ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ᠂ 2022 ᠣᠨ ᠳᠤ ᠪᠥᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ 490.71 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 7.7% ᠪᠠᠷ | ᠨᠡᠮᠡᠭᠳᠡᠵᠦ᠂ ᠪᠥᠬᠦ ᠤᠯᠤᠰ ᠤᠨ ᠬᠢ ᠠᠴᠠ 4.7 ᠵᠠᠭᠤᠨ ᠤ ᠨᠢᠭᠡᠴᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠠᠴᠠ 3.5 ᠵᠠᠭᠤᠨ ᠤ ᠨᠢᠭᠡᠴᠢ | ᠥᠨᠳᠥᠷ ᠪᠣᠯᠵᠤ᠂ ᠪᠥᠬᠦ ᠬᠤᠲᠠ ᠶᠢᠨ ᠬᠢ ᠠᠴᠠ 2.3 ᠵᠠᠭᠤᠨ ᠤ ᠨᠢᠭᠡᠴᠢ ᠥᠨᠳᠥᠷ ᠪᠣᠯᠵᠠᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠨᠡᠮᠡᠭᠳᠡᠯ ᠥᠷᠲᠡᠭ 24.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠵᠦ᠂ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 378.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ | ᠨᠡᠮᠡᠭᠳᠡᠪᠡ᠂ ᠡᠭᠦᠨ ᠳᠤ᠄ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 369.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 11.1% ᠪᠠᠷ ᠨᠡᠮᠡᠭᠳᠡᠵᠦ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 9.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.2% ᠢᠶᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 87.02 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 5.1᠄ 77.2᠄ 17.7 ᠪᠣᠯᠣᠨ᠎ᠠ᠃ |