ᠪᠥᠬᠦ ᠬᠤᠰᠢᠭᠤᠨ ᠤ ︽ᠠᠷᠠᠯᠵᠢᠶᠠᠴᠢᠨ ᠤᠷᠢᠬᠤ᠂ ᠣᠷᠴᠢᠨ ᠨᠦᠭᠦᠴᠡᠯ ᠢ ᠰᠢᠯᠢᠳᠡᠭᠵᠢᠭᠦᠯᠭᠦ᠂ ᠠᠵᠤ ᠦᠢᠯᠡᠰ ᠢ ᠬᠦᠴᠦᠷᠬᠡᠭᠵᠢᠭᠦᠯᠬᠦ︾ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/10
      2 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ ︽ᠠᠷᠠᠯᠵᠢᠶᠠᠴᠢᠨ ᠤᠷᠢᠬᠤ᠂ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠠᠵᠤ ᠦᠢᠯᠡᠰ ᠢ ᠬᠦᠴᠦᠷᠬᠡᠭᠵᠢᠭᠦᠯᠬᠦ︾ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠷᠠᠯ ᠢ ᠡᠷᠭᠢᠯᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠸ ᠸᠧᠢ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠠᠵᠤ ᠠᠬᠤᠶᠢᠯᠠᠯᠳᠠᠨ ᠤ  ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
1.jpg      
      ᠸᠠᠩ ᠵᠢᠶᠠᠨ ᠶᠠᠷᠢᠬᠤ ᠳᠠᠭᠠᠨ᠂ ᠠᠷᠠᠯᠵᠢᠶᠠᠴᠢᠨ ᠤᠷᠢᠬᠤ᠂ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠠᠵᠤ ᠦᠢᠯᠡᠰ ᠢ ᠬᠦᠴᠦᠷᠬᠡᠭᠵᠢᠭᠦᠯᠬᠦ ᠪᠣᠯ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠢ ᠪᠦᠲᠦᠭᠡᠨ ᠪᠠᠶᠢᠭᠤᠯᠬᠤ ᠵᠥᠪ ᠵᠠᠮ᠂ ᠵᠠᠪᠠᠯ ᠶᠠᠪᠤᠬᠤ ᠵᠠᠮ᠂ ᠭᠡᠭᠡᠨ ᠰᠠᠷᠠᠭᠤᠯ ᠵᠠᠮ ᠪᠣᠯᠣᠨ ᠡᠷᠡᠯᠬᠡᠭᠯᠡᠨ ᠤᠷᠤᠭᠰᠢᠯᠠᠬᠤ ᠵᠠᠮ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠯᠵᠢᠶᠠᠴᠢᠨ ᠤᠷᠢᠬᠤ ᠶᠢ ᠠᠳᠬᠤᠨ ᠪᠦᠬᠦ ᠬᠦᠴᠦᠨ ᠢᠶᠠᠷ ᠢᠶᠠᠨ ᠣᠷᠴᠢᠨ ᠨᠦᠭᠦᠴᠡᠯ ᠢ ᠰᠢᠯᠢᠳᠡᠭᠵᠢᠭᠦᠯᠵᠦ ᠡᠷᠴᠢ ᠵᠣᠷᠢᠭ ᠢᠶᠠᠨ ᠪᠠᠳᠠᠷᠠᠭᠤᠯᠤᠨ ᠠᠵᠤ ᠦᠢᠯᠡᠰ ᠢ ᠬᠦᠴᠦᠷᠬᠡᠭᠵᠢᠭᠦᠯᠵᠦ ᠰᠢᠨ᠎ᠡ ᠲᠦᠷᠢ ᠪᠠᠶᠢᠳᠠᠯ ᠢ ᠪᠤᠢ ᠪᠤᠯᠭᠠᠨ ᠰᠢᠨ᠎ᠡ ᠵᠠᠮ ᠢ ᠨᠡᠭᠡᠭᠡᠬᠦ ᠪᠠᠷ ᠴᠢᠷᠮᠠᠶᠢᠬᠤ ᠬᠡᠷᠡᠭᠲᠡᠢ ᠬᠡᠵᠡᠢ᠃      ᠸᠠᠩ ᠵᠢᠶᠠᠨ ᠶᠠᠷᠢᠬᠤ ᠳᠠᠭᠠᠨ᠂ ᠮᠠᠨ ᠤ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠭᠡᠯᠬᠢᠶᠡᠵᠢᠯ ᠤᠨ ᠲᠣᠭᠤᠷᠢᠨ ᠳᠤ ᠠᠷᠠᠯᠵᠢᠶᠠᠴᠢᠨ ᠤᠷᠢᠵᠤ ᠰᠢᠨ᠎ᠡ ᠶᠢ ᠡᠭᠦᠳᠬᠦ ᠠᠷᠭ᠎ᠠ ᠶᠢ ᠰᠠᠶᠢᠲᠤᠷ ᠬᠡᠷᠡᠭᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠳᠠᠳᠤ ᠡᠭᠦᠷᠭᠡ ᠶᠢ ᠴᠢᠷᠮᠠᠶᠢᠨ ᠪᠡᠶᠡᠯᠡᠭᠦᠯᠵᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠭᠡᠷᠡᠭᠳᠡᠢ᠃ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠵᠤ ᠨᠡᠩ ᠤᠯᠠᠨ ᠭᠡᠯᠬᠢᠶᠡᠵᠢᠯ ᠢ ᠤᠷᠳᠤᠳᠬᠠᠬᠤ᠂ ᠭᠡᠯᠬᠢᠶᠡᠵᠢᠯ ᠢ ᠨᠥᠬᠦᠪᠦᠷᠢᠯᠡᠬᠦ᠂  ᠭᠡᠯᠬᠢᠶᠡᠵᠢᠯ ᠢ ᠴᠢᠩᠭᠠᠳᠬᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠠᠵᠤ ᠦᠢᠯᠡᠰ ᠤᠨ ᠰᠦᠷᠦᠭᠵᠢᠯ ᠤᠨ ᠳᠠᠪᠠᠭᠤᠯᠢᠭ ᠢ ᠪᠦᠷᠢᠯᠳᠦᠭᠦᠯᠤᠨ ᠨᠡᠭᠡᠭᠡᠯᠳᠡ  ᠶᠢᠨ ᠣᠷᠣᠨ ᠤ ᠭᠤᠣᠯ ᠲᠠᠯᠠᠪᠤᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠭᠢ ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠡᠨᠧᠷᠭᠢ ᠶᠢ ᠡᠪᠴᠡᠯᠳᠦᠬᠦᠯᠬᠦ ᠵᠢᠱᠢᠶ᠎ᠡ ᠦᠵᠡᠭᠦᠯᠬᠦ ︽ᠭᠤᠷᠪᠠᠨ ᠶᠡᠭᠡ ᠤᠯᠤᠰ ᠤᠨ ᠲᠡᠰ ᠤᠨ ᠠᠵᠤ ᠦᠢᠯᠡᠰ ᠤᠨ ᠭᠤᠣᠯ ᠣᠷᠣᠨ︾ ᠢ ᠪᠦᠲᠦᠭᠡᠨ ᠪᠠᠶᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠣᠪᠣᠶᠢᠮ᠎ᠠ ᠪᠠᠶᠢᠷᠢᠨ ᠳᠤ ᠲᠠᠯᠪᠢᠨ ︽ᠬᠡᠯᠡᠭᠰᠡᠨ ᠳᠡᠭᠡᠨ ᠬᠦᠷᠬᠦ︾ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ᠂ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠷᠴᠢᠨ ᠨᠥᠬᠦᠴᠡᠯ ᠪᠠ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠵᠤ ᠬᠤᠳᠠᠯᠳᠤᠭ᠎ᠠ ᠶᠢ ᠴᠢᠬᠤᠯᠠᠴᠢᠯᠠᠵᠤ ᠴᠢᠳᠠᠪᠤᠷᠢᠲᠠᠨ ᠢ ᠬᠦᠨᠳᠦᠳᠬᠡᠬᠦ ᠨᠡᠩ ᠤᠯᠠᠨ ᠠᠷᠭ᠎ᠠ ᠬᠡᠮᠵᠢᠶ᠎ᠡ ᠶᠢ ᠭᠡᠷᠡᠭᠵᠢᠭᠦᠯᠤᠨ ᠪᠦᠬᠦ ᠨᠡᠶᠢᠭᠡᠮ ᠳᠤ ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠬᠤ᠂ ᠠᠵᠤ ᠠᠬᠤᠶᠢᠯᠠᠯᠲᠠᠨ ᠢ ᠬᠦᠨᠳᠦᠳᠬᠡᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠠᠵᠢᠯ ᠤᠨ ᠰᠤᠷᠲᠠᠯ ᠢ ᠬᠤᠪᠢᠷᠠᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠤᠭᠳᠠᠯᠴᠠᠭ᠎ᠠ ᠶᠢ ᠨᠠᠶᠢᠳᠠᠪᠤᠷᠢᠵᠢᠭᠤᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠭᠦ᠂ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠪᠣᠳᠠᠲᠤ ᠠᠮᠵᠢᠯᠲᠠ ᠪᠠᠷ ᠨᠤᠮᠢᠨ ᠲᠠᠩᠰᠤᠭ ᠦᠦᠰᠢᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠬᠡᠷᠡᠭᠲᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠬᠤᠷᠠᠯ ᠪᠣᠯᠣᠨ ᠬᠠᠮᠢᠶ᠎ᠠ ᠪᠦᠬᠦᠢ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ 2022 ᠣᠨ ᠤ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠪᠠᠶᠢᠳᠠᠯ᠂ 2022 ᠣᠨ ᠤ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠮᠡᠳᠡᠭᠳᠡᠪᠡ᠃ ᠪᠠᠰᠠ ᠬᠤᠯᠪᠣᠭᠳᠠᠯ ᠪᠦᠬᠦᠢ ᠠᠵᠤ ᠠᠬᠤᠶᠢᠯᠠᠯ ᠳᠤ ᠱᠠᠩᠨᠠᠯ ᠤᠯᠭᠤᠵᠤ ︽2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠳᠠᠳᠤ ᠡᠭᠦᠷᠭᠡ ᠶᠢᠨ ᠪᠢᠴᠢᠭ︾ ᠢ ᠪᠠᠭᠤᠯᠭᠠᠵᠤ ᠰᠤᠪᠤᠷᠭ᠎ᠠ ᠠᠵᠤ ᠠᠬᠤᠢ ᠶᠢᠨ ᠨᠡᠭᠡᠭᠡᠯᠳᠡ ᠶᠢᠨ ᠤᠷᠤᠨ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠬᠢᠨ ᠰᠠᠨᠠᠯ ᠢᠶᠠᠨ ᠰᠤᠯᠢᠯᠴᠠᠵᠤ ᠶᠠᠷᠢᠶ᠎ᠠ ᠲᠠᠯᠪᠢᠵᠠᠢ᠃                          ᠰᠤᠷᠪᠤᠯᠵᠢᠯᠠᠬᠴᠢ᠄ ᠯᠤᠨᠳᠤᠨᠬᠤᠸᠠᠷ  ᠾᠧ ᠵᠢᠢ ᠶᠦᠨ  ᠪᠠᠢ ᠰᠢᠤᠸᠠᠢ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ