ᠦᠦᠰᠢᠨ ᠬᠤᠰᠢᠭᠤᠨ ᠤ 2022 ᠣᠨ ᠤ ᠨᠡᠶᠢᠭᠡᠮ ᠤᠨ ᠬᠡᠷᠡᠭᠯᠡᠭᠡ ᠶᠢᠨ ᠪᠠᠶᠢᠳᠠᠯ
ᠨᠡᠶᠢᠲᠡᠯᠡᠭᠰᠡᠨ ᠴᠠᠭ᠄
2023/2/15
      2022 ᠣᠨ ᠳᠤ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 35.4 ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠨ᠂ ᠪᠦᠭᠦ ᠤᠯᠤᠰ ᠤᠨ ᠬᠢ ᠠᠴᠠ 0.3 ᠵᠠᠭᠤᠨ ᠤ ᠨᠢᠭᠡᠴᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 1.9 ᠵᠠᠭᠤᠨ ᠤ ᠨᠢᠭᠡᠴᠢ ᠥᠨᠳᠥᠷ ᠪᠣᠯᠵᠤ᠂ ᠪᠦᠭᠦ ᠬᠤᠲᠠ ᠶᠢᠨ ᠬᠢ ᠠᠴᠠ 1.1 ᠵᠠᠭᠤᠨ ᠤ ᠨᠢᠭᠡᠴᠢ ᠳᠣᠣᠷ᠎ᠠ ᠪᠣᠯᠵᠠᠢ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 27.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.1% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠣᠷᠣᠯᠭ᠎ᠠ 32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 3.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠪᠠ᠃       2022 ᠣᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ᠂ ᠡᠭᠦᠨ ᠳᠤ᠄ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 262.8% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 26.5% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.2% ᠪᠠᠷ ᠪᠠᠭᠤᠷᠠᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡᠨ ᠤ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠶᠢᠨ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠡᠢ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ