ᠦᠦᠰᠢᠨ ᠬᠤᠰᠢᠭᠤᠨ ᠤ 2022 ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2023/2/15
      2022 ᠣᠨ ᠳᠤ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 15.17% ᠪᠠᠷ ᠨᠡᠮᠡᠭᠳᠡᠵᠡᠢ︔ 12 ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 183.8% ᠪᠠᠷ ᠨᠡᠮᠡᠭᠳᠡᠪᠡ᠃ ᠬᠦᠷᠢᠶ᠎ᠡ ᠬᠡᠪᠴᠢᠶ᠎ᠡ ᠪᠠᠷ ᠨᠢ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 72.7% ᠪᠠᠷ ᠨᠡᠮᠡᠭᠳᠡᠪᠡ︔ ᠠᠭᠤᠷᠬᠠᠢ ᠮᠠᠯᠲᠠᠬᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 3.8% ᠪᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.3% ᠪᠠᠷ ᠪᠠᠭᠤᠷᠠᠪᠠ︔ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43.7% ᠪᠠᠷ ᠪᠠᠭᠤᠷᠠᠪᠠ︔ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 84.5% ᠪᠠᠷ ᠨᠡᠮᠡᠭᠳᠡᠪᠡ︔ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 207.4% ᠪᠠᠷ ᠨᠡᠮᠡᠭᠳᠡᠪᠡ︔ ᠲᠠᠷᠢᠶᠠᠯᠠᠩ ᠳᠤ ᠬᠤᠯᠪᠣᠭᠳᠠᠭᠰᠠᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 286% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 139.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.7% ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.9% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 118621 ᠲᠡᠭᠰᠢ ᠳᠥᠷᠪᠡᠯᠵᠢᠨ ᠮᠧᠲᠷ ᠲᠤ ᠬᠦᠷᠴᠦ᠂ ᠨᠡᠶᠢᠲᠡ 99.5% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 47499 ᠲᠦᠮᠡᠨ ᠲᠥᠭᠦᠷᠢᠭ ᠲᠤ ᠬᠦᠷᠴᠦ᠂ ᠨᠡᠶᠢᠲᠡ 80.5% ᠪᠠᠷ ᠨᠡᠮᠡᠭᠳᠡᠪᠡ᠃       2022 ᠣᠨ ᠳᠤ᠂ ᠪᠥᠬᠦ ᠬᠤᠰᠢᠭᠤᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 28 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 15.2% ᠢᠶᠠᠷ ᠪᠠᠭᠤᠷᠠᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ  ᠬᠢ ᠠᠴᠠ 0.8% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ 74.43% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 3 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 75% ᠪᠠᠷ ᠪᠠᠭᠤᠷᠠᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ 48.2% ᠢ ᠡᠵᠡᠯᠡᠪᠡ᠃       12 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 180 ᠲᠥᠷᠦᠯ ︵ᠡᠨᠡ ᠵᠢᠯ ᠤᠨ ᠬᠥᠮᠥᠷᠭᠡ ᠳᠤ ᠣᠷᠣᠭᠤᠯᠤᠭᠰᠠᠨ 93 ᠲᠥᠷᠥᠯ ᠵᠦᠢᠯ ᠪᠠᠭᠲᠠᠨ᠎ᠠ︶ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 67᠂ 500 ᠲᠦᠮᠡ—5000 ᠲᠥᠮᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 81᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 32 ᠪᠣᠶ᠃ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 25 ᠲᠥᠷᠥᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 53.77 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ