠷ ᠪᠣᠯᠣᠨ ᠡᠭᠦᠰᠴᠦ ᠮᠡᠳᠡᠬᠦ ᠵᠢᠭᠤᠷᠠᠯᠳᠤᠭᠠᠨ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠮᠠᠰᠢᠨ ᠢᠶᠠᠨ ᠬᠤᠳᠠᠯᠳᠤᠨ ᠠᠪᠤᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ ᠡᠵᠡᠨ ᠮᠠᠲᠠᠨ ᠬᠤᠰᠢᠭᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠨᠥᠬᠦᠪᠦᠷᠢ ᠶᠢᠨ ᠪᠡᠯᠡ ᠮᠥᠩᠭᠦ ᠭᠤᠶᠤᠴᠢᠯᠠᠨ ᠠᠪᠬᠤ ᠤᠴᠢᠷ | ᠶᠠᠪᠤᠳᠠᠯ ᠢ ᠳᠤᠷᠠᠳᠴᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠪᠡᠯᠡ ᠮᠥᠩᠭᠦ ᠶᠢᠨ | ᠭᠤᠶᠤᠴᠢᠯᠠᠯ ᠤᠨ ᠬᠦᠰᠦᠨᠦᠭᠲᠦ ᠳᠤ ᠭᠠᠷ ᠤᠨ ᠥᠰᠥᠭ ᠵᠢᠷᠤᠵᠤ ᠬᠤᠳᠠᠯᠳᠤᠨ ᠠᠪᠬᠤ ᠠᠵᠢᠯᠯᠠᠭ᠎ᠠ᠂ ᠮᠠᠰᠢᠨ | ᠬᠤᠳᠠᠯᠳᠤᠨ ᠠᠪᠤᠭᠰᠠᠨ ᠦᠨ᠎ᠡ ᠶᠢᠨ ᠪᠠᠷᠢᠮᠳᠠ ᠵᠡᠷᠭᠡ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ ᠬᠦᠴᠦᠨ ᠲᠠᠢ | ᠪᠠᠶᠢᠬᠤ ᠶᠢ ᠠᠮᠠᠯᠠᠵᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠭᠤᠶᠤᠴᠢᠯᠠᠨ᠎ᠠ᠃ | ︵ᠨᠢᠭᠡ︶ ᠮᠠᠰᠢᠨ ᠬᠤᠳᠠᠯᠳᠤᠨ ᠠᠪᠬᠤ ᠶᠢ ᠴᠢᠯᠦᠭᠡᠲᠡᠢ ᠪᠣᠯᠭᠠᠨ᠎ᠠ᠃ ᠮᠠᠰᠢᠨ ᠬᠤᠳᠠᠯᠳᠤᠨ ᠠᠪᠤᠭᠴᠢ | ᠥᠪᠡᠷ ᠢᠶᠠᠨ ᠮᠠᠰᠢᠨ ᠰᠣᠩᠭᠤᠵᠤ ᠬᠤᠳᠠᠯᠳᠤᠨ ᠠᠪᠴᠤ᠂ ᠤᠷᠢᠳ ᠢᠶᠠᠷ ᠮᠠᠰᠢᠨ ᠬᠤᠳᠠᠯᠳᠤᠨ ᠠᠪᠤᠭᠠᠳ ᠳᠠᠷᠠᠭ᠎ᠠ | ᠨᠢ ᠭᠤᠶᠤᠴᠢᠯᠠᠨ᠎ᠠ᠃ ᠨᠥᠬᠦᠪᠦᠷᠢ ᠣᠯᠬᠤ ᠪᠠᠷ ᠭᠤᠶᠤᠴᠢᠯᠠᠭᠰᠠᠨ ᠮᠠᠰᠢᠨ ᠬᠤᠳᠠᠯᠳᠤᠨ ᠠᠪᠤᠭᠴᠢ ᠪᠦᠬᠦᠨ ᠡᠷᠬᠡᠪᠰᠢ | ᠪᠠᠷᠠᠭ᠎ᠠ ᠬᠠᠩᠭᠠᠬᠤ ᠠᠵᠤ ᠠᠬᠤᠶᠢᠯᠠᠯ ᠠᠴᠠ ᠪᠠᠷᠢᠮᠲᠠ ᠪᠣᠯᠣᠨ ᠬᠤᠳᠠᠯᠳᠤᠨ ᠠᠪᠤᠭᠰᠠᠨ ᠮᠠᠰᠢᠨ ᠪᠠᠭᠠᠵᠢ ᠶᠢᠨ | ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ ᠶᠢ ᠠᠪᠴᠤ᠂ ᠨᠥᠬᠦᠪᠦᠷᠢ ᠣᠯᠬᠤ ᠪᠠᠷ ᠭᠤᠶᠤᠴᠢᠯᠠᠬᠤ ᠳᠠᠭᠠᠨ | ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠬᠠᠩᠭᠠᠵᠦ ᠬᠢᠨᠠᠨ ᠬᠠᠷᠭᠤᠭᠤᠯᠣᠭᠤᠯᠤᠨᠠ᠃ | ︵ᠬᠤᠶᠠᠷ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠮᠠᠰᠢᠨ ᠬᠤᠳᠠᠯᠳᠤᠨ ᠠᠪᠤᠭᠴᠢ ᠮᠠᠰᠢᠨ | ᠬᠤᠳᠠᠯᠳᠤᠨ ᠠᠪᠤᠭᠰᠠᠨ ᠪᠠᠷᠢᠮᠲᠠ᠂ ᠨᠥᠬᠦᠪᠦᠷᠢ ᠥᠭᠬᠦ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ | ᠬᠠᠭᠤᠳᠠᠰᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠠᠷᠢᠶᠠᠴᠢᠳ ᠲᠤ ᠠᠰᠢᠭ ᠬᠦᠷᠲᠡᠭᠡᠬᠦ ︽ | ᠪᠦᠬᠦᠨ ᠳᠤ ᠲᠣᠬᠢᠷᠠᠬᠤ ᠺᠠᠷᠲ︾ ︵ᠪᠠᠩᠬᠢ ᠶᠢᠨ ᠺᠠᠷᠲ︶ ᠢᠶᠠᠨ ᠠᠪᠴᠤ ᠬᠤᠰᠢᠭᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠳᠤ ᠨᠥᠬᠦᠪᠦᠷᠢ ᠮᠥᠩᠭᠦ ᠭᠤᠶᠤᠴᠢᠯᠠᠨ ᠠᠪᠬᠤ ᠵᠦᠢᠯᠡᠰ ᠢᠶᠠᠨ ᠳᠤᠷᠠᠳᠤᠨ᠎ᠠ︔ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ ᠪᠠ | ᠪᠤᠰᠤᠳ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ | ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠤ ᠡᠷᠦᠬᠡ ᠠᠮᠠ ᠶᠢᠨ ᠲᠠᠩᠰᠠ ᠶᠢᠨ ᠭᠠᠵᠠᠷ ᠪᠤᠶᠤ | ᠳᠠᠩᠰᠠᠯᠠᠭᠤᠯᠤᠭᠰᠠᠨ ᠭᠠᠵᠠᠷ ᠲᠤ ᠣᠴᠢᠵᠤ ᠨᠥᠬᠦᠪᠦᠷᠢ ᠭᠦᠢᠴᠡᠳᠬᠡᠵᠦ ᠪᠣᠯᠣᠨ᠎ᠠ᠂ ᠪᠠᠰᠠ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠣᠴᠢᠵᠤ ᠭᠦᠢᠴᠡᠳᠬᠡᠵᠦ ᠪᠣᠯᠣᠨ᠎ᠠ᠂ ᠣᠷᠣᠨ ︵ᠮᠤᠵᠢ︶ ᠠᠯᠤᠰᠯᠠᠨ ᠭᠦᠢᠴᠡᠳᠬᠡᠵᠦ ᠪᠣᠯᠬᠤ ᠦᠭᠡᠢ | ︔ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠬᠤ ᠳᠤ ᠡᠵᠡᠩᠨᠡᠯᠲᠡ ᠶᠢᠨ ᠦᠨᠡᠮᠯᠡᠯ ᠤᠨ | ᠤᠭ ᠮᠠᠲ᠋ᠧᠷᠢᠶᠠᠯ ᠢ ᠬᠠᠩᠭᠠᠵᠤ᠂ ᠭᠠᠷᠲᠠᠨ ᠭᠦᠢᠴᠡᠳᠭᠡᠭᠴᠢ ᠨᠢ ᠲᠣᠰ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠤ ᠭᠡᠷᠡᠴᠢ ᠶᠢ ᠬᠠᠩᠭᠠᠨ᠎ᠠ︔ ᠮᠠᠯᠴᠢᠳ ᠪᠣᠯᠣᠨ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ | ᠵᠣᠬᠢᠶᠠᠨ ᠪᠠᠶᠢᠭᠤᠯᠤᠯᠲᠠ ᠨᠤᠭᠤᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ | ᠮᠥᠩᠭᠦ ᠶᠢ ᠬᠡᠷᠡᠭᠯᠡᠬᠦ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠦᠢᠯᠡᠳᠦᠨ ᠣᠯᠭᠤᠭᠰᠠᠨ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠦᠨᠡᠮᠯᠡᠯ ᠤᠨ ᠤᠭ ᠮᠠᠲ᠋ᠧᠷᠢᠶᠠᠯ ᠢ ᠬᠠᠮᠲᠤ ᠳᠤᠨᠢ ᠬᠠᠩᠭᠠᠵᠤ᠂ ᠡᠷᠥᠭᠡ ᠬᠤᠪᠢᠶᠠᠭᠰᠠᠨ ᠤ | ᠲᠠᠷᠠᠭ᠎ᠠ ᠨᠡᠶᠢᠳᠡ ᠳᠤ ᠬᠡᠷᠡᠭᠯᠡᠬᠦ ᠪᠡᠯᠴᠢᠭᠡᠷ ᠤᠨ ᠦᠨᠡᠮᠯᠡᠯ ᠪᠤᠶᠤ ᠡᠷᠤᠭᠡ ᠶᠢᠨ ᠪᠡᠯᠴᠢᠭᠡᠷ ᠤᠨ ᠦᠨᠡᠮᠯᠡᠯ ᠢ | ᠣᠯᠭᠤᠭᠠᠳᠤᠢ ᠪᠣᠯ ᠨᠡᠶᠢᠳᠡ ᠳᠤ ᠬᠡᠷᠡᠭᠯᠡᠬᠦ ᠪᠡᠯᠴᠢᠭᠡᠷ ᠤᠨ ᠦᠨᠡᠮᠯᠡᠯ ᠤᠨ ᠤᠭ ᠮᠠᠲ᠋ᠧᠷᠢᠶᠠᠯ ᠵᠢᠴᠢ ᠮᠠᠰᠢᠨ | ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ ᠪᠤᠶᠤ ᠭᠠᠴᠠᠭ᠎ᠠ ᠲᠣᠰᠬᠤᠨ ᠠᠴᠠ ᠭᠠᠷᠭᠠᠵᠤ ᠥᠭᠭᠦᠭᠰᠡᠨ ᠪᠢᠴᠢᠭ ᠤᠨ | ᠬᠡᠯᠪᠡᠷᠢ ᠶᠢᠨ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠃ ᠮᠠᠰᠢᠨ ᠬᠤᠳᠠᠯᠳᠤᠨ ᠠᠪᠤᠭᠴᠢ ᠲᠣᠭᠲᠠᠭᠠᠯ ᠶᠣᠰᠣᠭᠠᠷ | ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ ᠲᠡᠭᠦᠨ ᠤ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ | ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ ᠪᠠ ᠨᠥᠬᠦᠪᠦᠷᠢ ᠥᠭᠬᠦ ᠮᠠᠰᠢᠨ ᠪᠠᠭᠠᠵᠢ ᠶᠢ | ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠶᠢ ᠬᠢᠨᠠᠨ ᠰᠢᠯᠭᠠᠨ᠎ᠠ᠃ ᠬᠤᠰᠢᠭᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ︽ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠠᠰᠢᠨ | ᠪᠠᠭᠠᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ ︵ᠲᠤᠷᠰᠢᠨ ᠬᠡᠷᠡᠭᠵᠢᠭᠦᠯᠬᠦ︶︾ ᠵᠡᠷᠭᠡ | ᠱᠠᠭᠠᠷᠳᠠᠯᠭ᠎ᠠ ᠶᠣᠰᠣᠭᠠᠷ᠂ ᠨᠥᠬᠦᠪᠦᠷᠢ ᠥᠭᠬᠦ ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ | ᠬᠠᠷᠭᠤᠭᠤᠯᠵᠦ᠂ ᠨᠥᠬᠦᠪᠦᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠵᠦ᠂ ᠡᠭᠦᠨ ᠳᠤ ᠫᠠᠶᠢᠰᠠ | ᠦᠨᠡᠮᠯᠡᠯ ᠤᠨ ᠬᠠᠮᠢᠶᠠᠷᠤᠯᠲᠠ ᠲᠠᠢ ᠮᠠᠰᠢᠨ ᠪᠠᠭᠠᠵᠢ ᠶᠢ ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ | ᠦᠬᠡᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠮᠠᠰᠢᠨ ᠬᠤᠳᠠᠯᠳᠤᠨ ᠠᠪᠤᠭᠴᠢ ᠳᠤ | ᠨᠥᠬᠦᠪᠦᠷᠢ ᠥᠭᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ 2 ᠠᠵᠢᠯᠯᠠᠬᠤ ᠡᠳᠦᠷ ᠤᠨ ᠳᠣᠲᠣᠷ᠎ᠠ | ᠭᠥᠯᠢᠶᠡᠨ ᠠᠪᠴᠤ ᠬᠦᠢᠴᠡᠳᠬᠡᠬᠦ ᠡᠰᠡᠬᠦ ᠰᠢᠢᠳᠪᠤᠷᠢ ᠭᠠᠷᠭᠠᠵᠤ᠂ ᠮᠠᠲ᠋ᠧᠷᠢᠶᠠᠯ ᠪᠦᠷᠢᠨ ᠪᠤᠰᠤ ᠵᠡᠷᠭᠡ | ᠰᠢᠯᠲᠠᠭᠠᠨ ᠠᠴᠠ ᠪᠣᠯᠵᠤ ᠭᠥᠯᠢᠶᠡᠨ ᠠᠪᠴᠤ ᠬᠦᠢᠴᠡᠳᠬᠡᠬᠦ ᠶᠢᠨ ᠠᠷᠭ᠎ᠠ ᠦᠭᠡᠢ ᠪᠣᠯ ᠰᠢᠯᠲᠠᠭᠠᠨ ᠢ ᠨᠢ | ᠲᠣᠳᠣᠷᠬᠠᠶᠢᠯᠠᠵᠤ᠂ ᠤᠤᠯ ᠤᠨ ᠵᠠᠮ ᠢᠶᠠᠷ ᠭᠤᠶᠤᠴᠢᠯᠠᠯ ᠢ ᠨᠢ ᠪᠤᠴᠠᠭᠠᠨ᠎ᠠ︔ ᠨᠥᠬᠦᠴᠡᠯ ᠳᠤ ᠨᠡᠶᠢᠴᠡᠵᠦ ᠭᠥᠯᠢᠶᠡᠨ | ᠠᠪᠴᠤ ᠬᠦᠢᠴᠡᠳᠬᠡᠵᠦ ᠪᠣᠯᠬᠤ ᠶᠢ ᠨᠢ 13 ᠠᠵᠢᠯᠯᠠᠬᠤ ᠡᠳᠦᠷ ᠤᠨ ᠳᠣᠲᠣᠷ᠎ᠠ ︵ᠢᠯᠡ ᠨᠡᠶᠢᠲᠡᠯᠡᠬᠦ ᠴᠠᠭ ᠪᠠᠭᠲᠠᠬᠤ | ᠦᠭᠡᠢ︶ ᠬᠠᠮᠢᠶ᠎ᠠ ᠪᠦᠬᠦᠢ ᠬᠠᠷᠭᠤᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠳᠤ | ᠨᠥᠬᠦᠪᠦᠷᠢ ᠭᠤᠶᠤᠴᠢᠯᠠᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ 5 ᠠᠵᠢᠯᠯᠠᠬᠤ ᠡᠳᠦᠷ ᠢᠯᠡ | ᠨᠡᠶᠢᠲᠡᠯᠡᠨ᠎ᠡ᠃ | ︵ᠳᠥᠷᠪᠡ︶ ᠪᠡᠯᠡ ᠮᠥᠩᠭᠦ ᠶᠢ ᠲᠤᠭᠠᠴᠠᠨ ᠥᠭᠬᠦ᠃ ᠬᠤᠰᠢᠭᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠡᠯᠡ ᠮᠥᠩᠭᠦ | ᠲᠤᠭᠠᠴᠠᠨ ᠥᠭᠬᠦ ᠭᠤᠶᠤᠴᠢᠯᠠᠯ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ ᠬᠤᠰᠢᠭᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ | ᠲᠠᠰᠤᠭ ᠨᠢ ᠨᠥᠬᠦᠪᠦᠷᠢ ᠶᠢᠨ ᠪᠡᠯᠡ ᠮᠥᠩᠭᠦ ᠶᠢ ᠳ᠋ᠦᠩᠨᠡᠨ ᠪᠤᠳᠤᠭᠰᠠᠨ ᠮᠠᠲ᠋ᠧᠷᠢᠶᠠᠯ ᠢᠶᠠᠨ ᠡᠮᠬᠢᠯᠡᠨ | ᠬᠤᠷᠢᠶᠠᠩᠭᠤᠶᠢᠯᠠᠭᠠᠳ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃ ᠬᠤᠰᠢᠭᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠩᠰᠠ ᠮᠡᠳᠡᠭᠦᠯᠵᠦ ᠳ᠋ᠦᠩᠨᠡᠨ ᠪᠤᠳᠤᠭᠰᠠᠨ ᠮᠠᠲ᠋ᠧᠷᠢᠶᠠᠯ ᠢ ᠣᠯᠣᠭᠰᠠᠨ ᠤ | ᠳᠠᠷᠠᠭ᠎ᠠ᠂ ᠨᠥᠬᠦᠪᠦᠷᠢ ᠶᠢᠨ ᠪᠡᠯᠡ ᠮᠥᠩᠭᠦ ᠶᠢ ᠱᠠᠭᠠᠷᠳᠠᠯᠭ᠎ᠠ ᠳᠤ ᠨᠡᠶᠢᠴᠡᠭᠰᠡᠨ ᠮᠠᠰᠢᠨ ᠬᠤᠳᠠᠯᠳᠤᠨ ᠠᠪᠤᠭᠴᠢ ᠶᠢᠨ | ︽ᠪᠦᠬᠦᠨ ᠳᠤ ᠲᠣᠬᠢᠷᠠᠬᠤ ᠺᠠᠷᠲ︾ ︵ᠪᠠᠩᠬᠢ ᠶᠢᠨ ᠺᠠᠷᠲ︶ ᠤᠨ ᠲᠠᠩᠰᠠᠨ ᠡᠷᠦᠬᠡ ᠪᠤᠶᠤ ᠬᠤᠷᠰᠢᠶᠠᠵᠢᠯ ᠶᠢᠨ | ᠨᠡᠶᠢᠲᠡ ᠶᠢᠨ ᠲᠠᠩᠰᠠᠨ ᠡᠷᠦᠬᠡ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠲᠤᠭᠠᠴᠠᠨ ᠥᠭᠭᠦᠨ᠎ᠡ︔ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ ᠲᠠᠩᠰᠠᠨ ᠡᠷᠦᠬᠡ ᠪᠠᠶᠢᠭᠤᠯᠤᠭᠰᠠᠨ ᠦᠭᠡᠢ | ᠪᠠᠶᠢᠪᠠᠯ᠂ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢᠶᠠᠷ ᠵᠥᠪᠰᠢᠶᠡᠷᠡᠭᠦᠯᠦᠭᠡᠳ ᠭᠠᠷ ᠤᠨ ᠥᠰᠥᠭ | ᠵᠢᠷᠤᠭᠤᠯᠤᠭᠰᠠᠨ ᠤ ᠳᠠᠷᠠᠭ᠎ᠠ᠂ ᠮᠠᠲ᠋ᠧᠷᠢᠶᠠᠯ ᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠲᠠᠰᠤᠭ ᠲᠤ ᠮᠡᠳᠡᠭᠦᠯᠦᠨ ᠳᠠᠩᠰᠠᠯᠠᠭᠤᠯᠵᠦ᠂ ᠵᠣᠬᠢᠶᠠᠨ | ᠪᠠᠶᠢᠭᠤᠯᠤᠭᠰᠠᠨ ᠬᠠᠤᠯᠢ ᠶᠢᠨ ᠡᠷᠬᠡᠲᠡᠨ ᠪᠤᠶᠤ ᠪᠤᠰᠤᠳ ᠪᠦᠷᠢᠯᠳᠦᠭᠦᠨ ᠤ ᠬᠤᠪᠢ ᠬᠥᠮᠥᠨ ᠤ ︽ᠪᠦᠬᠦᠨ ᠳᠤ | ᠲᠣᠬᠢᠷᠠᠬᠤ ᠺᠠᠷᠲ︾ ᠤᠨ ᠲᠠᠩᠰᠠᠨ ᠡᠷᠦᠬᠡ ᠳᠤ ᠲᠤᠭᠠᠴᠠᠨ ᠥᠭᠴᠦ ᠪᠣᠯᠣᠨ᠎ᠠ᠃ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠨᠥᠬᠦᠪᠦᠷᠢ ᠪᠡᠯᠡ ᠮᠥᠩᠭᠦ ᠶᠢ ᠰᠢᠯᠵᠢᠬᠦᠯᠵᠦ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠢᠯ ᠤᠨ | ᠬᠡᠷᠡᠭᠴᠡᠭᠡ ᠶᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ 2023 ᠣᠨ ᠤ ᠮᠠᠨ ᠤ ᠬᠤᠰᠢᠭᠤᠨ | ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠬᠤ ᠪᠠᠷ ᠲᠣᠭᠲᠠᠵᠤ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠠᠯᠲᠠᠨᠴᠢᠯᠠᠭᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠨ ᠶᠠᠨ ᠹᠧᠢ ᠬᠤᠰᠢᠭᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠵᠢᠷᠠᠨᠪᠠᠶᠠᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶᠠᠨ ᠤ ᠳᠠᠷᠤᠭ᠎ᠠ | ᠪᠦᠷᠢᠯᠳᠦᠭᠦᠨ ᠬᠡᠰᠢᠬᠦᠨ᠄ ᠶᠠᠨ ᠷᠦᠨ ᠪᠢᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠣᠷᠴᠢᠨ ᠲᠣᠭᠤᠷᠢᠨ ᠤ ᠵᠥᠪᠯᠡᠯ ᠤᠨ ᠡᠷᠬᠢᠯᠡᠭᠴᠢ | ᠰᠦᠨ ᠬᠤᠸᠠ ᠴᠢᠩ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠪᠠ ᠠᠵᠤ ᠠᠬᠤᠢ ᠣᠷᠴᠢᠨ ᠲᠣᠭᠤᠷᠢᠨ ᠡᠬᠢ ᠪᠠᠶᠠᠯᠢᠭ ᠤᠨ ᠵᠥᠪᠯᠡᠯ ᠤᠨ ᠡᠷᠬᠢᠯᠡᠭᠴᠢ | ᠵᠠᠩ ᠭᠦᠸᠧ ᠳ᠋ᠦᠩ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠺᠣᠮᠢᠰᠰᠠᠷ | ᠸᠠᠩ ᠵᠠᠨ ᠶᠦᠩ ᠬᠤᠰᠢᠭᠤ ᠬᠠᠮ ᠵᠠᠭᠤᠴᠢᠯᠠᠭᠤᠷ ᠤᠨ ᠲᠥᠪ ᠤᠨ | ᠡᠷᠬᠢᠯᠡᠭᠴᠢ | ᠵᠢᠢ ᠱᠢ ᠵᠢᠶᠦ᠋ᠨ ᠬᠤᠰᠢᠭᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ | ᠳᠠᠷᠤᠭ᠎ᠠ | ᠨᠡᠷᠡᠨ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠳ᠋ | ᠳᠠᠷᠤᠭ᠎ᠠ | ᠬᠤᠤᠰᠪᠠᠶᠠᠷ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠯᠢ ᠹᠧᠩ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶᠠᠨ ᠤ ᠳᠠᠳ᠋ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠯᠢ ᠹᠧᠩ ᠨᠥᠬᠦᠷ ᠬᠠᠪᠰᠤᠷᠭᠠᠨ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠥᠭᠬᠦ ᠡᠳᠦᠷ ᠲᠤᠲᠤᠮ ᠤᠨ ᠠᠵᠢᠯ ᠢ ᠪᠣᠳᠠᠲᠠᠢ ᠬᠠᠷᠢᠭᠤᠴᠠᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠵᠢᠭᠦᠯᠵᠦ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠴᠢᠬᠤᠯᠠ | ᠶᠡᠭᠡ ᠤᠴᠢᠷ ᠶᠠᠪᠤᠳᠠᠯ ᠲᠣᠬᠢᠶᠠᠯᠳᠤᠪᠠᠯ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠠᠴᠠ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ᠎ᠠ᠃ ᠡᠯ᠎ᠡ ᠪᠦᠷᠢᠯᠳᠦᠭᠦᠨ ᠨᠢᠭᠡᠴᠢ ᠨᠦᠭᠦᠳ | ᠬᠠᠤᠯᠢ ᠲᠣᠭᠲᠠᠭᠠᠯ ᠶᠣᠰᠣᠭᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠎ᠡ᠃ | ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠲᠠᠰ ᠳᠠᠷᠠᠭᠠᠯᠠᠯ ᠤᠨ ᠬᠠᠮᠢᠶᠠᠷᠤᠯᠲᠠ ᠶᠢ | ᠬᠡᠷᠡᠭᠵᠢᠭᠦᠯᠤᠨ᠎ᠡ᠃ ᠣᠷᠣᠨ ᠨᠤᠲᠤᠭ ᠤᠨ ᠪᠣᠳᠠᠲᠠᠢ ᠠᠵᠢᠯᠯᠠᠬᠤ ᠠᠷᠭ᠎ᠠ ᠳᠤ ᠴᠢᠭᠯᠡᠭᠦᠯᠦᠨ ᠰᠢᠨ᠎ᠡ ᠶᠢ ᠡᠭᠦᠳᠦᠭᠰᠡᠨ | ᠪᠠᠶᠢᠪᠠᠯ ᠬᠠᠮᠲᠤ ᠪᠠᠷ ᠰᠤᠳᠤᠯᠤᠨ ᠲᠣᠭᠲᠠᠭᠠᠯ ᠭᠠᠷᠭᠠᠵᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠦᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠰᠢᠶᠡᠷᠡᠭᠦᠯᠦᠭᠡᠳ ᠵᠠᠰᠠᠭ ᠤᠨ | ᠣᠷᠳᠣᠨ ᠤ ᠪᠢᠴᠢᠭ ᠤᠨ ᠬᠡᠯᠪᠡᠷᠢ ᠶᠢᠨ ᠰᠢᠢᠳᠪᠦᠷᠢ ᠶᠢ ᠭᠠᠷᠭᠠᠵᠦ ᠳᠡᠭᠡᠷ᠎ᠡ ᠨᠢᠭᠡ ᠱᠠᠲᠤᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ ᠮᠡᠳᠡᠭᠡ | ᠵᠠᠩᠭᠢ ᠶᠢ ᠢᠯᠡ ᠪᠣᠯᠭᠠᠬᠤ ᠴᠠᠭ ᠬᠤᠭᠤᠴᠠᠭ᠎ᠠ᠂ ᠬᠢᠨᠠᠨ ᠬᠠᠷᠭᠤᠭᠤᠯᠵᠤ ᠳ᠋ᠦᠩᠨᠡᠨ ᠪᠤᠳᠤᠬᠤ ᠴᠠᠭ ᠬᠤᠭᠤᠴᠠᠭ᠎ᠠ᠂ | ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠬᠤᠭᠤᠴᠠᠭ᠎ᠠ ᠵᠡᠷᠭᠡ ᠶᠢ ᠪᠠᠭᠲᠠᠭᠠᠭᠰᠠᠨ ᠲᠣᠭᠲᠠᠭᠰᠠᠨ | ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠠᠵᠢᠯᠯᠠᠵᠤ ᠦᠢᠯᠡᠴᠢᠯᠡᠬᠦ ᠡᠲᠡᠭᠡᠳ ᠤᠨ ᠡᠷᠬᠡ ᠠᠰᠢᠭ ᠢ ᠪᠠᠲᠤᠯᠠᠨ᠎ᠠ᠃ | ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠵᠤ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠣᠭᠲᠠᠭᠠᠯ ᠢ ᠴᠢᠩᠭ᠎ᠠ ᠵᠢᠷᠤᠮᠯᠠᠨ ᠥᠪᠡᠷ ᠢ ᠪᠠᠨ ᠲᠤᠩᠭᠠᠨ ᠪᠡᠶ᠎ᠡ ᠪᠠᠨ ᠱᠠᠭᠠᠷᠳᠠᠬᠤ ᠶᠢ ᠪᠠᠷᠢᠮᠲᠠᠯᠠᠵᠦ ᠮᠠᠰᠢᠨ | ᠬᠤᠳᠠᠯᠳᠤᠨ ᠠᠪᠤᠭᠴᠢ ᠶᠢᠨ ᠡᠵᠡᠨ ᠮᠡᠳᠡᠵᠦ ᠰᠣᠩᠭᠤᠬᠤ ᠡᠷᠬᠡ ᠶᠢ ᠬᠦᠨᠳᠦᠳᠬᠡᠵᠦ ᠨᠥᠬᠦᠪᠦᠷᠢ ᠣᠯᠬᠤ | ᠡᠲᠡᠭᠡᠳ ᠢᠶᠠᠨ ᠢᠯᠡ ᠪᠥᠭᠡᠳ ᠡᠷᠬᠡ ᠲᠡᠭᠰᠢ ᠲᠥᠪ ᠭᠤᠥᠯᠴᠢ ᠪᠠᠷ ᠲᠣᠭᠲᠠᠭᠠᠵᠤ ᠪᠣᠯᠬᠢ ᠪᠦᠳᠦᠭᠦᠯᠢᠭ ᠠᠯᠵᠠᠭᠤ | ᠬᠤᠶᠢᠷᠭᠤ ᠰᠤᠯᠠ ᠵᠠᠳᠠᠭᠠᠢ᠂ ᠠᠯᠪᠠ ᠬᠠᠰᠢᠵᠤ ᠠᠮᠠ ᠪᠥᠭᠯᠡᠬᠦ ᠮᠠᠭᠤ ᠰᠤᠷᠲᠠᠯ ᠢ ᠡᠷᠡᠰ ᠬᠤᠷᠢᠭᠯᠠᠵᠤ ᠰᠤᠷᠲᠠᠯ | ᠴᠢᠬᠡᠴᠢ ᠣᠪᠣᠷ ᠲᠥᠪ ᠠᠵᠢᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠦᠳᠤᠯᠪᠤᠷᠢ ᠶᠢ | ᠦᠨᠳᠦᠰᠦᠯᠡᠨ ᠤᠬᠠᠭᠤᠯᠭ᠎ᠠ ᠶᠢᠨ ᠠᠵᠢᠯ ᠢ ᠨᠠᠷᠢᠯᠢᠭᠵᠢᠭᠤᠯᠵᠤ ᠬᠤᠰᠢᠭᠤ ᠬᠠᠮ ᠵᠠᠭᠤᠴᠢᠯᠠᠭᠤᠷ ᠤᠨ ᠲᠥᠪ ᠵᠡᠷᠭᠡ | ᠤᠬᠠᠭᠤᠯᠭ᠎ᠠ ᠶᠢᠨ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠢ ᠬᠠᠷᠢᠭᠤᠴᠠᠵᠤ᠂ | ᠮᠠᠯᠴᠢᠨ ᠲᠠᠷᠢᠶᠠᠴᠢᠨ ᠪᠠ ᠨᠡᠶᠢᠭᠡᠮ ᠳᠤ ᠪᠣᠳᠠᠲᠠᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠭᠦᠨᠵᠡᠭᠡᠢ | ᠣᠶᠢᠯᠠᠭᠠᠭᠤᠯᠵᠤ ᠮᠠᠯᠴᠢᠨ ᠲᠠᠷᠢᠶᠠᠴᠢᠨ ᠤ ᠮᠠᠰᠢᠨ ᠬᠤᠳᠠᠯᠳᠤᠨ ᠠᠪᠴᠤ ᠮᠠᠰᠢᠨ ᠬᠡᠷᠡᠭᠯᠡᠬᠦ ᠢᠳᠡᠪᠬᠢᠵᠢᠯ ᠢ | ᠬᠥᠭᠵᠢᠭᠡᠨ᠎ᠡ︔ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠢᠨᠲ᠋ᠧᠷ ᠰᠦᠯᠵᠢᠶ᠎ᠡ᠂ ᠸᠢᠴᠠᠲ ᠤᠨ ᠨᠡᠶᠢᠲᠡ ᠶᠢᠨ | ᠲᠠᠪᠴᠠᠩ᠂ ᠤᠬᠠᠭᠤᠯᠭ᠎ᠠ ᠶᠢᠨ ᠳᠡᠪᠲᠡᠷ᠂ ᠢᠯᠡ ᠴᠠᠭᠠᠰᠤ᠂ ᠡᠯᠭᠦᠭᠡ ᠵᠢᠷᠤᠭ ᠵᠡᠷᠭᠡ ᠬᠡᠯᠪᠡᠷᠢ ᠶᠢ ᠢᠳᠡᠪᠬᠢᠲᠡᠢ ᠪᠠᠷ | ᠠᠰᠢᠭᠯᠠᠨ ᠤᠬᠠᠭᠤᠯᠭ᠎ᠠ ᠶᠢᠨ ᠬᠡᠯᠬᠢᠶ᠎ᠡ ᠪᠠ ᠴᠠᠭ ᠤᠨ ᠬᠢᠵᠠᠭᠠᠷ ᠢ ᠤᠷᠲᠤᠳᠬᠠᠵᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ | ᠬᠦᠷᠲᠡᠯ᠎ᠡ ᠤᠬᠠᠭᠤᠯᠵᠤ ᠮᠠᠯᠴᠢᠨ ᠲᠠᠷᠢᠶᠠᠴᠢᠨ ᠪᠣᠯᠣᠨ ᠨᠢᠭᠡᠳᠦᠭᠡᠷ ᠹᠷᠣᠨᠲ ᠤᠨ ᠦᠢᠯᠡᠳᠪᠦᠷᠢᠯᠡᠨ | ᠡᠵᠡᠩᠨᠡᠭᠴᠢᠳ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠵᠦ ᠲᠥᠷᠥ ᠶᠢᠨ | ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ | ︵ᠳᠥᠷᠪᠡ︶ ᠲᠦᠷᠢᠮᠵᠢᠬᠦᠯᠦᠨ ᠠᠵᠢᠯᠯᠠᠬᠤ ᠶᠢ ᠴᠢᠩᠭᠠᠳᠬᠠᠨ᠎ᠠ᠃ ᠨᠥᠬᠦᠪᠦᠷᠢ ᠠᠪᠬᠤ ᠭᠤᠶᠤᠴᠢᠯᠠᠯ ᠢ | ᠭᠥᠯᠢᠶᠡᠨ ᠠᠪᠴᠤ ᠬᠦᠢᠴᠡᠳᠬᠡᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠮᠠᠰᠢᠨ ᠪᠠᠭᠠᠵᠢ ᠶᠢ ᠬᠢᠨᠠᠨ ᠰᠢᠯᠭᠠᠬᠤ᠂ | ᠠᠰᠢᠭ ᠬᠦᠷᠳᠡᠬᠦ ᠶᠢ ᠵᠠᠷᠯᠠᠨ ᠨᠡᠶᠢᠲᠡᠯᠡᠬᠦ ᠵᠡᠷᠭᠡ ᠠᠵᠢᠯ ᠢ ᠦᠨᠡᠨ ᠬᠦ ᠲᠦᠷᠭᠡᠳᠬᠡᠨ᠎ᠡ᠃ ᠭᠤᠶᠤᠴᠢᠯᠠᠨ ᠠᠪᠬᠤ | ᠨᠥᠬᠦᠪᠦᠷᠢ ᠨᠢ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠳᠤ ᠬᠦᠴᠦᠨ ᠲᠠᠢ᠂ ᠭᠡᠪᠡᠴᠤ ᠲᠤᠬᠠᠢ ᠶᠢᠨ ᠵᠢᠯ ᠤᠨ | ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠬᠡᠪᠴᠢᠶ᠎ᠡ ᠬᠦᠷᠦᠯᠴᠡᠬᠦ ᠦᠭᠡᠢ᠂ ᠭᠠᠷᠳᠠᠮ ᠭᠦᠢᠴᠡᠳᠬᠡᠬᠦ | ᠴᠠᠭ ᠪᠠᠴᠢᠮ ᠵᠡᠷᠭᠡ ᠠᠴᠠ ᠪᠣᠯᠵᠤ ᠨᠥᠬᠦᠪᠦᠷᠢ ᠭᠥᠷᠳᠡᠬᠦ ᠶᠢᠨ ᠠᠷᠭ᠎ᠠ ᠦᠭᠡᠢ ᠪᠠᠶᠢᠪᠠᠯ ᠳᠠᠷᠠᠭ᠎ᠠ ᠨᠢᠭᠡ ᠵᠢᠯ ᠳᠤ | ᠤᠷᠢᠳᠠᠪᠠᠷ ᠨᠥᠬᠦᠪᠦᠷᠢ ᠥᠭᠴᠦ ᠪᠣᠯᠣᠨ᠎ᠠ︔ ᠠᠳᠠᠯᠢ ᠪᠤᠰᠤ ᠣᠨ ᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ | ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠳᠤ ᠬᠤᠪᠢᠷᠠᠯᠲᠠ | ᠭᠠᠷᠤᠭᠰᠠᠨ ᠪᠤᠶᠤ ᠵᠣᠭᠰᠣᠭᠠᠭᠰᠠᠨ ᠪᠠᠶᠢᠪᠠᠯ ᠬᠤᠪᠢᠷᠠᠯᠲᠠ ᠭᠠᠷᠤᠭᠰᠠᠨ ᠪᠤᠶᠤ ᠵᠣᠭᠰᠣᠭᠠᠭᠰᠠᠨ ᠪᠠᠶᠢᠳᠠᠯ ᠤᠨ | ᠶᠣᠰᠣᠭᠠᠷ ᠬᠡᠷᠡᠭᠵᠢᠭᠦᠯᠦᠨ᠎ᠡ᠃ ᠲᠣᠮᠣ ᠳᠤᠮᠳᠠ ᠬᠡᠯᠪᠡᠷᠢ ᠶᠢᠨ ᠮᠠᠰᠢᠨ ᠪᠠᠭᠠᠵᠢ ᠶᠢ ᠬᠢᠨᠠᠨ ᠰᠢᠯᠭᠠᠬᠤ ᠪᠠ ᠭᠠᠭᠴᠠ | ᠬᠥᠮᠥᠨ ᠳᠤ ᠤᠯᠠᠨ ᠢᠵᠢ ᠦᠭᠭᠦ᠂ ᠣᠬᠤᠷ ᠬᠤᠭᠤᠴᠠᠭᠠᠨ ᠤ ᠳᠣᠲᠣᠷ᠎ᠠ ᠶᠡᠭᠡ ᠬᠡᠮᠵᠢᠶ᠎ᠡ ᠪᠠᠷ ᠦᠭᠭᠦ ᠵᠡᠷᠭᠡ ᠬᠡᠪ ᠤᠨ | ᠪᠤᠰᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠪᠠᠷ | ᠴᠢᠩᠭᠠᠳᠬᠠᠨ᠎ᠠ᠃ | ︵ᠲᠠᠪᠤ︶ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠨᠥᠬᠦᠪᠦᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢ ᠪᠥᠬᠦ ᠲᠠᠯ᠎ᠠ ᠪᠠᠷ | ᠪᠠᠶᠢᠭᠤᠯᠵᠤ᠂ ᠮᠠᠰᠢᠨ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠭᠰᠠᠳ ᠤᠨ ᠮᠡᠳᠡᠭᠡ ᠵᠠᠩᠭᠢ ᠶᠢ ᠢᠯᠡ | ᠨᠡᠶᠢᠲᠡᠯᠡᠵᠦ ᠬᠡᠷᠡᠭᠵᠢᠭᠦᠯᠬᠦ ᠲᠥᠰᠥᠯ᠂ ᠨᠥᠬᠦᠪᠦᠷᠢ ᠥᠭᠬᠦ ᠲᠤᠭ᠎ᠠ ᠶᠢᠨ ᠨᠠᠷᠢᠨ ᠬᠦᠰᠦᠨᠦᠭᠲᠦ᠂ ᠠᠵᠢᠯᠯᠠᠬᠤ ᠲᠠᠰ | ᠳᠠᠷᠠᠭᠠᠯᠠᠯ᠂ ᠨᠥᠬᠦᠪᠦᠷᠢ ᠥᠭᠬᠦ ᠮᠠᠰᠢᠨ ᠪᠠᠭᠠᠵᠢ ᠶᠢᠨ ᠮᠡᠳᠡᠭᠡ ᠵᠠᠩᠭᠢ ᠶᠢᠨ ᠬᠦᠰᠦᠨᠦᠭᠲᠦ᠂ ᠵᠠᠭᠠᠯᠳᠤᠯᠭ᠎ᠠ ᠶᠢᠨ | ᠯᠠᠪᠯᠠᠭ᠎ᠠ ᠥᠭᠬᠦ ᠠᠷᠭ᠎ᠠ ᠮᠠᠶ᠋ᠢᠭ᠂ ᠲᠣᠭᠲᠠᠭᠠᠯ ᠠᠴᠠ ᠵᠥᠷᠢᠴᠡᠨ ᠪᠠᠶᠢᠴᠠᠭᠠᠨ ᠬᠦᠢᠴᠡᠳᠬᠡᠭᠰᠡᠨ ᠦᠷ᠎ᠡ ᠳ᠋ᠦᠩ ᠵᠡᠷᠭᠡ | ᠭᠤᠣᠯᠳᠠᠯᠭ᠎ᠠ ᠲᠠᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠵᠤ ᠨᠥᠬᠦᠪᠦᠷᠢ ᠶᠢᠨ ᠪᠡᠯᠡ ᠮᠥᠩᠭᠦ ᠶᠢ | ᠭᠤᠶᠤᠴᠢᠯᠠᠨ ᠳᠠᠩᠰᠠᠯᠠᠭᠰᠠᠨ ᠠᠬᠢᠴᠠ ᠪᠠ ᠨᠥᠬᠦᠪᠦᠷᠢ ᠭᠥᠷᠳᠡᠵᠦ ᠪᠠᠶᠢᠭ᠎ᠠ ᠮᠠᠰᠢᠨ ᠬᠤᠳᠠᠯᠳᠤᠨ ᠠᠪᠤᠭᠰᠠᠳ ᠤᠨ | ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠡ᠃ ᠨᠥᠬᠦᠪᠦᠷᠢ ᠣᠯᠭᠤᠬᠤ ᠡᠲᠡᠭᠡᠳ ᠤᠨ ᠨᠥᠬᠦᠪᠦᠷᠢ ᠶᠢᠨ | ᠮᠡᠳᠡᠭᠡ ᠵᠠᠩᠭᠢ ᠳᠤ ᠮᠡᠳᠡᠭᠡ ᠬᠤᠯᠪᠣᠭᠠᠨ ᠤ ᠠᠷᠭ᠎ᠠ ᠮᠠᠶ᠋ᠢᠭ᠂ ᠪᠡᠶ᠎ᠡ ᠶᠢᠨ ᠦᠨᠡᠮᠯᠡᠯ ᠤᠨ ᠨᠣᠮᠧᠷ ᠪᠠ ︽ᠪᠦᠬᠦᠨ ᠳᠤ | ᠲᠣᠬᠢᠷᠠᠬᠤ ᠺᠠᠷᠲ︾ ︵ᠪᠠᠩᠬᠢ ᠶᠢᠨ ᠺᠠᠷᠲ︶ ᠤᠨ ᠲᠠᠩᠰᠠᠨ ᠡᠷᠦᠬᠡ ᠵᠡᠷᠭᠡ ᠬᠤᠪᠢ ᠬᠥᠮᠥᠨ ᠤ ᠨᠢᠭᠤᠴᠠ ᠮᠡᠳᠡᠭᠡ | ᠵᠠᠩᠭᠢ ᠠᠴᠠ ᠪᠤᠰᠤᠳ ᠢ ᠨᠢ ᠢᠯᠡ ᠪᠣᠯᠭᠠᠨ᠎ᠠ᠃ ᠬᠠᠮᠤᠭ ᠡᠴᠦᠰ ᠤᠨ ᠮᠠᠰᠢᠨ ᠤ ᠨᠥᠬᠦᠪᠦᠷᠢ ᠶᠢ ᠭᠦᠢᠴᠡᠳᠬᠡᠵᠦ | ᠳᠠᠭᠤᠰᠬᠠᠭᠰᠠᠨ ᠤ ᠳᠠᠷᠠᠭ᠎ᠠ᠂ ᠨᠥᠬᠦᠪᠦᠷᠢ ᠶᠢᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠨᠢᠭᠡ ᠬᠤᠪᠢ | ᠭᠤᠶᠤᠴᠢᠯᠠᠯ ᠢ ᠰᠢᠨ᠎ᠡ ᠪᠠᠷ ᠪᠢᠴᠢᠨ ᠣᠷᠣᠭᠤᠯᠵᠤ᠂ ᠠᠵᠢᠯᠯᠠᠭᠤᠯᠬᠤ ᠦᠶ᠎ᠡ ᠳᠤ ᠤᠤᠯ ᠤᠨ ᠮᠠᠰᠢᠨ ᠪᠠᠭᠠᠵᠢ ᠶᠢᠨ | ᠦᠢᠯᠡᠳᠪᠦᠷᠢ ᠠᠴᠠ ᠭᠠᠷᠬᠤ ᠳ᠋ᠤᠭᠠᠷ᠂ ᠪᠠᠷᠢᠮᠲᠠ ᠶᠢᠨ ᠠᠷᠤ ᠳᠤ ︽1︾ ᠬᠡᠬᠦ ᠬᠡᠶᠢᠰᠪᠦᠷᠢ ᠳ᠋ᠤᠭᠠᠷᠯᠠᠯ ᠢ ᠨᠡᠮᠡᠨ | ᠬᠤᠪᠢᠶᠠᠷᠢᠯᠠᠵᠦ ᠲᠠᠶᠢᠯᠪᠤᠷᠢ ᠬᠦᠰᠦᠨᠦᠭ ᠲᠤ ᠲᠣᠳᠣᠷᠬᠠᠶᠢᠯᠠᠭᠰᠠᠨ ᠤ ᠬᠠᠮᠲᠤ ᠢᠯᠡ ᠪᠣᠯᠭᠠᠨ᠎ᠠ᠃ | ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠨᠥᠬᠦᠪᠦᠷᠢ ᠥᠭᠬᠦ ᠠᠵᠢᠯ ᠤᠨ ᠳᠣᠲᠣᠭᠠᠳᠤ ᠶᠢᠨ ᠬᠢᠵᠠᠭᠠᠷᠯᠠᠬᠤ ᠳᠦᠷᠢᠮ ᠢ ᠪᠦᠬᠦ ᠲᠠᠯ᠎ᠠ ᠪᠠᠷ | ᠪᠠᠶᠢᠭᠤᠯᠵᠤ ᠲᠤᠬᠠᠶᠢᠯᠠᠭᠰᠠᠨ ᠠᠵᠢᠯ ᠤᠨ ᠶᠠᠪᠤᠴᠠ ᠶᠢ ᠵᠢᠷᠤᠮᠵᠢᠭᠤᠯᠤᠨ ᠬᠢᠨᠠᠯᠲᠠ ᠲᠠᠯᠪᠢᠵᠤ ᠬᠢᠵᠠᠭᠠᠷᠯᠠᠬᠤ ᠶᠢ | ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ | ᠪᠣᠳᠣᠯᠭ᠎ᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠪᠣᠯᠣᠨ ᠭᠡᠷᠡᠴᠢᠯᠡᠬᠦ ᠪᠠᠶᠢᠭᠤᠯᠤᠮᠵᠢ ᠳᠤ ᠣᠷᠣᠯᠴᠠᠬᠤ | ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠤ ᠬᠠᠮᠢᠶᠠᠷᠤᠯᠲᠠ ᠪᠠᠨ ᠴᠢᠩᠭᠠᠳᠬᠠᠨ᠎ᠠ᠃ ᠮᠠᠰᠢᠨ ᠬᠤᠳᠠᠯᠳᠤᠨ | ᠠᠪᠤᠭᠴᠢ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠨᠥᠬᠦᠪᠦᠷᠢ ᠶᠢᠨ ᠮᠡᠳᠡᠭᠡ ᠵᠠᠩᠭᠢ ᠶᠢ ᠬᠤᠯᠠᠭᠠᠶᠢᠯᠠᠬᠤ᠂ ᠰᠠᠷᠢᠭᠠᠯᠠᠬᠤ᠂ ᠵᠠᠳᠠᠷᠠᠭᠤᠯᠬᠤ ᠪᠠ ᠴᠠᠬᠢᠯᠭᠠᠨ | ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦᠨ᠎ᠡ᠃ ᠬᠤᠰᠢᠭᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠥᠭᠬᠦ ᠦᠢᠯᠡᠳᠬᠦᠨ ᠤ ᠲᠣᠭᠲᠠᠭᠠᠯ ᠠᠴᠠ ᠵᠥᠷᠢᠴᠡᠨ ᠡᠵᠡᠩᠨᠡᠬᠦ ᠦᠶᠯᠡ | ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠲᠠᠷᠢᠶᠠᠯᠠᠩ ᠮᠠᠯ ᠲᠣᠭᠲᠠᠭᠠᠯ | ᠲᠠᠷᠬᠠᠭᠠᠬᠤ ﹇2017﹈ 9 ᠳ᠋ᠤᠭᠡᠷ ᠲᠣᠭᠠᠲᠤ︶ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠭᠲᠠᠭᠠᠯ ᠠᠴᠠ ᠵᠥᠷᠢᠴᠡᠨ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ | |