2022 ᠤᠨ ᠳᠤ ᠪᠥᠬᠦ ᠬᠤᠰᠢᠭᠤᠨ ᠤ 16 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 5.90 | ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.33% ᠪᠠᠷ ᠪᠠᠭᠤᠷᠠᠵᠤ᠂ ᠳᠡᠭᠡᠷ᠎ᠡ | ᠰᠠᠷ᠎ᠠ ᠶᠢᠨ ᠬᠢ ᠠᠴᠠ 11.38 ᠵᠠᠭᠤᠨ ᠤ ᠨᠢᠭᠡᠴᠢ ᠪᠠᠭᠤᠷᠠᠪᠠ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠥᠮᠥᠷᠭᠡ ᠳᠠᠬᠢ 4 ᠠᠵᠢᠯ ᠲᠥᠷᠥᠯ ᠤᠨ | ᠲᠥᠷᠥᠯ ᠵᠦᠢᠯ᠄ ᠵᠠᠮ ᠲᠡᠭᠡᠭᠡᠪᠦᠷᠢ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 2.38 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 9.16% ᠪᠠᠷ ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 25.92 ᠵᠠᠭᠤᠨ ᠤ ᠨᠢᠭᠡᠴᠢ ᠪᠠᠭᠤᠷᠠᠪᠠ︔ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 3.25 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.72% ᠪᠠᠷ ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 2.17 ᠵᠠᠭᠤᠨ ᠤ ᠨᠢᠭᠡᠴᠢ | ᠪᠠᠭᠤᠷᠠᠪᠠ︔ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ | ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64.29% ᠪᠠᠷ | ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 4.97 ᠵᠠᠭᠤᠨ ᠤ ᠨᠢᠭᠡᠴᠢ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ | ᠦᠢᠯᠡᠰ ᠤᠨ ᠪᠡᠶᠡᠯᠡᠬᠦᠯᠦᠭᠰᠡᠨ ᠡᠵᠡᠩᠨᠡᠯᠲᠡ ᠶᠢᠨ ᠣᠷᠣᠯᠭ᠎ᠠ 0.22 ᠳ᠋ᠦᠩᠰᠢᠭᠤᠷ ᠲᠥᠭᠦᠷᠢᠭ ᠲᠤ ᠬᠦᠷᠴᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ | ᠵᠢᠯ ᠤᠨ ᠬᠢ ᠲᠠᠢ ᠠᠳᠠᠯᠢ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 16.67 ᠵᠠᠭᠤᠨ ᠤ ᠨᠢᠭᠡᠴᠢ ᠪᠠᠭᠤᠷᠠᠪᠠ᠃ | 2022 ᠣᠨ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠯᠲᠡ ᠶᠢᠨ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 2.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.20% ᠪᠠᠭᠤᠷᠠᠵᠤ | ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠶᠡᠷᠦᠩᠬᠡᠢ ᠡᠵᠡᠩᠨᠡᠯᠲᠡ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 48. | 97% ᠳᠤ ᠬᠦᠷᠴᠡᠢ᠃ | |