ᠦᠦᠰᠢᠨ ᠬᠤᠰᠢᠭᠤᠨ ᠤ 2022 ᠣᠨ ᠤ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2023/2/15
      2022 ᠣᠨ ᠳᠤ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41589 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2271 ᠲᠥᠭᠦᠷᠢᠭ ᠨᠡᠮᠡᠭᠳᠡᠵᠦ᠂ 5.8% ᠪᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 53305 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2021 ᠲᠥᠭᠦᠷᠢᠭ ᠨᠡᠮᠡᠭᠳᠡᠵᠦ᠂ 3.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25601 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1756 ᠲᠥᠭᠦᠷᠢᠭ ᠨᠡᠮᠡᠭᠳᠡᠵᠦ᠂ 7.4% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.08᠄ 1 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.07 ᠪᠠᠷ ᠪᠠᠭᠤᠷᠠᠪᠠ᠃       2022 ᠣᠨ ᠳᠤ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 23307 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 26402 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.3% ᠪᠠᠷ ᠪᠠᠭᠤᠷᠠᠪᠠ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 19221 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠪᠠ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ