ᠰᠡᠪᠬᠦᠯ ᠭᠠᠴᠠᠭ᠎ᠠ ᠠᠵᠤ ᠦᠢᠯᠡᠰ ᠢᠶᠠᠷ ᠲᠡᠳᠬᠦᠬᠦ ᠲᠥᠷᠥᠯ ᠵᠦᠢᠯ ᠤᠨ ᠠᠰᠢᠭ ᠳᠤᠰᠠ ᠶᠢᠨ ᠬᠤᠯᠪᠤᠭᠠᠯᠠᠯ ᠤᠨ ᠬᠤᠨᠢ ᠬᠤᠪᠢᠶᠠᠯ᠎ᠠ
ᠨᠡᠶᠢᠲᠡᠯᠡᠭᠰᠡᠨ ᠴᠠᠭ᠄
2023/2/17
      2 ᠰᠠᠷ᠎ᠠ ᠶᠢᠨ 11 ᠤ ᠡᠳᠦᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠨᠢᠭᠳᠠ ᠤᠶᠠᠯᠳᠤᠭᠤᠯᠵᠤ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ︾ ᠬᠠᠷᠠᠯᠲᠠ ᠶᠢ ᠪᠡᠶᠡᠯᠡᠬᠦᠯᠦᠨ᠂ ᠨᠡᠩ ᠤᠯᠠᠨ ᠮᠠᠯᠴᠢᠨ ᠲᠠᠷᠢᠶᠠᠴᠢᠨ ᠳᠤ ᠠᠵᠤ ᠦᠢᠯᠡᠰ ᠢᠶᠠᠷ ᠲᠡᠳᠬᠦᠨ ᠳᠡᠮᠵᠢᠬᠦ ᠲᠥᠷᠥᠯ ᠵᠦᠢᠯ ᠢ ᠡᠳ᠋ᠯᠡᠬᠦᠯᠬᠦ ᠶᠢᠨ ᠲᠦᠯᠦᠭᠡ᠂ ᠭᠠᠯᠠᠭᠤᠲᠤ ᠪᠠᠯᠭᠠᠰᠤᠨ ᠤ ᠰᠡᠪᠬᠦᠯ ᠭᠠᠴᠠᠭ᠎ᠠ ᠨᠢ ᠠᠵᠤ ᠦᠢᠯᠡᠰ ᠢᠶᠠᠷ ᠲᠡᠳᠬᠦᠨ ᠳᠡᠮᠵᠢᠬᠦ ᠲᠥᠷᠥᠯ ᠵᠦᠢᠯ ᠤᠨ ᠠᠰᠢᠭ ᠳᠤᠰᠠ ᠶᠢᠨ ᠬᠤᠯᠪᠤᠭᠠᠯᠠᠯ ᠤᠨ ᠬᠤᠨᠢ ᠬᠤᠪᠢᠶᠠᠬᠤ ᠠᠵᠢᠯᠯᠠᠭ᠎ᠠ ᠶᠢ ᠥᠷᠨᠢᠬᠦᠯᠦᠭᠰᠡᠨ ᠪᠠᠶᠢᠨ᠎ᠠ᠃
1.jpg
2.jpg
3.jpg
4.jpg
5.jpg
       ᠡᠨᠡ ᠣᠳᠠᠭᠠᠨ ᠤ ᠠᠵᠢᠯᠯᠠᠭ᠎ᠠ ᠳᠤ᠂ 19 ᠣᠷᠳᠣᠰ ᠨᠠᠷᠢᠨ ᠨᠤᠤᠰᠤᠳᠤ ᠲᠦᠯᠵᠢᠬᠦ ᠬᠤᠨᠢ ᠶᠢ ᠶᠠᠳᠠᠭᠤ ᠠᠴᠠ ᠠᠩᠬᠢᠵᠢᠷᠠᠭᠰᠠᠨ ᠬᠦᠴᠢᠷᠳᠡᠯᠲᠡᠢ ᠡᠷᠦᠬᠡ ᠂ ᠬᠢᠨᠠᠨ ᠰᠢᠯᠭᠠᠵᠤ ᠪᠠᠶᠢᠭ᠎ᠠ ᠡᠷᠦᠬᠡ᠂ ᠭᠦᠴᠢᠷᠳᠡᠯᠳᠠᠢ ᠨᠠᠮ ᠤᠨ ᠭᠡᠰᠢᠭᠦᠨ ᠡᠷᠣᠬᠡ ᠵᠡᠷᠭᠡ ᠳᠤ ᠬᠤᠪᠢᠶᠠᠨ ᠥᠭᠴᠥ ᠭᠦᠴᠢᠷᠳᠡᠯᠳᠠᠢ ᠲᠦᠮᠡᠨ ᠢ ᠳᠤᠰᠠᠯᠠᠨ ᠣᠷᠳᠣᠰ ᠨᠠᠷᠢᠨ ᠨᠣᠣᠰᠤᠲᠤ ᠬᠤᠨᠢ ᠮᠠᠯᠵᠢᠵᠤ ᠤᠷᠤᠯᠭ᠎ᠠ ᠪᠠᠨ ᠨᠡᠮᠡᠭᠳᠡᠬᠦᠯᠬᠦ ᠳᠤ ᠨᠢ ᠰᠠᠭᠤᠷᠢ ᠲᠠᠯᠪᠢᠭᠰᠠᠨ ᠪᠠᠶᠢᠨ᠎ᠠ᠃                           ᠰᠤᠷᠪᠤᠯᠵᠢᠯᠠᠭᠴᠢ᠄ ᠬᠠᠰᠪᠤᠶᠠᠨᠲᠤ  ᠸᠠᠩ ᠨᠠ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ